ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠪᠣᠯᠪᠠᠰᠤᠷᠠᠭᠤᠯᠤᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2025/2/19
   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠬᠠᠤ ᠪᠣᠳᠠᠲᠤ ᠪᠠᠶᠢᠯᠳᠤᠭᠠᠨ ᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠡᠯ᠎ᠡ ᠭᠠᠵᠠᠷ ᠤᠨ ᠪᠠᠴᠢᠮ ᠪᠠᠶᠢᠳᠠᠯ ᠢ ᠠᠷᠭᠠᠴᠠᠭᠠᠬᠤ ᠲᠥᠬᠦᠭᠡᠷᠦᠮᠵᠢ ᠵᠢᠴᠢ ᠲᠣᠨᠣᠭᠯᠠᠯ ᠢ ᠪᠣᠯᠪᠠᠰᠤᠷᠠᠩᠭᠤᠶ ᠬᠡᠷᠡᠭᠯᠡᠬᠦ ᠶᠢ ᠴᠢᠩᠭᠠᠳᠬᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ 2025 ᠣᠨ ᠤ 1 ᠳ᠋ᠦ᠋ᠭᠡᠷ ᠰᠠᠷ᠎ᠠ ᠶᠢᠨ 9 ᠤ ᠡᠳᠦᠷ ᠰᠢᠦ᠋ᠢᠵᠸᠤ ᠬᠤᠲᠠ ᠳᠤ ᠲᠥᠷᠥᠯ ᠵᠦᠢᠯ ᠤᠨ ᠳᠠᠭᠠᠭᠠᠴᠢᠯᠠᠯᠲᠠ ᠣᠯᠤᠭᠰᠠᠨ ᠨᠢᠭᠡᠴᠢ ᠶᠢ ᠵᠣᠬᠢᠶᠠᠨ ᠪᠠᠶᠢᠭᠤᠯᠵᠤ ᠲᠤᠰᠠᠭᠠᠷᠯᠠᠬᠤ ᠪᠦᠰᠡ ᠨᠡᠬᠡᠬᠡᠬᠦ ᠮᠠᠰᠢᠨ ᠬᠥᠮᠦᠨ ᠤ ᠪᠣᠯᠪᠠᠰᠤᠷᠠᠯ ᠤᠨ ᠠᠩᠭᠢ ᠡᠷᠭᠢᠯᠡᠪᠡ᠃
W020250115366577781089_ORIGIN (1).png
       ᠪᠣᠯᠪᠠᠰᠤᠷᠠᠭᠤᠯᠤᠯ ᠤᠨ ᠪᠥᠬᠦ ᠶᠠᠪᠤᠴᠠ ᠳᠤ ᠪᠣᠳᠠᠲᠤ ᠪᠠᠶᠢᠯᠳᠤᠭᠠᠨ ᠤ ᠣᠨᠣᠯᠵᠢᠬᠤᠨ ᠢ ᠲᠤᠤᠱᠯᠠᠭᠤᠯᠵᠤ᠂ ᠲᠤᠰᠬᠠᠶ ᠮᠡᠷᠭᠡᠵᠢᠯ ᠤᠨ ᠬᠠᠪᠰᠤᠷᠤᠨ ᠵᠢᠯᠣᠭᠤᠳᠬᠤ ᠪᠠᠭᠰᠢ ᠶᠢᠨ ᠬᠦᠯᠢᠴᠡᠩᠭᠦᠶ ᠵᠢᠯᠣᠭᠤᠳᠣᠯᠭ᠎ᠠ ᠳᠤᠤᠷ᠎ᠠ᠂ ᠰᠤᠷᠤᠭᠴᠢᠳ ᠬᠤᠶᠢᠨ᠎ᠠ ᠬᠤᠶᠢᠨ᠎ᠠ ᠠᠴᠠ ᠪᠠᠨ ᠪᠣᠳᠠᠲᠠᠶ ᠠᠵᠢᠯᠯᠠᠭ᠎ᠠ ᠬᠢᠵᠦ ᠡᠬᠢᠯᠡᠪᠡ᠃ ᠬᠠᠮᠤᠭ ᠠᠩᠬᠠᠨ ᠤ ᠬᠢᠴᠢᠶᠡᠮᠵᠢᠲᠡᠢ ᠠᠴᠠ ᠪᠣᠯᠪᠠᠰᠤᠷᠠᠩᠭᠤᠢ ᠪᠣᠯᠲᠠᠯ᠎ᠠ᠂ ᠤᠳᠠᠭ᠎ᠠ ᠪᠦᠷᠢ ᠶᠢᠨ ᠪᠣᠯᠪᠠᠰᠤᠷᠠᠯ ᠨᠢ ᠪᠦᠷ ᠦᠰᠦᠨ ᠪᠤᠶᠢᠵᠢᠯᠲᠠ ᠶᠢᠨ ᠬᠤᠷᠠᠮᠳᠤᠯ ᠪᠣᠯᠤᠨ᠎ᠠ᠃ ᠪᠣᠳᠠᠲᠠᠶ ᠲᠡᠶᠢᠨ ᠤ ᠲᠠᠯᠠᠪᠤᠷ ᠤᠨ ᠪᠠᠶᠢᠳᠠᠯ ᠢ ᠳᠠᠬᠢᠨ ᠳᠠᠪᠲᠠᠨ ᠳᠠᠭᠤᠷᠢᠶᠠᠬᠤ ᠪᠠᠷ ᠳᠡᠮᠵᠢᠨ᠂ ᠰᠤᠷᠤᠭᠴᠢᠳ ᠤᠨ ᠪᠣᠳᠠᠲᠠᠶ ᠠᠵᠢᠯᠯᠠᠬᠤ ᠬᠢᠷᠢ ᠲᠦᠪᠰᠢᠨ ᠢᠯᠡᠳᠲᠡ ᠴᠢᠩᠭᠠᠷᠠᠵᠤ᠂ ᠰᠣᠷᠣᠭᠰᠠᠨ ᠢᠶᠠᠨ ᠦᠨᠡᠨ ᠬᠦ ᠬᠡᠷᠡᠭᠯᠡᠵᠦ᠂ ᠬᠤᠶᠢᠰᠢᠳᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠨᠢᠭᠡᠳᠦᠭᠡᠷ ᠹᠷᠣᠨᠲ ᠲᠤ ᠣᠷᠣᠯᠴᠠᠬᠤ ᠳᠤ ᠤᠷ᠎ᠠ ᠴᠢᠳᠠᠪᠤᠷᠢ ᠶᠢᠨ ᠰᠠᠭᠤᠷᠢ ᠶᠢ ᠪᠠᠬᠢᠵᠢᠭᠦᠯᠪᠡ᠃    ᠪᠠᠴᠢᠮ ᠪᠥᠭᠡᠳ ᠲᠡᠭᠦᠯᠳᠡᠷ ᠪᠣᠯᠪᠠᠰᠤᠷᠠᠯ ᠰᠤᠷᠤᠯᠴᠠᠯᠭ᠎ᠠ ᠪᠠᠷ ᠳᠠᠮᠵᠢᠨ᠂ ᠪᠦᠬᠦ ᠰᠤᠷᠤᠭᠴᠢᠳ ᠳᠦᠭᠦᠷᠡᠩ ᠣᠯᠤᠯᠲᠠ ᠲᠠᠢ ᠪᠤᠯᠪᠠ᠃ ᠲᠤᠰᠬᠠᠶ ᠮᠡᠷᠭᠡᠵᠢᠯ ᠤᠨ ᠮᠡᠳᠡᠯᠭᠡ ᠶᠢᠨ ᠨᠥᠭᠡᠴᠡ ᠶᠢᠨ ᠲᠠᠯ᠎ᠠ ᠪᠠᠷ ᠴᠢᠨᠠᠷ ᠤᠨ ᠦᠰᠦᠷᠦᠯᠲᠡ ᠶᠢ ᠪᠡᠶᠡᠯᠡᠭᠦᠯᠦᠭᠰᠡᠨ ᠢᠶᠠᠷ ᠪᠠᠷᠠᠬᠤ ᠥᠬᠡᠶ᠂ ᠶᠡᠷᠦᠩᠬᠡᠶᠢᠯᠡᠭᠰᠡᠨ ᠴᠢᠳᠠᠪᠤᠷᠢ ᠨᠢ ᠨᠠᠩ ᠴᠤ ᠪᠥᠬᠦ ᠲᠠᠯ᠎ᠠ ᠪᠠᠷ ᠳᠡᠭᠡᠭᠰᠢᠯᠡᠪᠡ᠃ ᠰᠤᠷᠤᠭᠴᠢᠳ᠂ ᠡᠨᠡ ᠤᠳᠠᠭ᠎ᠠ ᠶᠢᠨ ᠪᠣᠯᠪᠠᠰᠤᠷᠠᠯ ᠶᠠᠭ ᠴᠠᠭ ᠤᠨ ᠬᠤᠷ᠎ᠠ ᠰᠢᠭ᠋᠂ ᠲᠡᠳᠡᠨ ᠤ ᠠᠵᠢᠯ ᠢᠶᠠᠨ ᠨᠠᠩ ᠰᠠᠶᠢᠲᠤᠷ ᠥᠷᠨᠢᠭᠦᠯᠬᠦ ᠳᠤ ᠯᠤᠲᠤ ᠶᠡᠭᠡ ᠡᠨᠧᠷᠭᠢ ᠬᠤᠷᠠᠮᠳᠤᠭᠤᠯᠵᠤ᠂ ᠥᠪᠡᠷ ᠥᠪᠡᠷ ᠤᠨ ᠠᠵᠢᠯ ᠤᠨ ᠪᠠᠶᠢᠷᠢ ᠳᠠᠭᠠᠨ ᠪᠤᠴᠠᠭᠰᠠᠨ ᠤ ᠳᠠᠷᠠᠭ᠎ᠠ ᠰᠣᠷᠣᠭᠰᠠᠨ ᠮᠡᠳᠡᠯᠭᠡ ᠤᠷ᠎ᠠ ᠴᠢᠳᠠᠪᠤᠷᠢ ᠪᠠᠨ ᠬᠦᠢᠴᠡᠳ ᠬᠡᠷᠡᠭᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠰᠠᠬᠢᠨ ᠬᠠᠮᠠᠭᠠᠯᠠᠨ᠎ᠠ ᠭᠡᠵᠦ ᠢᠯᠡᠳᠬᠡᠵᠡᠭᠡᠪᠡ᠃
W020250115366577859602_ORIGIN.png
     ᠲᠠᠷᠠᠭᠠᠴᠢ ᠶᠢᠨ ᠠᠯᠬᠤᠮ ᠳᠤ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠦᠷᠭᠦᠯᠵᠢᠯᠡᠨ ᠪᠣᠯᠪᠠᠰᠤᠷᠠᠯ ᠢᠶᠠᠷ ᠳᠡᠭᠡᠭᠰᠢᠯᠡᠭᠦᠯᠬᠦ ᠶᠢ ᠠᠬᠢᠭᠤᠯᠬᠤ ᠣᠶᠢᠯᠠᠭᠠᠭᠳᠠᠬᠤᠨ ᠢ ᠪᠠᠷᠢᠮᠲᠠᠯᠠᠵᠤ᠂ ᠪᠣᠯᠪᠠᠰᠤᠷᠠᠯ ᠤᠨ ᠰᠢᠰᠲ᠋ᠧᠮ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠠᠵᠠᠷ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ  ᠦᠢᠯᠡᠰ ᠤᠨ ᠬᠥᠭᠵᠢᠯᠲᠡ ᠳᠤ ᠲᠠᠰᠤᠷᠠᠯᠲᠠ ᠥᠬᠡᠶ ᠬᠥᠳᠡᠯᠭᠡᠬᠦ ᠬᠦᠴᠦᠨ ᠨᠡᠮᠡᠷᠢᠯᠡᠵᠦ᠂ ᠡᠪᠳᠡᠷᠡᠰᠢ ᠥᠬᠡᠶ ᠪᠠᠲᠤ ᠪᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠤᠨ᠎ᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号