ᠡᠪᠦᠯ ᠤᠨ ᠠᠮᠠᠷᠠᠯᠲᠠ ᠰᠡᠭᠦᠯ ᠰᠢᠪᠲᠤᠷᠠᠵᠤ᠂ ᠰᠤᠷᠭᠠᠭᠤᠯᠢ ᠡᠬᠢᠯᠡᠬᠦ ᠠᠴᠠ ᠡᠮᠦᠨᠡᠬᠢ ᠪᠡᠯᠡᠳᠬᠡᠯ ᠢ ᠰᠠᠶᠢᠲᠤᠷ ᠬᠢᠬᠦ | ᠴᠠᠭ ᠬᠦᠷᠴᠦ ᠢᠷᠡᠪᠡ᠃ ᠡᠯ᠎ᠡ ᠲᠠᠯ᠎ᠠ ᠶᠢᠨ ᠪᠡᠯᠡᠳᠬᠡᠯ ᠢ ᠭᠦᠢᠴᠡᠳ ᠬᠢᠵᠦ᠂ ᠰᠢᠨ᠎ᠡ ᠰᠤᠷᠤᠯᠭ᠎ᠠ ᠶᠢᠨ | ᠬᠤᠭᠤᠴᠠᠭ᠎ᠠ ᠶᠢ ᠰᠠᠶᠢᠬᠠᠨ ᠡᠬᠢᠯᠡᠭᠦᠯᠵᠦ᠂ ᠬᠡᠦᠬᠡᠳ ᠢ ᠬᠠᠪᠰᠤᠷᠤᠨ ᠨᠡᠩ ᠬᠤᠷᠳᠤᠨ ᠢᠶᠠᠷ ᠰᠤᠷᠤᠯᠴᠠᠬᠤ | ᠣᠷᠴᠢᠨ ᠳᠤ ᠨᠢ ᠳᠠᠰᠬᠠᠬᠤ ᠬᠡᠷᠡᠭᠲᠡᠢ᠃ ᠲᠡᠭᠡᠪᠡᠯ ᠬᠡᠦᠬᠡᠳ ᠰᠤᠷᠭᠠᠭᠤᠯᠢ ᠡᠬᠢᠯᠡᠬᠦ ᠠᠴᠠ ᠡᠮᠦᠨ᠎ᠡ ᠶᠠᠮᠠᠷ ᠶᠠᠮᠠᠷ | ᠪᠡᠯᠡᠳᠬᠡᠯ ᠢ ᠬᠢᠬᠦ ᠴᠢᠬᠤᠯᠠ ᠲᠠᠢ ᠪᠣᠢ︖ ᠬᠠᠮᠤᠭ ᠤᠨ ᠪᠦᠷᠢᠨ ᠰᠤᠷᠭᠠᠭᠤᠯᠢ ᠡᠬᠢᠯᠡᠬᠦ ᠪᠡᠯᠡᠳᠬᠡᠯ ᠢ ᠠᠳᠡ | ᠲᠠᠨᠢᠯᠴᠠᠭᠤᠯᠤᠶ᠎ᠠ︕ | ᠠᠮᠢᠳᠤᠷᠠᠯ ᠤᠨ ᠲᠠᠯ᠎ᠠ ᠪᠠᠷ ᠬᠢ ᠪᠡᠯᠡᠳᠬᠡᠯ | ᠬᠡᠦᠬᠡᠳ ᠲᠠᠢ ᠪᠠᠨ ᠬᠠᠮᠲᠤ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ᠨᠢ ᠡᠷᠭᠢᠴᠡᠭᠦᠯᠦᠨ᠎ᠡ᠃ ᠭᠡᠷ ᠤᠨ | ᠠᠬᠠᠮᠠᠳ ᠬᠡᠦᠬᠡᠳ ᠲᠠᠢ ᠪᠠᠨ ᠬᠠᠮᠲᠤ ᠠᠮᠠᠷᠠᠯᠲᠠ ᠶᠢᠨ ᠬᠤᠭᠤᠴᠠᠭᠠᠨ ᠤ ᠠᠮᠢᠳᠤᠷᠠᠯ ᠢ ︽ᠺᠢᠨᠣ᠋ ᠪᠤᠴᠠᠭᠠᠵᠤ ᠦᠵᠡᠬᠦ︾ | ᠮᠡᠲᠦ ᠪᠠᠷ ᠨᠢᠭᠡ ᠤᠳᠠᠭ᠎ᠠ ᠡᠷᠭᠢᠴᠡᠭᠦᠯᠵᠦ᠂ ᠠᠮᠠᠷᠠᠯᠲᠠ ᠶᠢᠨ ᠬᠤᠭᠤᠴᠠᠭᠠᠨ ᠤ ᠲᠥᠯᠥᠪᠯᠡᠭᠡ ᠲᠠᠢ ᠪᠠᠨ | ᠬᠠᠷᠢᠴᠠᠭᠤᠯᠤᠨ᠂ ᠠᠯᠢ ᠶᠢ ᠨᠢ ᠨᠢᠭᠡᠨᠲᠡ ᠳᠠᠭᠤᠰᠬᠠᠭᠰᠠᠨ᠂ ᠠᠯᠢ ᠶᠢ ᠨᠢ ᠠᠷᠠᠢ ᠳᠠᠭᠤᠰᠬᠠᠭ᠎ᠠ ᠦᠭᠡᠢ ᠶᠢ | ᠲᠣᠳᠤᠯᠠᠨᠠ᠃ ᠬᠠᠮᠲᠤ ᠳᠤ ᠪᠠᠨ ᠣᠯᠤᠯᠲᠠ ᠪᠠ ᠬᠠᠷᠠᠮᠰᠠᠯ ︵ᠣᠩᠰᠢᠯᠭ᠎ᠠ᠂ ᠵᠤᠭᠠᠴᠠᠯ᠂ ᠠᠮᠠᠷᠠᠯᠲᠠ᠂ ᠨᠠᠭᠠᠳᠤᠮ᠂ | ᠬᠠᠷᠢᠯᠴᠠᠭ᠎ᠠ ᠵᠡᠷᠭᠡ︶ ᠢᠶᠠᠨ ᠬᠤᠪᠢᠶᠠᠯᠴᠠᠬᠤ ᠶᠢᠨ ᠬᠠᠮᠲᠤ ᠳᠠᠷᠤᠢ ᠳᠤ ᠨᠢ ᠳᠤᠷᠰᠢᠯᠭ᠎ᠠ ᠪᠠᠨ ᠳ᠋ᠦᠩᠨᠡᠨ ᠰᠢᠯᠲᠠᠭᠠᠨ ᠢ | ᠵᠠᠳᠠᠯᠤᠨ᠎ᠠ᠃ | ᠬᠡᠦᠬᠡᠳ ᠢ ᠬᠠᠪᠰᠤᠷᠤᠨ ᠰᠡᠳᠬᠢᠯ ᠢ ᠨᠢ ᠬᠤᠷᠢᠶᠠᠯᠭᠠᠵᠤ᠂ ᠡᠳᠦᠷ ᠲᠤᠲᠤᠮ ᠤᠨ ᠬᠡᠪ ᠤᠨ ᠪᠠᠶᠢᠳᠠᠯ ᠳᠤ ᠨᠢ | ᠪᠤᠴᠠᠭᠠᠨ᠎ᠠ᠃ ᠠᠮᠠᠷᠠᠯᠲᠠ ᠶᠢᠨ ᠬᠤᠭᠤᠴᠠᠭᠠᠨ ᠳᠤ ᠬᠡᠦᠬᠡᠳ ᠤᠨ ᠰᠡᠳᠬᠢᠯ ᠨᠡᠯᠢᠶᠡᠳ ᠰᠤᠯᠠᠷᠠᠵᠤ᠂ ᠬᠠᠷᠢᠨ | ᠰᠤᠷᠭᠠᠭᠤᠯᠢ ᠡᠬᠢᠯᠡᠭᠰᠡᠨ ᠤ ᠳᠠᠷᠠᠭ᠎ᠠ ᠬᠠᠷᠢᠴᠠᠩᠭᠤᠢ ᠪᠠᠴᠢᠮ ᠪᠠᠶᠢᠳᠠᠯ ᠳᠤ ᠣᠷᠣᠳᠠᠭ᠂ ᠡᠨᠡ ᠬᠦ ᠪᠠᠶᠢᠳᠠᠯ ᠢ | ᠵᠣᠬᠢᠴᠠᠭᠤᠯᠬᠤ ᠳᠤ ᠬᠡᠰᠡᠭ ᠬᠤᠭᠤᠴᠠᠭ᠎ᠠ ᠬᠡᠷᠡᠭᠰᠡᠨ᠎ᠡ᠃ ᠡᠭᠦᠨ ᠳᠤ ᠭᠡᠷ ᠤᠨ ᠠᠬᠠᠮᠠᠳ ᠬᠡᠲᠦᠷᠬᠡᠢ ᠰᠠᠨᠲᠤᠷᠴᠤ | ᠪᠣᠯᠬᠤ ᠦᠭᠡᠢ᠂ ᠬᠡᠦᠬᠡᠳ ᠢ ᠬᠠᠪᠰᠤᠷᠤᠨ ᠰᠡᠳᠬᠢᠯ ᠢ ᠨᠢ ᠠᠭᠠᠵᠢᠮ ᠬᠤᠷᠢᠶᠠᠯᠭᠠᠵᠤ᠂ ᠬᠡᠦᠬᠡᠳ ᠤᠨ ᠪᠣᠳᠣᠯ ᠢ | ᠢᠯᠡᠭᠦᠬᠡᠨ ᠣᠶᠢᠯᠠᠭᠠᠵᠤ᠂ ᠬᠡᠦᠬᠡᠳ ᠤᠨ ᠰᠡᠳᠬᠢᠯ ᠢ ᠠᠭᠠᠵᠢᠮ ᠢᠶᠠᠷ ᠲᠠᠶᠢᠪᠤᠭᠤᠨ ᠪᠣᠯᠭᠠᠨ᠎ᠠ᠃ | ᠬᠡᠦᠬᠡᠳ ᠢ ᠬᠥᠲᠥᠯᠥᠨ ᠵᠢᠯᠣᠭᠤᠳᠴᠤ ᠠᠮᠢᠳᠤ ᠪᠣᠳᠠᠰ ᠤᠨ ᠴᠠᠭ ᠢ ᠲᠣᠬᠢᠷᠠᠭᠤᠯᠤᠨ᠎ᠠ᠃ ᠮᠠᠰᠢ ᠣᠯᠠᠨ | ᠬᠡᠦᠬᠡᠳ ᠠᠮᠠᠷᠠᠯᠲᠠ ᠶᠢᠨ ᠬᠤᠭᠤᠴᠠᠭᠠᠨ ᠳᠤ ᠣᠷᠣᠢ ᠤᠨᠲᠠᠵᠤ᠂ ᠣᠷᠣᠢ ᠪᠣᠰᠬᠤ ᠮᠠᠭᠤ ᠳᠠᠳᠬᠠᠯ ᠲᠠᠢ ᠪᠣᠯᠵᠤ᠂ | ᠤᠷᠢᠳᠴᠢᠯᠠᠨ ᠲᠣᠬᠢᠷᠠᠭᠤᠯᠬᠤ ᠦᠭᠡᠢ ᠪᠣᠯ ᠰᠤᠷᠭᠠᠭᠤᠯᠢ ᠡᠬᠢᠯᠡᠬᠦ ᠦᠶ᠎ᠡ ᠳᠤ ᠠᠩᠬᠠᠷᠤᠯ ᠲᠥᠪᠯᠡᠷᠡᠬᠦ ᠦᠭᠡᠢ᠂ ᠴᠤᠭ | ᠰᠦᠯᠳᠡ ᠦᠭᠡᠢ ᠪᠠᠶᠢᠵᠤ᠂ ᠰᠤᠷᠤᠯᠴᠠᠬᠤ ᠣᠷᠴᠢᠨ ᠳᠤ ᠪᠠᠨ ᠵᠣᠬᠢᠴᠠᠬᠤ ᠶᠢ ᠨᠥᠯᠥᠭᠡᠯᠡᠳᠡᠭ᠃ | ᠭᠡᠷ ᠤᠨ ᠠᠬᠠᠮᠠᠳ ᠬᠡᠦᠬᠡᠳ ᠲᠠᠢ ᠪᠠᠨ ᠬᠠᠮᠲᠤ ᠰᠤᠷᠭᠠᠭᠤᠯᠢ ᠶᠢᠨ ᠠᠮᠢᠳᠤᠷᠠᠯ ᠳᠤ ᠵᠣᠬᠢᠴᠠᠬᠤ ᠴᠠᠭ ᠤᠨ | ᠬᠦᠰᠦᠨᠦᠭᠲᠦ ᠲᠣᠭᠲᠠᠭᠠᠵᠤ᠂ ᠡᠩ ᠤᠨ ᠰᠤᠷᠭᠠᠭᠤᠯᠢ ᠳᠤ ᠣᠴᠢᠬᠤ ᠴᠠᠭ ᠲᠤ ᠪᠣᠰᠬᠠᠵᠤ᠂ ᠤᠨᠲᠠᠭᠤᠯᠵᠤ᠂ | ᠰᠤᠷᠤᠯᠴᠠᠭᠤᠯᠵᠤ᠂ ᠬᠥᠳᠡᠯᠭᠡᠭᠡᠨ ᠬᠢᠯᠭᠡᠨ᠎ᠡ᠂ ᠠᠵᠢᠯᠯᠠᠵᠤ ᠠᠮᠠᠷᠠᠬᠤ ᠴᠠᠭ ᠢ ᠨᠢ ᠡᠮᠬᠢ ᠵᠢᠷᠤᠮ ᠲᠠᠢ ᠪᠣᠯᠭᠠᠪᠠᠯ᠂ | ᠰᠤᠷᠭᠠᠭᠤᠯᠢ ᠶᠢᠨ ᠠᠮᠢᠳᠤᠷᠠᠯ ᠳᠤ ᠨᠡᠩ ᠲᠦᠷᠭᠡᠨ ᠵᠣᠬᠢᠴᠠᠬᠤ ᠪᠣᠯᠤᠨ᠎ᠠ᠃ | |