| | | 2024 ᠣᠨ ᠤ 10 ᠰᠠᠷ᠎ᠠ ᠳᠤ᠂ ᠤᠮᠠᠷᠠᠲᠤ ᠶᠢᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ | ᠳᠤᠮᠳᠠᠳᠤ ᠰᠤᠷᠭᠠᠭᠤᠯᠢ ᠶᠢᠨ ᠰᠤᠷᠤᠭᠴᠢᠳ ᠤᠮᠠᠷᠠᠲᠤ ᠶᠢᠨ ᠦᠨᠳᠦᠰᠦᠲᠡᠨ ᠤ ᠶᠡᠭᠡ ᠰᠤᠷᠭᠠᠭᠤᠯᠢ ᠶᠢᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠣᠶᠣᠯ ᠤᠨ ᠬᠤᠩᠭᠢᠯ ᠢ ᠲᠣᠭᠤᠷᠢᠨ ᠦᠵᠡᠪᠡ᠃ ᠢᠷᠡᠯᠲᠡ᠄ | ᠤᠮᠠᠷᠠᠲᠤ ᠶᠢᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ | ᠶᠡᠭᠡ ᠳᠡᠭᠡᠳᠦ ᠰᠤᠷᠭᠠᠭᠤᠯᠢ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠬᠥᠮᠦᠵᠢᠯ ᠢ ᠥᠷᠨᠢᠭᠦᠯᠬᠦ ᠴᠢᠬᠤᠯᠠ ᠵᠢᠭᠰᠠᠭᠠᠯ ᠤᠨ ᠭᠠᠵᠠᠷ ᠮᠥᠨ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ ᠬᠦᠨᠳᠦ | ᠡᠭᠦᠷᠭᠡ ᠶᠢ ᠡᠭᠦᠷᠭᠡᠯᠡᠵᠦ ᠪᠠᠶᠢᠨ᠎ᠠ᠃ ᠤᠬᠠᠮᠰᠠᠷ ᠠᠴᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ | ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠯᠤᠭ᠎ᠠ ᠠᠭᠤᠰᠤᠯᠴᠠᠭᠤᠯᠵᠤ᠂ ︽ᠭᠤᠷᠪᠠᠨ ᠪᠦᠬᠦ ᠲᠠᠯ᠎ᠠ ᠪᠠᠷ | ᠬᠥᠮᠦᠨ ᠢ ᠬᠥᠮᠦᠵᠢᠭᠦᠯᠬᠦ︾ ᠰᠢᠰᠲ᠋ᠧᠮ ᠪᠣᠯᠤᠨ ︽ᠶᠡᠭᠡ ᠦᠵᠡᠯ ᠰᠠᠨᠠᠭ᠎ᠠ ᠤᠯᠤᠰ ᠲᠦᠷᠦ︾ ᠶᠢᠨ ᠠᠵᠢᠯ ᠤᠨ | ᠪᠠᠶᠢᠷᠢᠰᠢᠯ ᠯᠤᠭ᠎ᠠ ᠠᠭᠤᠰᠤᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠪᠦᠬᠦ ᠶᠠᠪᠤᠴᠠ ᠳᠤ ᠲᠤᠭᠤᠰᠢᠯᠠᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ | ᠴᠢᠬᠤᠯᠠᠴᠢᠯᠠᠪᠠ᠃ | ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠦᠵᠡᠯ ᠤᠬᠠᠮᠰᠠᠷ ᠤᠨ ᠬᠥᠮᠦᠵᠢᠯ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠪᠣᠯ | ᠨᠢᠭᠡᠨ ᠰᠢᠰᠲ᠋ᠧᠮᠲᠦ ᠢᠨᠵᠧᠨᠧᠷᠢᠩ ᠮᠥᠨ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ | ᠲᠦᠷᠦ ᠶᠢᠨ ᠬᠢᠴᠢᠶᠡᠯ ᠢ ᠨᠢᠭᠡ ᠴᠤᠬᠴᠠᠵᠢᠭᠤᠯᠬᠤ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ | ᠦᠨᠳᠦᠰᠦᠲᠡᠨ ᠨᠦᠭᠦᠳ ᠤᠨ ᠰᠤᠷᠤᠭᠴᠢᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠥᠷᠭᠡᠨ ᠢᠶᠠᠷ | ᠶᠠᠪᠤᠯᠴᠠᠭᠤᠯᠵᠤ᠂ ᠪᠦᠬᠦ ᠲᠠᠯ᠎ᠠ ᠪᠠᠷ ᠰᠣᠯᠢᠯᠴᠠᠭᠤᠯᠵᠤ᠂ ᠭᠦᠨᠵᠡᠭᠡᠢ ᠠᠭᠤᠰᠤᠯᠴᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠮᠦᠰ ᠤᠨ ᠰᠡᠳᠬᠢᠯ ᠳᠤ | ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ᠃ | ︽ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠢ ᠰᠠᠶᠢᠲᠤᠷ ᠡᠷᠭᠢᠯᠡᠨ᠎ᠡ᠃ ᠶᠡᠭᠡ ᠳᠡᠭᠡᠳᠦ | ᠰᠤᠷᠭᠠᠭᠤᠯᠢ ᠲᠦᠷᠦᠭᠦᠯᠡᠨ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠷᠭᠠᠨ ᠬᠥᠮᠦᠵᠢᠯ ᠢ ᠨᠢᠭᠡ ᠴᠤᠬᠴᠠᠵᠢᠭᠤᠯᠬᠤ | ᠪᠠᠶᠢᠭᠤᠯᠤᠯᠲᠠ ᠶᠢᠨ ᠬᠤᠯᠪᠣᠭ᠎ᠠ ᠶᠢ ᠵᠣᠬᠢᠶᠠᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠷᠭᠠᠨ ᠬᠥᠮᠦᠵᠢᠯ ᠤᠨ ᠡᠯᠧᠮᠧᠨ᠋ᠲ ᠢ ᠭᠦᠨᠵᠡᠭᠡᠶ ᠠᠭᠤᠳᠠᠯᠵᠤ᠂ | ᠬᠢᠴᠢᠶᠡᠯ ᠤᠨ ᠲᠢᠩᠬᠢᠮ ᠤᠨ ᠵᠢᠭᠠᠨ ᠰᠤᠷᠭᠠᠯᠲᠠ ᠪᠠ ᠦᠢᠯᠡᠳᠦᠯᠭᠡ ᠶᠢᠨ ᠵᠢᠭᠠᠨ ᠰᠤᠷᠭᠠᠯᠲᠠ ᠶᠢ ᠬᠠᠷᠢᠯᠴᠠᠨ | ᠤᠶᠠᠯᠳᠤᠭᠤᠯᠵᠤ᠂ ᠨᠢᠭᠡᠳᠦᠭᠡᠷ ᠬᠢᠴᠢᠶᠡᠯ ᠤᠨ ᠲᠢᠩᠬᠢᠮ ᠪᠠ ᠬᠤᠶᠠᠳᠤᠭᠠᠷ ᠬᠢᠴᠢᠶᠡᠯ ᠤᠨ ᠲᠢᠩᠬᠢᠮ ᠢ ᠬᠠᠷᠢᠯᠴᠠᠨ | ᠵᠣᠯᠭᠠᠭᠤᠯᠵᠤ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ᠂ ᠡᠯ᠎ᠡ | ᠰᠤᠷᠤᠯᠭ᠎ᠠ ᠶᠢᠨ ᠱᠠᠲᠤᠨ ᠤ ᠦᠵᠡᠯ ᠰᠠᠨᠠᠭ᠎ᠠ ᠤᠯᠤᠰ ᠲᠥᠷᠥ ᠶᠢᠨ ᠵᠢᠭᠠᠨ ᠰᠤᠷᠭᠠᠯᠲᠠ ᠶᠢᠨ ᠱᠠᠭᠠᠷᠳᠠᠯᠭ᠎ᠠ ᠳᠤ | ᠨᠡᠶᠢᠴᠡᠭᠰᠡᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠦᠢᠮᠣ︾ ᠦᠵᠡᠯ ᠰᠠᠨᠠᠭ᠎ᠠ ᠤᠯᠤᠰ | ᠲᠥᠷᠥ ᠶᠢᠨ ︽ᠠᠯᠲᠠᠨ ᠬᠢᠴᠢᠶᠡᠯ︾ ᠢ ᠴᠣᠭᠴᠠᠯᠠᠵᠤ᠂ ᠦᠨᠳᠦᠰᠦᠲᠡᠨ ᠨᠦᠭᠦᠳ ᠤᠨ ᠰᠤᠷᠤᠭᠴᠢᠳ ᠢ ᠬᠥᠲᠥᠯᠥᠨ | ᠵᠢᠯᠣᠭᠤᠳᠴᠤ ᠪᠠᠶᠢᠭᠠᠳ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ | ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠶ | ᠬᠠᠮᠲᠤ ᠶᠢᠨ ᠲᠠᠨᠢᠯᠲᠠ ᠶᠢ ᠲᠠᠰᠤᠷᠠᠯᠲᠠ ᠥᠬᠡᠶ ᠴᠢᠩᠭᠠᠷᠠᠭᠤᠯᠵᠤ ᠪᠣᠯᠤᠨ᠎ᠠ᠃ | ︽ᠰᠣᠳᠣᠨ ᠬᠢᠴᠢᠶᠡᠯ ᠤᠨ ᠰᠦᠷᠦᠭ︾ ᠢ ᠡᠭᠦᠳᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠢᠴᠢᠶᠡᠯ ᠤᠨ ᠰᠤᠷᠭᠠᠨ ᠬᠥᠮᠦᠵᠢᠯ ᠤᠨ ᠪᠦᠬᠦ ᠶᠠᠪᠤᠴᠠ ᠳᠤ | ᠠᠭᠤᠰᠤᠯᠴᠠᠭᠤᠯᠬᠤ ᠬᠡᠷᠡᠭᠲᠡᠶ᠂ ᠳᠡᠭᠡᠳᠦ ᠰᠤᠷᠭᠠᠭᠤᠯᠢ ᠶᠢᠨ ᠣᠯᠠᠨ ᠰᠢᠨᠵᠢᠯᠡᠭᠡᠨ ᠤ ᠶᠡᠷᠦᠩᠬᠡᠶᠢᠯᠡᠭᠰᠡᠨ ᠳᠠᠪᠠᠭᠤᠯᠢᠭ ᠢ | ᠭᠦᠶ᠋ᠴᠡᠳ ᠪᠠᠳᠠᠷᠠᠭᠤᠯᠤᠨ᠎ᠠ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠡᠯ᠎ᠡ ᠰᠤᠷᠤᠯᠭ᠎ᠠ ᠶᠢᠨ ᠬᠡᠰᠡᠭ ᠤᠨ | ᠲᠣᠭᠤᠷᠢᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠣᠳᠠᠲᠤ ᠬᠡᠷᠡᠭᠴᠡᠭᠡ᠂ ︽ᠣᠨᠣᠯ + ᠦᠢᠯᠡᠳᠦᠯᠭᠡ︾ ᠬᠤᠤᠰ | ᠬᠡᠮᠵᠢᠯᠳᠦ ᠰᠤᠷᠭᠠᠨ ᠬᠥᠮᠦᠵᠢᠯ ᠤᠨ ᠬᠢᠴᠢᠶᠡᠯ ᠤᠨ ᠰᠢᠰᠲ᠋ᠧᠮᠵᠢ ᠶᠢ ᠪᠠᠶᠢᠭᠤᠯᠤᠨ᠎ᠠ᠂ ᠪᠦᠬᠦ ᠲᠠᠯ᠎ᠠ ᠶᠢ ᠬᠠᠮᠤᠷᠬᠤ ᠶᠢ | ᠨᠠᠷᠢᠯᠢᠭ ᠴᠣᠭᠴᠠᠯᠠᠨ᠎ᠠ᠂ ᠲᠦᠷᠦᠯ ᠵᠦᠢᠯ ᠨᠢ ᠪᠠᠶᠠᠯᠢᠭ᠂ ᠳᠡᠰ ᠳᠠᠪᠬᠤᠷᠭ᠎ᠠ ᠠᠬᠢᠬᠤ᠂ ᠬᠠᠷᠢᠯᠴᠠᠨ | ᠲᠤᠯᠭᠠᠭᠤᠷᠢᠯᠠᠭᠰᠠᠨ ︽ᠶᠡᠭᠡ ᠣᠨᠣᠯ︾ ᠤᠨ ᠬᠢᠴᠢᠶᠡᠯ᠂ ᠨᠢᠭᠡ ᠪᠦᠯᠦᠭ ᠭᠤᠤᠯ ᠰᠡᠳᠦᠪ ᠢᠯᠡ ᠲᠣᠳᠣ᠂ | ᠣᠷᠣᠯᠴᠠᠬᠤ ᠴᠢᠨᠠᠷ ᠥᠨᠳᠥᠷ᠂ ᠨᠥᠯᠥᠭᠡᠯᠡᠬᠦ ᠬᠦᠴᠦᠨ ᠢᠶᠠᠷ ᠴᠢᠩᠭ᠎ᠠ ᠣᠨᠴᠠᠯᠢᠭᠲᠤ ᠦᠢᠯᠡᠳᠦᠯᠭᠡ ᠶᠢᠨ ᠬᠢᠴᠢᠶᠡᠯ᠂ | ᠬᠢᠴᠢᠶᠡᠯ ᠤᠨ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠦᠨᠡᠨ ᠬᠦ ᠪᠣᠳᠠᠲᠠᠶ | ᠪᠥᠭᠡᠳ ᠪᠦᠲᠦᠮᠵᠢᠲᠡᠶ ᠪᠣᠯᠭᠠᠨ᠎ᠠ᠃ | ︽ᠱᠠᠲᠤᠯᠢᠭ ᠰᠤᠷᠭᠠᠨ ᠬᠥᠮᠦᠵᠢᠯ ᠤᠨ ᠬᠡᠯᠬᠢᠶ᠎ᠡ︾ ᠶᠢ ᠴᠣᠭᠴᠠᠯᠠᠨ᠎ᠠ᠃ ᠬᠥᠮᠦᠨ ᠬᠥᠮᠦᠵᠢᠭᠦᠯᠬᠦ ᠠᠷᠭ᠎ᠠ ᠮᠠᠶ᠋ᠢᠭ | ᠂ ᠰᠤᠷᠭᠠᠭᠤᠯᠢ ᠡᠷᠬᠢᠯᠡᠬᠦ ᠵᠠᠭᠪᠤᠷ᠂ ᠬᠠᠮᠢᠶᠠᠷᠤᠯᠲᠠ ᠶᠢᠨ ᠪᠠᠶᠢᠭᠤᠯᠤᠯ᠂ ᠪᠠᠲᠤᠯᠠᠭ᠎ᠠ ᠶᠢᠨ ᠲᠣᠭᠲᠠᠴᠠ ᠶᠢᠨ | ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠤᠷᠭᠠᠭᠤᠯᠢ | ᠭᠡᠷ ᠪᠦᠯᠢ ᠨᠡᠶᠢᠭᠡᠮ ᠬᠠᠮᠵᠢᠯᠴᠠᠨ ᠬᠥᠮᠦᠨ ᠬᠥᠮᠦᠵᠢᠭᠦᠯᠬᠦ ᠲᠣᠭᠲᠠᠴᠠ ᠶᠢ ᠪᠦᠷᠢᠨᠰᠢᠭᠦᠯᠦᠨ᠂ ᠰᠤᠷᠤᠭᠴᠢᠳ ᠤᠨ | ᠲᠠᠨᠢᠨ ᠮᠡᠳᠡᠬᠦᠶ᠂ ᠰᠡᠳᠬᠢᠯᠭᠡ᠂ ᠵᠣᠷᠢᠭ ᠰᠠᠨᠠᠭ᠎ᠠ ᠵᠢᠴᠢ ᠨᠡᠶᠢᠭᠡᠮᠴᠢ ᠴᠢᠨᠠᠷᠲᠠᠶ ᠬᠥᠭᠵᠢᠯᠲᠡ ᠶᠢᠨ ᠠᠳᠠᠯᠢ ᠪᠤᠰᠤ | ᠱᠠᠲᠤ ᠦᠶ᠎ᠡ ᠶᠢ ᠶᠡᠷᠦᠩᠬᠡᠶᠢᠯᠡᠨ ᠪᠣᠳᠣᠯᠬᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠦᠵᠡᠯ ᠤᠬᠠᠮᠰᠠᠷ ᠤᠨ ᠬᠥᠮᠦᠵᠢᠯ ᠢ ᠪᠠᠲᠤ ᠴᠣᠭᠴᠠᠯᠠᠬᠤ ᠶᠢ ᠪᠣᠳᠠᠲᠤ ᠠᠬᠤᠶ ᠯᠤᠭ᠎ᠠ ᠨᠢᠭᠲᠠ ᠵᠣᠯᠭᠠᠯᠳᠤᠭᠤᠯᠬᠤ᠂ | ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ᠂ ᠡᠯ᠎ᠡ ᠰᠤᠷᠤᠯᠭ᠎ᠠ ᠶᠢᠨ ᠱᠠᠲᠤ ᠯᠤᠭ᠎ᠠ ᠪᠦᠬᠦ ᠲᠠᠯ᠎ᠠ ᠪᠠᠷ ᠵᠣᠬᠢᠴᠠᠬᠤ | ᠠᠷᠭ᠎ᠠ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠤᠷᠲᠤ ᠬᠤᠭᠤᠴᠠᠭᠠᠨ ᠤ ᠪᠦᠲᠦᠮᠵᠢᠲᠡᠶ ᠬᠥᠮᠦᠨ | ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ | ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠳᠤᠮᠳᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠥᠬᠡᠶ ᠪᠠᠲᠤ ᠴᠣᠭᠴᠠᠯᠠᠬᠤ | ᠬᠡᠷᠡᠭᠲᠡᠶ᠃ ᠴᠢᠨᠠᠷ ᠰᠠᠶᠢᠲᠠᠶ ᠬᠥᠭᠵᠢᠯᠲᠡ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃ ᠶᠡᠭᠡ ᠳᠡᠭᠡᠳᠦ ᠰᠤᠷᠭᠠᠭᠤᠯᠢ ᠶᠢᠨ ᠬᠢᠨ | ᠤᠯᠤᠰ ᠤᠨ ᠪᠠᠶᠢᠯᠳᠤᠬᠤ ᠪᠣᠳᠣᠯᠭ᠎ᠠ ᠲᠠᠢ ᠨᠠᠩ ᠭᠦᠢᠴᠡᠳ ᠵᠣᠯᠭᠠᠭᠤᠯᠵᠤ᠂ ᠣᠷᠣᠨ ᠪᠦᠰᠡ ᠶᠢᠨ ᠠᠵᠤ ᠠᠬᠤᠶ | ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ ᠨᠠᠩ ᠢᠳᠡᠪᠬᠢᠲᠡᠶ ᠬᠦᠴᠦᠯᠡᠵᠦ᠂ ᠡᠯ᠎ᠡ ᠭᠠᠵᠠᠷ ᠤᠨ ᠴᠢᠨᠠᠷ | ᠰᠠᠶᠢᠲᠠᠶ ᠬᠥᠭᠵᠢᠯᠲᠡ ᠶᠢᠨ ᠬᠡᠷᠡᠭᠴᠡᠭᠡ ᠳᠤ ᠨᠠᠩ ᠰᠠᠶᠢᠲᠤᠷ ᠦᠢᠯᠡᠴᠢᠯᠡᠬᠦ ᠶᠠᠪᠤᠴᠠ ᠳᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠬᠤᠪᠢ ᠨᠡᠮᠡᠷᠢ ᠦᠵᠡᠭᠦᠯᠬᠦ | ᠬᠡᠷᠡᠭᠲᠡᠶ ᠭᠡᠵᠦ ᠴᠢᠬᠤᠯᠠᠴᠢᠯᠠᠪᠠ᠃ | ᠠᠵᠤ ᠦᠢᠯᠡᠰ ᠤᠨ ᠬᠥᠭᠵᠢᠯᠲᠡ ᠳᠤ ᠬᠠᠨᠳᠤᠭᠤᠯᠤᠨ ᠬᠡᠷᠡᠭᠯᠡᠭᠡᠨ ᠤ ᠴᠢᠳᠠᠪᠤᠷᠢᠲᠠᠨ ᠢ ᠬᠥᠮᠦᠵᠢᠭᠦᠯᠦᠨ᠎ᠡ᠃ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠰᠤᠷᠭᠠᠨ ᠬᠥᠮᠦᠵᠢᠯ ᠪᠣᠯᠤᠨ ᠠᠵᠤ ᠦᠢᠯᠡᠰ ᠤᠨ ᠡᠬᠢ ᠪᠠᠶᠠᠯᠢᠭ ᠤᠨ ᠬᠠᠮᠵᠢᠯᠴᠠᠨ ᠬᠥᠮᠦᠨ ᠬᠥᠮᠦᠵᠢᠭᠦᠯᠬᠦ | ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠷᠣᠨ ᠨᠤᠲᠤᠭ ᠲᠠᠢ ᠬᠠᠮᠲᠤ ᠪᠠᠷ ᠰᠦᠪᠡᠭᠴᠢᠯᠡᠵᠦ ᠬᠠᠮᠲᠤ ᠪᠠᠷ | ᠡᠭᠦᠳᠴᠦ ᠬᠠᠮᠲᠤ ᠪᠠᠷ ᠤᠷᠤᠭᠰᠢᠯᠠᠬᠤ ᠶᠢ ᠴᠢᠬᠤᠯᠠᠴᠢᠯᠠᠵᠤ᠂ ᠤᠯᠠᠮᠵᠢᠯᠠᠯᠲᠤ ᠠᠵᠤ ᠦᠢᠯᠡᠰ ᠤᠨ ᠲᠠᠰ ᠳᠡᠪᠰᠢᠬᠦ | ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠬᠤ ᠰᠢᠨ᠎ᠡ ᠴᠢᠭᠯᠡᠯ ᠰᠢᠨ᠎ᠡ ᠬᠡᠷᠡᠭᠴᠡᠭᠡ | ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠮᠵᠢᠯᠠᠯᠲᠤ ᠰᠢᠨᠵᠢᠯᠡᠭᠡᠨ ᠤ ᠰᠠᠯᠠᠭ᠎ᠠ ᠶᠢ ᠥᠭᠡᠷᠡᠴᠢᠯᠡᠨ᠂ | ᠰᠢᠨ᠎ᠡ ᠪᠠᠷ ᠮᠠᠨᠳᠤᠭᠰᠠᠨ ᠰᠢᠨᠵᠢᠯᠡᠭᠡᠨ ᠤ ᠰᠠᠯᠠᠭ᠎ᠠ ᠶᠢ ᠬᠥᠭᠵᠢᠭᠦᠯᠵᠦ᠂ ᠰᠣᠯᠪᠢᠴᠠᠯ ᠰᠢᠨᠵᠢᠯᠡᠭᠡᠨ ᠤ ᠰᠠᠯᠠᠭ᠎ᠠ ᠶᠢ | ᠪᠤᠶᠢᠵᠢᠭᠤᠯᠤᠨ᠎ᠠ᠃ ᠠᠵᠤ ᠦᠢᠯᠡᠰ ᠤᠨ ᠬᠡᠯᠬᠢᠶ᠎ᠡ ᠪᠠ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠶ ᠠᠭᠤᠰᠤᠯᠴᠠᠯ ᠢ | ᠶᠡᠭᠡ ᠪᠠᠷ ᠠᠬᠢᠭᠤᠯᠵᠤ᠂ ᠠᠵᠤ ᠦᠢᠯᠡᠰ ᠤᠨ ᠲᠦᠷᠦᠭᠦᠦ ᠬᠡᠰᠡᠭ ᠤᠨ ᠠᠵᠤ ᠠᠬᠤᠶᠢᠯᠠᠯ᠂ ᠳᠠᠭᠠᠭᠤᠯᠤᠭᠴᠢ ᠠᠵᠤ | ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠤᠷᠭᠠᠭᠤᠯᠢ ᠠᠵᠤ ᠠᠬᠤᠶᠢᠯᠠᠯ ᠨᠢᠭᠲᠠ | ᠬᠠᠮᠵᠢᠯᠴᠠᠭᠰᠠᠨ ᠡᠯ᠎ᠡ ᠦᠨᠳᠦᠰᠦᠲᠡᠨ ᠤ ᠴᠢᠳᠠᠪᠤᠷᠢᠲᠠᠨ ᠢ ᠬᠥᠮᠦᠵᠢᠭᠦᠯᠬᠦ ᠬᠠᠮᠲᠤ ᠶᠢᠨ ᠴᠣᠭᠴᠠ ᠶᠢ ᠪᠠᠶᠢᠭᠤᠯᠵᠤ᠂ | ᠴᠢᠳᠠᠪᠤᠷᠢᠲᠠᠨ ᠢ ᠬᠥᠮᠦᠵᠢᠭᠦᠯᠬᠦ ᠪᠠ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢᠨ ︽ᠡᠴᠦᠰ ᠤᠨ ᠨᠢᠭᠡ | ᠺᠢᠯᠣᠮᠧᠲᠷ︾ ᠢ ᠨᠡᠪᠲᠡᠷᠡᠭᠦᠯᠵᠦ᠂ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ᠨᠠᠩ ᠰᠠᠶᠢᠨ ᠢᠶᠠᠷ ᠬᠦᠴᠦᠨ ᠨᠡᠮᠡᠷᠢᠯᠡᠵᠦ᠂ ᠬᠥᠭᠵᠢᠯᠲᠡ ᠶᠢᠨ ᠦᠷ᠎ᠡ ᠪᠦᠲᠦᠭᠡᠯ ᠢ | ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠨ᠎ᠡ᠃ | ᠨᠡᠶᠢᠭᠡᠮ ᠤᠨ ᠬᠥᠭᠵᠢᠯᠲᠡ ᠳᠤ ᠬᠠᠨᠳᠤᠭᠤᠯᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ | ᠬᠡᠷᠡᠭᠲᠡᠶ᠃ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠪᠠ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ | ᠬᠦᠰᠡᠯ ᠡᠷᠡᠮᠡᠯᠵᠡᠯ ᠲᠠᠢ ᠨᠢᠭᠲᠠ ᠤᠶᠠᠯᠳᠤᠭᠤᠯᠤᠨ᠂ ᠨᠡᠶᠢᠭᠡᠮ ᠤᠨ ᠪᠠᠴᠢᠮ ᠱᠠᠭᠠᠷᠳᠠᠭᠳᠠᠵᠤ ᠪᠠᠶᠢᠭ᠎ᠠ ᠰᠢᠨᠵᠢᠯᠡᠭᠡᠨ ᠤ | ᠰᠠᠯᠠᠭᠠᠨ ᠤ ᠲᠤᠰᠬᠠᠶ ᠮᠡᠷᠭᠡᠵᠢᠯ ᠢ ᠬᠦᠴᠦᠷᠬᠡᠭᠵᠢᠭᠦᠯᠦᠨ᠂ ᠡᠯ᠎ᠡ ᠠᠵᠢᠯ ᠲᠥᠷᠥᠯ ᠳᠤ ᠪᠠᠴᠢᠮ ᠱᠠᠭᠠᠷᠳᠠᠭᠳᠠᠵᠤ | ᠪᠠᠶᠢᠭ᠎ᠠ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠬᠥᠮᠦᠨ | ᠬᠥᠮᠦᠵᠢᠭᠦᠯᠬᠦ ᠬᠢᠴᠢᠶᠡᠯ ᠤᠨ ᠲᠢᠩᠬᠢᠮ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠡᠮᠴᠢᠯᠡᠭᠡ ᠡᠷᠡᠭᠦᠯ | ᠬᠠᠮᠠᠭᠠᠯᠠᠯ ᠡᠷᠡᠭᠦᠯ ᠮᠡᠨᠳᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠨᠡᠶᠢᠭᠡᠮ ᠤᠨ ᠵᠠᠰᠠᠯᠲᠠ ᠵᠡᠷᠭᠡ | ᠡᠯ᠎ᠡ ᠬᠦᠷᠢᠶᠡᠨ ᠳᠤ ᠪᠠᠶᠢᠷᠢᠯᠠᠭᠤᠯᠵᠤ᠂ ᠣᠷᠣᠨ ᠨᠤᠲᠤᠭ ᠤᠨ ᠬᠥᠭᠵᠢᠯᠲᠡ ᠳᠤ ᠪᠠᠲᠤ ᠪᠠᠬᠢ ᠴᠢᠳᠠᠪᠤᠷᠢᠲᠠᠨ ᠤ | ᠲᠤᠯᠭᠠᠭᠤᠷᠢᠯᠠᠯ ᠪᠠ ᠣᠶᠤᠨ ᠤ ᠳᠡᠮᠵᠢᠯᠭᠡ ᠬᠠᠩᠭᠠᠨ᠂ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢᠨ | ᠬᠡᠷᠡᠭᠴᠡᠭᠡ ᠪᠠ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ | ᠨᠠᠩ ᠰᠠᠶᠢᠲᠤᠷ ᠬᠠᠩᠭᠠᠨ᠎ᠠ᠃ | ᠳᠡᠯᠡᠬᠡᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠰᠢᠭᠤᠷᠠᠯ ᠴᠢᠳᠠᠪᠤᠷᠢᠲᠠᠨ ᠬᠥᠮᠦᠵᠢᠭᠦᠯᠬᠦ᠃ ᠴᠢᠬᠤᠯᠠ | ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠠᠮᠤᠭ ᠤᠨ ᠬᠤᠰᠢᠭᠤᠷᠠᠯ ᠪᠠ ᠤᠯᠤᠰ ᠤᠨ ᠪᠠᠶᠢᠯᠳᠤᠬᠤ | ᠪᠤᠳᠤᠯᠭ᠎ᠠ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠷᠢ ᠰᠤᠳᠤᠯᠭᠠᠨ ᠤ ᠭᠤᠣᠯ ᠬᠦᠴᠦᠨ ᠪᠠ | ᠴᠢᠬᠤᠯᠠ ᠶᠡᠭᠡ ᠮᠡᠷᠭᠡᠵᠢᠯ ᠤᠨ ᠰᠢᠪᠲᠤᠯᠤᠯᠲᠠ ᠶᠢᠨ ᠭᠤᠯᠤᠮᠳᠠ ᠣᠷᠣᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ᠂ ᠲᠦᠷᠦ ᠶᠢᠨ | ᠪᠤᠳᠤᠯᠭ᠎ᠠ ᠠᠷᠭ᠎ᠠ ᠬᠡᠮᠵᠢᠶ᠎ᠡ᠂ ᠴᠢᠬᠤᠯᠠ ᠶᠡᠭᠡ ᠡᠭᠦᠷᠭᠡ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ᠂ ᠡᠬᠢ | ᠪᠠᠶᠠᠯᠢᠭ ᠤᠨ ᠲᠠᠪᠴᠠᠩ᠂ ᠣᠷᠣᠨ ᠪᠦᠰᠡ ᠶᠢᠨ ᠰᠢᠨ᠎ᠡ ᠶᠢ ᠡᠭᠦᠳᠬᠦ ᠵᠡᠷᠭᠡ ᠴᠢᠬᠤᠯᠠ ᠶᠡᠭᠡ ᠪᠠᠶᠢᠯᠳᠤᠬᠤ | ᠪᠤᠳᠤᠯᠭ᠎ᠠ ᠶᠢ ᠨᠢᠭᠡᠳᠦᠯᠲᠡᠢ ᠲᠥᠯᠥᠪᠵᠢᠭᠦᠯᠬᠦ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠱᠠᠭᠠᠷᠳᠠᠯᠭ᠎ᠠ ᠲᠠᠢ ᠵᠣᠬᠢᠴᠠᠭᠰᠠᠨ ᠶᠡᠭᠡ ᠳᠡᠭᠡᠳᠦ | ᠰᠤᠷᠭᠠᠭᠤᠯᠢ ᠶᠢᠨ ᠴᠢᠳᠠᠪᠤᠷᠢᠲᠠᠨ ᠤ ᠬᠥᠭᠵᠢᠯᠲᠡ ᠶᠢᠨ ᠠᠮᠢ ᠠᠬᠤᠢ ᠶᠢᠨ ᠰᠢᠰᠲ᠋ᠧᠮ ᠢ ᠢᠳᠡᠪᠬᠢᠲᠡᠢ ᠪᠠᠶᠢᠭᠤᠯᠤᠨ᠎ᠠ᠃ | ︽ᠣᠷᠦ᠋ᠢᠯᠠᠭᠰᠠᠨ ᠴᠢᠳᠠᠪᠤᠷᠢᠲᠠᠨ + ᠰᠢᠨᠵᠢᠯᠡᠬᠦ ᠤᠬᠠᠭᠠᠨ ᠤ ᠰᠤᠳᠤᠯᠭᠠᠨ ᠤ ᠵᠣᠬᠢᠶᠠᠨ ᠪᠠᠶᠢᠭᠤᠯᠤᠯᠲᠠ︾ ᠶᠢᠨ | ᠲᠣᠭᠲᠠᠴᠠ ᠶᠢ ᠪᠦᠷᠢᠨᠰᠢᠬᠦᠯᠵᠦ᠂ ᠵᠣᠬᠢᠶᠠᠮᠠᠯ ᠣᠶᠤᠨ ᠴᠢᠳᠠᠪᠤᠷᠢ᠂ ᠺᠸᠠᠨ᠋ᠲ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ᠂ ᠴᠢᠮᠡᠭᠡ ᠬᠤᠯᠪᠣᠭᠠᠨ ᠤ ᠮᠡᠷᠭᠡᠵᠢᠯ᠂ ᠳᠡᠭᠡᠳᠦ ᠲᠠᠰ ᠤᠨ ᠲᠣᠨᠣᠭᠯᠠᠯ᠂ ᠠᠮᠢᠳᠤ ᠪᠣᠳᠠᠰ ᠤᠨ ᠡᠮ ᠡᠮᠨᠡᠯᠭᠡ | ᠵᠡᠷᠭᠡ ᠢᠷᠡᠭᠡᠳᠦᠶ ᠶᠢᠨ ᠠᠵᠤ ᠦᠢᠯᠡᠰ ᠤᠨ ᠬᠥᠭᠵᠢᠯᠲᠡ ᠶᠢᠨ ᠬᠦᠷᠢᠶᠡᠨ ᠳᠤ ᠡᠷᠳᠡᠮ ᠰᠢᠨᠵᠢᠯᠡᠭᠡᠨ ᠤ | ᠳᠠᠭᠠᠭᠤᠯᠤᠭᠴᠢ ᠴᠢᠳᠠᠪᠤᠷᠢᠲᠠᠨ᠂ ᠤᠯᠤᠰ ᠤᠨ ᠴᠢᠬᠤᠯᠠ ᠶᠡᠭᠡ ᠢᠨᠵᠧᠨᠧᠷᠢᠩ ᠤᠨ ᠬᠦᠷᠢᠶᠡᠨ ᠳᠠᠬᠢ ᠳᠠᠭᠠᠭᠤᠯᠤᠭᠴᠢ | ᠴᠢᠳᠠᠪᠤᠷᠢᠲᠠᠨ ᠵᠡᠷᠭᠡ ᠣᠷᠦ᠋ᠢᠯᠠᠭᠰᠠᠨ ᠴᠢᠳᠠᠪᠤᠷᠢᠲᠠᠨ ᠢ ᠶᠡᠭᠡ ᠪᠠᠷ ᠬᠥᠮᠦᠵᠢᠭᠦᠯᠵᠦ᠂ ᠨᠠᠩ ᠣᠯᠠᠨ ᠬᠤᠰᠢᠭᠤᠷᠠᠯ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ︽ᠲᠤᠷᠰᠢᠯᠲᠠ ᠶᠢᠨ ᠲᠠᠰᠤᠭ︾ ᠠᠴᠠ ︽ | ᠬᠡᠷᠡᠭᠯᠡᠭᠡᠨ ᠤ ᠲᠠᠯᠠᠪᠤᠷ︾ ᠲᠡᠶᠢᠰᠢ ᠲᠦᠷᠭᠡᠨ ᠬᠤᠪᠢᠷᠠᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠨᠡᠶᠢᠭᠡᠮ ᠤᠨ ᠳᠠᠪᠰᠢᠯᠲᠠ ᠶᠢ ᠬᠥᠲᠥᠯᠥᠨ ᠳᠠᠭᠠᠭᠤᠯᠬᠤ᠂ ᠦᠨᠳᠦᠰᠦᠲᠡᠨ ᠨᠦᠭᠦᠳ ᠤᠨ ᠠᠷᠠᠳ | ᠲᠦᠮᠡᠨ ᠳᠤ ᠪᠤᠶᠠᠨ ᠦᠶ᠋ᠯᠡᠳᠬᠦ ᠶᠢ ᠠᠬᠢᠭᠤᠯᠤᠨ᠎ᠠ᠃ | ᠭᠠᠳᠠᠭᠠᠳᠤ ᠲᠠᠢ ᠰᠣᠯᠢᠯᠴᠠᠭ᠎ᠠ ᠬᠢᠬᠦ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠥᠯᠢᠭᠡᠷ ᠢ ᠰᠠᠶᠢᠲᠤᠷ ᠶᠠᠷᠢᠨ᠎ᠠ᠃ ᠶᠡᠭᠡ ᠳᠡᠭᠡᠳᠦ ᠰᠤᠷᠭᠠᠭᠤᠯᠢ ᠶᠢᠨ ᠬᠤᠭᠤᠷᠣᠨᠳᠣᠬᠢ ᠤᠯᠠᠨ ᠤᠯᠤᠰ ᠤᠨ | ᠰᠣᠯᠢᠯᠴᠠᠭ᠎ᠠ ᠪᠠ ᠬᠠᠮᠲᠤᠷᠠᠯᠴᠠᠭ᠎ᠠ ᠨᠢ ᠨᠢᠭᠡᠨᠲᠡ ᠪᠦᠬᠦ ᠪᠥᠮᠪᠥᠷᠴᠡᠭ ᠤᠨ ᠮᠡᠳᠡᠯᠭᠡ ᠶᠢᠨ ᠳᠠᠮᠵᠢᠭᠤᠯᠭ᠎ᠠ ᠪᠠ | ᠰᠣᠶᠣᠯ ᠤᠨ ᠰᠣᠯᠢᠯᠴᠠᠭᠠᠨ ᠤ ᠴᠢᠬᠤᠯᠠ ᠭᠤᠭᠴᠤᠭ᠎ᠠ ᠪᠣᠯᠤᠭᠰᠠᠨ ᠪᠠᠶᠢᠨ᠎ᠠ᠃ ᠶᠡᠭᠡ ᠳᠡᠭᠡᠳᠦ ᠰᠤᠷᠭᠠᠭᠤᠯᠢ ᠶᠢᠨ ᠬᠢᠨ | ᠳᠤᠮᠳᠠᠳᠤ ᠶᠢᠨ ᠦᠨᠳᠦᠰᠦᠲᠡᠨ ᠤ ᠥᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠶᠡᠭᠡ ᠪᠠᠷ ᠤᠬᠠᠭᠤᠯᠤᠨ ᠲᠠᠨᠢᠯᠴᠠᠭᠤᠯᠬᠤ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠵᠢᠳᠬᠦᠯ | ᠴᠢᠷᠮᠠᠶᠢᠯᠭ᠎ᠠ ᠭᠠᠷᠭᠠᠵᠤ᠂ ᠳᠤᠮᠳᠠᠳᠤ ᠶᠢ ᠣᠶᠢᠯᠠᠭᠠᠬᠤ ᠨᠥᠬᠦᠷᠰᠡᠭ ᠳᠡᠯᠡᠬᠡᠶ ᠶᠢᠨ ᠶᠠᠷᠢᠶ᠎ᠠ ᠬᠡᠯᠡᠯᠴᠡᠭᠡᠨ ᠤ | ᠨᠠᠶᠢᠵᠠ ᠶᠢᠨ ᠲᠣᠭᠤᠷᠢᠭ ᠢᠶᠠᠨ ᠥᠷᠭᠡᠳᠬᠡᠵᠦ᠂ ᠨᠠᠩ ᠰᠠᠨᠠᠭᠠᠴᠢᠯᠠᠭ᠎ᠠ ᠠᠴᠠ ᠪᠠᠨ ᠳᠤᠮᠳᠠᠳᠤ ᠤᠯᠤᠰ ᠤᠨ | ᠵᠣᠷᠢᠯᠲᠠ ᠶᠢ ᠤᠬᠠᠭᠤᠯᠤᠨ ᠲᠠᠨᠢᠯᠴᠠᠭᠤᠯᠵᠤ᠂ ᠳᠤᠮᠳᠠᠳᠤ ᠶᠢᠨ ᠰᠣᠶᠣᠯ ᠢ ᠤᠯᠠᠮᠵᠢᠯᠠᠵᠤ᠂ ᠳᠤᠮᠳᠠᠳᠤ ᠤᠯᠤᠰ ᠤᠨ | ᠳᠦᠷᠢ ᠲᠥᠷᠬᠦ ᠶᠢ ᠢᠯᠡᠷᠡᠭᠦᠯᠬᠦ ᠬᠡᠷᠡᠭᠲᠡᠶ᠃ | ᠠᠭᠤᠯᠭ᠎ᠠ ᠶᠢ ᠪᠠᠶᠠᠯᠢᠭᠵᠢᠭᠤᠯᠵᠤ᠂ ᠶᠣᠰᠣ ᠤᠴᠢᠷ ᠢ ᠲᠣᠳᠣᠷᠬᠠᠶ ᠶᠠᠷᠢᠬᠤ᠃ ᠳᠤᠮᠳᠠᠳᠤ ᠭᠠᠳᠠᠭᠠᠳᠤ ᠶᠢᠨ | ᠡᠷᠳᠡᠮ ᠰᠢᠨᠵᠢᠯᠡᠭᠡᠨ ᠤ ᠡᠲᠡᠭᠡᠳ ᠵᠢᠴᠢ ᠠᠷᠠᠳ ᠤᠨ ᠪᠦᠯᠬᠦᠮ ᠤᠨ ᠰᠣᠯᠢᠯᠴᠠᠭ᠎ᠠ ᠬᠤᠷᠰᠢᠯ ᠢ ᠪᠦᠬᠦ ᠲᠠᠯ᠎ᠠ ᠪᠠᠷ᠂ | ᠤᠯᠠᠨ ᠠᠷᠭ᠎ᠠ ᠵᠠᠮ ᠢᠶᠠᠷ ᠠᠬᠢᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯᠤᠨ | ᠨᠡᠶᠢᠭᠡᠮ ᠵᠢᠷᠤᠮᠲᠤ ᠪᠠᠶᠢᠭᠤᠯᠤᠯ ᠪᠣᠯ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠬᠠᠮᠲᠤ ᠶᠢᠨ ᠬᠥᠭᠵᠢᠯᠲᠡ | ᠲᠠᠪᠰᠢᠯᠳᠠ ᠶᠢᠨ ᠨᠠᠶᠢᠳᠠᠪᠤᠷᠢᠲᠠᠢ ᠪᠠᠲᠤᠯᠠᠭ᠎ᠠ ᠪᠣᠯᠬᠤ ᠶᠢ ᠲᠣᠳᠣᠷᠬᠠᠢ ᠶᠠᠷᠢᠵᠤ᠂ ᠳᠤᠮᠳᠠᠳᠤ ᠶᠢᠨ ᠦᠨᠳᠦᠰᠦᠲᠡᠨ ᠪᠣᠯ | ᠬᠦᠴᠦᠷᠬᠡᠭ ᠶᠡᠭᠡ ᠮᠡᠳᠡᠷᠡᠮᠵᠢ ᠪᠣᠯᠤᠨ ᠨᠢᠭᠲᠠᠷᠠᠯ ᠤᠨ ᠬᠦᠴᠦᠨ ᠲᠠᠢ ᠬᠤᠪᠢ ᠵᠠᠶᠠᠭᠠᠨ ᠤ ᠬᠠᠮᠲᠤ ᠶᠢᠨ ᠴᠣᠭᠴᠠ | ᠪᠣᠯᠬᠤ ᠶᠢ ᠲᠣᠳᠣᠷᠬᠠᠢ ᠶᠠᠷᠢᠵᠤ᠂ ᠳᠤᠮᠳᠠᠳᠤ ᠤᠯᠤᠰ ᠤᠨ ᠣᠨᠴᠠᠯᠢᠭ ᠲᠠᠢ ᠪᠠᠶᠢᠬᠤ ᠶᠢ ᠲᠣᠳᠣᠷᠬᠠᠢ ᠶᠠᠷᠢᠨ᠎ᠠ᠃ |