2 ᠳ᠋ᠤᠭᠠᠷ ᠰᠠᠷ᠎ᠠ ᠶᠢᠨ 13 ᠤ ᠡᠳᠦᠷ ᠠᠴᠠ 17 ᠤ ᠡᠳᠦᠷ ᠪᠣᠯᠲᠠᠯ᠎ᠠ᠂ ᠰᠢᠯᠢ ᠶᠢᠨ ᠭᠤᠤᠯ ᠠᠶᠢᠮᠠᠭ ᠤᠨ | ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠮᠠᠷᠠᠲᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠡᠭᠡᠳᠦ | ᠰᠤᠷᠭᠠᠭᠤᠯᠢ ᠳᠤ 2025 ᠣᠨ ᠤ ᠰᠢᠯᠢ ᠶᠢᠨ ᠭᠤᠤᠯ ᠠᠶᠢᠮᠠᠭ ᠤᠨ ᠠᠶᠤᠯᠭᠦᠶ ᠦᠢᠯᠡᠳᠪᠦᠷᠢᠯᠡᠯ ᠬᠢᠭᠡᠳ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠪᠡ᠃ | ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠰᠢᠤᠢ ᠭᠦᠸᠧ ᠵᠢᠶᠦ᠋ᠨ | ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠮᠠᠷᠠᠲᠤ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠽᠸᠤ ᠭᠤᠸᠠᠩ ᠬᠤᠸᠠ᠂ | ᠤᠮᠠᠷᠠᠲᠤ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠣᠯᠪᠠᠰᠤᠷᠠᠯ ᠤᠨ | ᠲᠥᠪ ᠤᠨ ᠪᠠᠶᠢᠩᠭᠤ ᠶᠢᠨ ᠳᠡᠳ᠋ ᠡᠷᠬᠢᠯᠡᠭᠴᠢ ᠮᠠ ᠬᠠᠨ ᠫᠧᠩ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃ | | | | | | ᠲᠣᠰ ᠤᠳᠠᠭᠠᠨ ᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠪᠣᠯ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠡᠯ᠎ᠡ ᠱᠠᠲᠤᠨ ᠤ | ᠤᠳᠤᠷᠢᠳᠬᠤ ᠺᠠᠳ᠋ᠷ ᠤᠨ ᠠᠶᠤᠯᠭᠦᠶ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠴᠢᠳᠠᠪᠤᠷᠢ ᠬᠡᠪ ᠪᠣᠯᠪᠠᠰᠤᠷᠠᠯ ᠢ ᠤᠯᠠᠮ ᠴᠢᠨᠠᠭᠰᠢᠳᠠ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ | ᠪᠣᠯᠪᠠᠰᠤᠷᠠᠯ ᠤᠨ ᠣᠨᠴᠠ ᠤᠷᠢᠭᠰᠠᠨ ᠲᠥᠪ ᠤᠨ ᠨᠠᠮ ᠤᠨ ᠰᠤᠷᠭᠠᠭᠤᠯᠢ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠭᠠᠵᠠᠷ᠂ ᠤᠯᠤᠰ ᠤᠨ ᠠᠭᠤᠷᠬᠠᠶ ᠶᠢᠨ ᠠᠶᠤᠯᠭᠦᠶ ᠶᠢ ᠬᠢᠨᠠᠨ ᠪᠠᠶᠢᠴᠠᠭᠠᠬᠤ ᠲᠣᠪᠴᠢᠶ᠎ᠠ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠡᠭᠡ ᠰᠤᠷᠭᠠᠭᠤᠯᠢ᠂ ᠤᠮᠠᠷᠠᠲᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠤᠯᠪᠣᠭᠳᠠᠯ ᠪᠦᠬᠦᠢ ᠤᠳᠤᠷᠢᠳᠤᠯᠭ᠎ᠠ ᠪᠠ ᠲᠤᠰᠬᠠᠶ ᠮᠡᠷᠭᠡᠵᠢᠯᠲᠡᠨ | ᠫᠷᠤᠹᠧᠰᠰᠤᠷ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ | ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠣᠷᠣᠨ ᠨᠤᠲᠤᠭ ᠤᠨ ᠨᠠᠮ ᠵᠠᠰᠠᠭ ᠤᠨ | ᠤᠳᠤᠷᠢᠳᠬᠤ ᠺᠠᠳ᠋ᠷ ᠤᠨ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ᠂ | ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠭᠠᠯ ᠤᠨᠲᠠᠷᠠᠭᠠᠬᠤ ᠪᠠᠴᠢᠮ ᠠᠪᠤᠷᠠᠨ | ᠲᠤᠰᠠᠯᠠᠬᠤ᠂ ︽ᠠᠭᠤᠷᠬᠠᠶ ᠶᠢᠨ ᠠᠶᠤᠯ ᠥᠬᠡᠶ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠶ ᠰᠠᠨᠠᠯ︾ ᠪᠠ ︽ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠰᠠᠨᠠᠯ︾ ᠵᠡᠷᠭᠡ ᠲᠥᠷᠥ ᠶᠢᠨ | ᠪᠣᠳᠣᠯᠭ᠎ᠠ ᠶᠢᠨ ᠪᠢᠴᠢᠭ ᠮᠠᠲ᠋ᠧᠷᠢᠶᠠᠯ ᠳᠤ ᠲᠤᠰᠬᠠᠶ ᠰᠡᠳᠦᠪ ᠢᠶᠠᠷ ᠬᠢᠴᠢᠶᠡᠯ ᠣᠷᠣᠬᠤ ᠪᠠ ᠲᠠᠶᠢᠯᠤᠮᠵᠢ ᠬᠢᠪᠠ᠂ ᠭᠠᠯ | ᠰᠡᠷᠭᠡᠶᠢᠯᠡᠯᠲᠡ ᠶᠢᠨ ᠠᠮᠤᠷ ᠲᠦᠪᠰᠢᠨ ᠤ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠲᠣᠭᠤᠷᠢᠨ ᠦᠵᠡᠪᠡ᠂ | ᠲᠡᠷᠡᠴᠢᠯᠡᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠩ ᠰᠠᠶᠢᠲᠤᠷ | ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ | | | | | | ᠪᠣᠯᠪᠠᠰᠤᠷᠠᠭᠤᠯᠤᠯ ᠢᠶᠠᠷ ᠳᠡᠮᠵᠢᠨ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠠᠶᠤᠯᠭᠦᠶ ᠦᠢᠯᠡᠳᠪᠦᠷᠢᠯᠡᠯ ᠪᠠ | ᠭᠠᠮᠰᠢᠭ ᠤᠨ ᠠᠶᠤᠯ ᠲᠦᠭᠰᠢᠭᠦᠷᠢ ᠶᠢᠨ ᠪᠠᠶᠢᠳᠠᠯ ᠤᠨ ᠲᠤᠬᠠᠶ ᠨᠠᠩ ᠰᠢᠰᠲ᠋ᠧᠮ ᠲᠠᠢ᠂ ᠨᠠᠩ ᠪᠥᠬᠦ ᠲᠠᠯ᠎ᠠ ᠶᠢᠨ | ᠲᠠᠨᠢᠯᠲᠠ ᠲᠠᠢ ᠪᠣᠯᠵᠣ᠂ ᠮᠠᠨ ᠤ ᠠᠶᠢᠮᠠᠭ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠰᠠᠭᠤᠷᠢ ᠶᠢ ᠪᠠᠬᠢᠵᠢᠭᠦᠯᠵᠦ᠂ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠳᠤ ᠰᠠᠶᠢᠨ ᠰᠠᠭᠤᠷᠢ ᠲᠠᠯᠪᠢᠵᠤ ᠥᠭᠴᠡᠶ᠃ | | | | | | ᠪᠣᠯᠪᠠᠰᠤᠷᠠᠭᠤᠯᠤᠯ ᠢᠶᠠᠷ ᠳᠡᠮᠵᠢᠨ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠠᠶᠤᠯᠭᠦᠶ ᠦᠢᠯᠡᠳᠪᠦᠷᠢᠯᠡᠯ ᠪᠠ | ᠭᠠᠮᠰᠢᠭ ᠤᠨ ᠠᠶᠤᠯ ᠲᠦᠭᠰᠢᠭᠦᠷᠢ ᠶᠢᠨ ᠪᠠᠶᠢᠳᠠᠯ ᠤᠨ ᠲᠤᠬᠠᠶ ᠨᠠᠩ ᠰᠢᠰᠲ᠋ᠧᠮ ᠲᠠᠢ᠂ ᠨᠠᠩ ᠪᠥᠬᠦ ᠲᠠᠯ᠎ᠠ ᠶᠢᠨ | ᠲᠠᠨᠢᠯᠲᠠ ᠲᠠᠢ ᠪᠣᠯᠵᠣ᠂ ᠮᠠᠨ ᠤ ᠠᠶᠢᠮᠠᠭ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠰᠠᠭᠤᠷᠢ ᠶᠢ ᠪᠠᠬᠢᠵᠢᠭᠦᠯᠵᠦ᠂ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠳᠤ ᠰᠠᠶᠢᠨ ᠰᠠᠭᠤᠷᠢ ᠲᠠᠯᠪᠢᠵᠤ ᠥᠭᠴᠡᠶ᠃ |