ᠬᠢᠩᠭᠠᠨ ᠠᠶᠢᠮᠠᠭ᠄ ᠠᠨᠠᠷ ᠤᠨ ᠴᠡᠴᠡᠭ ᠳᠡᠯᠭᠡᠷᠡᠵᠦ ᠬᠠᠶᠢᠷ᠎ᠠ ᠰᠡᠳᠬᠢᠯᠭᠡ ᠠᠭᠤᠰᠤᠯᠴᠠᠵᠤ ᠭᠠᠷ ᠬᠤᠯᠪᠣᠨ ︽ᠢᠵᠢᠯ ᠲᠥᠪᠲᠦ ᠲᠣᠭᠤᠷᠢᠭ︾ ᠢ ᠵᠢᠷᠤᠭᠯᠠᠪᠠ
ᠨᠡᠶᠢᠲᠡᠯᠡᠭᠰᠡᠨ ᠴᠠᠭ᠄
2025/2/19
   ᠤᠢᠢᠷ᠎ᠠ ᠶᠢᠨ ᠵᠢᠯ ᠠᠴᠠ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢ᠊ ᠡᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ︽ᠲᠠᠪᠤᠨ ᠨᠢᠭᠡ︾ ᠤᠯᠠᠨ ᠲᠦᠮᠡᠨ ᠤ ᠠᠵᠢᠯ ᠤᠨ ᠠᠷᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠢ ᠦᠨᠳᠦᠰᠦᠨ ᠱᠠᠲᠤᠨ ᠤ ᠤᠯᠠᠨ ᠲᠦᠮᠡᠨ ᠳᠤ ᠦᠢᠯᠡᠴᠢᠯᠡᠬᠦ ᠲᠠᠢ ᠤᠶᠠᠯᠳᠤᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠠᠯᠢ ᠤᠯᠠᠨ ᠤᠯᠠᠨ ᠲᠦᠮᠡᠨᠴᠢ ᠴᠢᠨᠠᠷᠲᠠᠢ ᠠᠵᠢᠯᠯᠠᠭ᠎ᠠ ᠥᠷᠨᠢᠭᠦᠯᠬᠦ ᠪᠠᠷ ᠲᠠᠮᠵᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠪᠠ᠃
W020250219361383268120_ORIGIN.jpg    
    ᠡᠨᠡ ᠵᠢᠯ ᠤᠨ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠣᠯᠠᠨ ᠲᠦᠮᠡᠨ ᠤ ᠦᠶ᠋ᠯᠡᠴᠢᠯᠡᠭᠡᠨ ᠤ ᠲᠥᠪ ᠤᠨ ᠰᠠᠶᠢᠬᠠᠨ ᠨᠡᠶᠢᠭᠡᠮ ᠲᠣᠭᠤᠷᠢᠭ ᠲᠤ ᠂ ᠲᠠᠪᠤᠨ ᠥᠩᠭᠡ ᠶᠢᠨ ᠰᠣᠯᠣᠩᠭᠠᠷᠠᠭᠰᠠᠨ ᠬᠡᠶ ᠪᠥᠮᠪᠦᠭᠡ᠂ ᠪᠠᠶᠠᠷ ᠪᠠᠶᠠᠰᠤᠯ ᠲᠠᠢ ᠵᠠᠰᠠᠯ ᠴᠢᠮᠡᠭᠯᠡᠯ ᠤᠨ ᠡᠳ᠋ ᠢ ᠣᠨᠴᠠᠭᠠᠶ ᠬᠠᠯᠠᠭᠤᠨ ᠳᠤᠯᠠᠭᠠᠨ ᠪᠣᠯᠭᠠᠵᠤ᠂ ᠨᠡᠶᠢᠭᠡᠮ ᠲᠣᠭᠤᠷᠢᠭ ᠤᠨ ᠡᠯ᠎ᠡ ᠦᠨᠳᠦᠰᠦᠲᠡᠨ ᠠᠴᠠ ᠢᠷᠡᠭᠰᠡᠨ ᠬᠡᠳᠦᠨ ᠠᠷᠪᠠᠨ ᠬᠡᠷ ᠪᠦᠯᠢ ᠶᠢᠨ ᠬᠢᠨ ᠬᠠᠮᠲᠤ ᠪᠠᠷ ᠥᠩᠭᠡᠲᠦ ᠳ᠋ᠧᠩ ᠵᠣᠬᠢᠶᠠᠵᠤ᠂ ᠪᠠᠶᠠᠷ ᠬᠥᠷ ᠢᠶᠠᠷ ᠪᠢᠯᠬᠠᠵᠤ᠂ ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ᠃
W020250219361385496099_ORIGIN.jpg
    ᠬᠠᠨ ᠠᠭᠤᠯᠠ ᠨᠡᠶᠢᠭᠡᠮ ᠲᠣᠭᠤᠷᠢᠭ ᠤᠨ ︽1446︾ ᠠᠵᠢᠯ ᠤᠨ ᠠᠷᠭ᠎ᠠ ᠶᠢ ᠰᠦᠪᠡᠭᠴᠢᠯᠡᠵᠦ᠂ ᠡᠯ᠎ᠡ ᠦᠨᠳᠦᠰᠦᠲᠡᠨ ᠤ ᠰᠠᠭᠤᠭᠠᠯᠢ ᠠᠷᠠᠳ ᠤᠨ ᠬᠦᠴᠢᠷ ᠠᠰᠠᠭᠤᠳᠠᠯ ᠢ  ᠰᠢᠢᠳᠪᠦᠷᠢᠯᠡᠵᠤ ᠥᠭᠭᠦᠨ᠎ᠡ︔ ᠮᠠᠨᠳᠤᠯ᠎ᠠ ᠨᠡᠶᠢᠭᠡᠮ ᠲᠣᠭᠤᠷᠢᠭ ᠤᠨ ︽ᠵᠣᠯ ᠵᠢᠷᠭᠠᠯᠲᠤ ᠬᠤᠭᠤᠯᠠᠨ ᠬᠡᠷ︾ ᠨᠢ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠬᠠᠮᠲᠤ ᠶᠢᠨ ᠬᠤᠭᠤᠯᠠ ᠪᠣᠯᠬᠤ ︽ᠬᠠᠭᠤᠴᠢᠨ ᠭᠠᠵᠠᠷ︾ ᠪᠣᠯᠪᠠ︔ ᠬᠤᠤᠯᠢᠨ ᠭᠤᠤᠯ ᠨᠡᠶᠢᠭᠡᠮ ᠲᠣᠭᠤᠷᠢᠭ ᠤᠨ ︽ᠬᠤᠩ ᠹᠧᠩ ᠤᠨ ᠵᠢᠷᠤᠮ ᠤᠨ ᠴᠠᠭᠳᠠᠭ᠎ᠠ ᠶᠢᠨ ᠲᠣᠭᠤᠷᠢᠨ ᠰᠤᠷᠪᠤᠯᠵᠢᠯᠠᠬᠤ ᠠᠩᠭᠢ︾ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠥᠪᠡᠷᠲᠡᠭᠡᠨ ᠬᠠᠮᠢᠶᠠᠷᠬᠤ ᠶᠢ ᠪᠡᠶᠡᠯᠡᠭᠦᠯᠪᠡ︔ ᠬᠥᠭᠵᠢᠯ ᠨᠡᠶᠢᠭᠡᠮ ᠲᠣᠭᠤᠷᠢᠭ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠬᠡᠷ ᠲᠡᠭᠡᠨ ᠬᠦᠷᠭᠡᠵᠦ᠂ ᠪᠢᠴᠢᠯ ᠬᠦᠰᠡᠯ ᠡᠷᠡᠮᠡᠯᠵᠡᠯ ᠢᠶᠠᠷ ᠪᠢᠴᠢᠯ ᠵᠠᠰᠠᠯᠲᠠ ᠬᠢᠬᠦ ᠶᠢ ᠠᠬᠢᠭᠤᠯᠤᠨ᠎ᠠ︔ 18 ᠰᠠᠭᠤᠭᠠᠯᠢ ᠠᠷᠠᠳ ᠤᠨ ᠲᠣᠭᠤᠷᠢᠭ ᠲᠤ ᠥᠮᠴᠢᠲᠡᠨ ᠤ ᠵᠥᠪᠯᠡᠯ ᠪᠠᠶᠢᠭᠤᠯᠵᠤ᠂ 49 ᠰᠠᠭᠤᠭᠠᠯᠢ ᠠᠷᠠᠳ ᠤᠨ ᠲᠣᠭᠤᠷᠢᠭ ᠲᠤ ᠠᠳᠠᠯ ᠠᠬᠤᠶ ᠶᠢᠨ ᠬᠠᠮᠢᠶᠠᠷᠤᠯᠲᠠ ᠶᠢᠨ ᠵᠥᠪᠯᠡᠯ ᠪᠠᠶᠢᠭᠤᠯᠪᠠ᠂ ᠣᠲᠣ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠨᠢᠭᠡ ᠬᠡᠷ ᠤᠨ ᠬᠥᠮᠦᠨ ᠰᠢᠭ ᠳᠣᠲᠣᠨᠣ ᠪᠣᠯᠵᠣ᠂ ᠦᠨᠳᠦᠰᠦᠲᠡᠨ ᠤ ᠪᠦᠯᠬᠦᠮᠳᠡᠯ ᠤᠨ ︽ᠢᠵᠢᠯ ᠲᠥᠪᠲᠦ ᠲᠣᠭᠤᠷᠢᠭ︾ ᠢ ᠤᠯᠠᠮ ᠶᠡᠭᠡ ᠪᠣᠯᠭᠠᠪᠠ᠃
W020250219361385514411_ORIGIN.jpg
    ᠬᠠᠯᠠᠭᠤᠨ ᠳᠤᠯᠠᠭᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ  ᠦᠢᠯᠡᠴᠢᠯᠡᠬᠡᠨ ᠤ ᠲᠥᠪ ᠤᠨ ᠠᠵᠢᠯ ᠶᠠᠪᠤᠳᠠᠯ ᠭᠦᠢᠴᠡᠳᠬᠡᠬᠦ ᠲᠢᠩᠬᠢᠮ ᠳᠤ ᠂ ︽ᠬᠤᠤᠰ ᠬᠡᠯᠡᠨ ᠤ  ᠦᠢᠯᠡᠴᠢᠯᠡᠬᠡᠨ ᠤ ᠴᠣᠩᠬᠤ︾ ᠳᠤ ᠦᠨᠳᠦᠰᠦᠲᠡᠨ ᠤ ᠪᠦᠯᠬᠦᠮᠳᠡᠯ ᠤᠨ ᠴᠡᠴᠡᠭ ᠮᠢᠷᠠᠯᠵᠠᠨ ᠳᠡᠯᠭᠡᠷᠡᠵᠦ ᠪᠠᠶᠢᠯ᠎ᠠ᠃ ᠠᠳᠡ᠂ ᠠᠵᠢᠯᠲᠠᠳ ᠤᠷᠤᠰᠤᠮ᠎ᠠ ᠰᠠᠶᠢᠬᠠᠨ ᠬᠤᠣᠰ ᠬᠡᠯᠡ ᠪᠠᠷ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠪᠠᠷ ᠢᠷᠡᠭᠰᠡᠨ ᠤᠯᠠᠨ ᠲᠦᠮᠡᠨ ᠲᠠᠢ ᠶᠠᠷᠢᠯᠴᠠᠵᠤ᠂ ᠰᠠᠭᠤᠭᠠᠯᠢ ᠠᠷᠠᠳ ᠲᠤ ᠣᠶᠢᠯᠠᠭᠠᠯᠴᠠᠨ ᠨᠡᠪᠲᠡᠷᠡᠯᠴᠡᠬᠦ ᠬᠥᠭᠦᠷᠭᠡ ᠪᠠᠶᠢᠭᠤᠯᠵᠤ ᠥᠭᠴᠡᠢ᠃
W020250219361848988392_ORIGIN.jpg
    ︽ᠡᠨᠡ ᠬᠦ ᠴᠤᠩᠬᠤᠪᠴᠢ ᠶᠢᠨ ᠦᠢᠯᠡᠴᠢᠯᠡᠭᠡ ᠮᠠᠰᠢ ᠰᠠᠶᠢᠨ᠂ ᠰᠣᠯᠢᠯᠴᠠᠭ᠎ᠠ ᠴᠤ ᠬᠠᠷᠰᠢ ᠰᠠᠭᠠᠳ ᠦᠭᠡᠢ᠂ ᠠᠵᠢᠯᠲᠠᠳ ᠲᠣᠪ ᠲᠣᠳᠣᠷᠬᠠᠢ ᠲᠠᠶᠢᠯᠪᠤᠷᠢᠯᠠᠵᠠᠢ︾ ᠭᠡᠵᠦ ᠲᠦᠯᠡᠭᠡ ᠮᠣᠳᠣ ᠪᠠᠯᠭᠠᠰᠤᠨ ᠤ ᠠᠵᠢᠯ ᠶᠠᠪᠤᠳᠠᠯ ᠭᠦᠶ᠋ᠴᠡᠳᠬᠡᠬᠦ ᠣᠯᠠᠨ ᠲᠦᠮᠡᠨ ᠮᠢᠩ ᠶᠤᠸᠠᠢ ᠬᠡᠯᠡᠪᠡ᠃    ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠣᠳᠠᠲᠠᠶ ᠪᠥᠭᠡᠳ ᠨᠠᠷᠢᠯᠢᠭ ᠬᠢᠬᠦ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠪᠥᠬᠦ ᠬᠤᠰᠢᠭᠤᠨ ᠤ ᠮᠣᠩᠭᠤᠯ ᠦᠨᠳᠦᠰᠦᠲᠡᠨ ᠤ ᠬᠥᠮᠦᠨ ᠠᠮᠠ ᠨᠡᠯᠢᠶᠡᠳ ᠣᠯᠠᠨ᠂ ᠣᠯᠠᠨ ᠲᠦᠮᠡᠨ ᠠᠵᠢᠯ ᠶᠠᠪᠤᠳᠠᠯ ᠬᠢᠬᠦ ᠳᠡᠭᠡᠨ ᠨᠡᠪᠲᠡᠷᠡᠯᠴᠡᠬᠦ ᠳᠤ ᠬᠦᠴᠢᠷᠲᠡᠶ ᠪᠠᠶᠢᠬᠤ ᠪᠠᠶᠢᠳᠠᠯ ᠳᠤ ᠴᠢᠭᠯᠡᠭᠦᠯᠦᠨ᠂ ︽ᠬᠢᠲᠠᠳ ᠬᠡᠯᠡ + ᠮᠣᠩᠭᠤᠯ ᠬᠡᠯᠡ︾ ᠶᠢᠨ ᠬᠤᠤᠰ ᠬᠡᠯᠡᠨ ᠤ ᠦᠢᠯᠡᠴᠢᠯᠡᠭᠡ ᠶᠢ ᠢᠳᠡᠪᠬᠢᠲᠡᠶ ᠠᠬᠢᠭᠤᠯᠵᠤ᠂ ᠮᠣᠩᠭᠤᠯ ᠦᠨᠳᠦᠰᠦᠲᠡᠨ ᠤ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠯᠤᠭᠤᠳᠬᠠᠵᠤ᠂ ᠳᠥᠭᠦᠮ ᠳᠥᠲᠡ᠂ ᠳᠣᠲᠣᠨᠣ ᠦᠢᠯᠡᠴᠢᠯᠡᠭᠡ ᠬᠠᠩᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠪᠠ᠃
W020250219361849077957_ORIGIN.jpg
    ︽ᠪᠤᠰᠤᠳ ᠭᠠᠴᠠᠭ᠎ᠠ ᠬᠢᠵᠦ ᠴᠢᠳᠠᠬᠤ ᠵᠦᠢᠯ ᠢ ᠮᠠᠨ ᠤ ᠭᠠᠴᠠᠭ᠎ᠠ ᠴᠤ ᠠᠳᠠᠯᠢᠬᠠᠨ ᠬᠢᠵᠦ ᠴᠢᠳᠠᠨ᠎ᠠ᠃︾ 2023 ᠣᠨ ᠳᠤ᠂ ᠲᠣᠰᠬᠤᠨ ᠤ ᠠᠷᠠᠳ ᠳ᠋ᠦᠩ ᠴᠠᠩ ᠪᠦᠦ ᠲᠠᠢ ᠬᠠᠮᠲᠤᠷᠠᠨ ᠭᠢᠷᠢᠨ ᠮᠤᠵᠢ ᠶᠢᠨ ᠲᠦᠩ ᠢᠦᠶ ᠰᠢᠶᠠᠨ ᠤ ᠪᠦᠯᠬᠦᠮᠳᠡᠯ ᠰᠢᠶᠠᠩ ᠳᠤ ᠬᠦᠷᠴᠦ ᠲᠥᠷᠥᠯ ᠰᠠᠳᠤᠨ ᠢᠶᠠᠨ ᠡᠷᠬᠢᠨ ᠦᠵᠡᠬᠦ ᠳᠡᠭᠡᠨ᠂ ᠬᠥᠳᠡᠭᠡ ᠲᠣᠰᠬᠤᠨ ᠤ ᠠᠷᠠᠳ ᠪᠠᠷᠤᠭ ᠠᠶᠢᠯ ᠪᠣᠯᠭᠠᠨ ᠴᠥᠮ ᠤᠯᠠᠭᠠᠨ ᠯᠠᠵᠤᠤ ᠳᠠᠷᠢᠵᠤ᠂ ᠵᠢᠯ ᠪᠦᠷᠢ ᠵᠥᠪᠬᠡᠨ ᠯᠠᠵᠤᠤ ᠳᠠᠷᠢᠪᠠᠯ ᠪᠠᠭ᠎ᠠ ᠪᠤᠰᠤ ᠣᠷᠣᠯᠭ᠎ᠠ ᠲᠠᠢ ᠪᠣᠯᠬᠤ ᠶᠢ ᠣᠶᠢᠯᠠᠭᠠᠪᠠ᠃ ᠪᠦᠯᠬᠦᠮᠳᠡᠯ ᠰᠢᠶᠠᠩ ᠠᠴᠠ ᠵᠥᠪᠬᠡᠨ 20 ᠭᠠᠷᠤᠶ ᠺᠢᠯᠣᠮᠧᠲᠷ ᠵᠠᠶᠢᠲᠠᠶ᠂ ᠬᠥᠷᠥᠰᠥ ᠰᠢᠷᠣᠶ ᠪᠠ ᠠᠭᠤᠷ ᠠᠮᠢᠰᠬᠤᠯ ᠨᠢ ᠮᠠᠰᠢ ᠠᠳᠠᠯᠢᠪᠲᠤᠷ᠂ ᠤᠯᠠᠭᠠᠨ ᠯᠠᠵᠤᠤ ᠳᠠᠷᠢᠬᠤ ᠳᠤ ᠳᠣᠭᠢᠷᠠᠨ᠎ᠠ᠃ ᠡᠭᠦᠨ ᠠᠴᠠ ᠡᠬᠢᠯᠡᠨ ᠪᠦᠯᠬᠦᠮᠳᠡᠯ ᠰᠢᠶᠠᠩ ᠲᠠᠢ ᠬᠤᠯᠪᠣᠭᠠᠯᠠᠨ ᠬᠠᠮᠳᠤᠷᠠᠨ ᠠᠵᠢᠯᠯᠠᠬᠤ ᠠᠶᠠᠯᠠᠯ ᠢ ᠡᠬᠢᠯᠡᠭᠦᠯᠪᠡ᠃
W020250219361849094847_ORIGIN.jpg
    ︽ᠪᠤᠴᠠᠵᠤ ᠢᠷᠡᠭᠰᠡᠨ ᠤ ᠳᠠᠷᠠᠭ᠎ᠠ᠂ ᠪᠢ ᠭᠠᠴᠠᠭᠠᠨ ᠤ ᠨᠠᠮ ᠤᠨ ᠡᠭᠦᠷ ᠤᠨ ᠱᠦᠵᠢ ᠭᠤᠤ ᠯᠢ ᠵᠢᠶᠦ᠋ᠨ ᠳᠤ ᠪᠠᠶᠢᠳᠠᠯ ᠢ ᠲᠤᠰᠬᠠᠵᠤ᠂ ᠮᠠᠰᠢ ᠠᠮᠵᠢᠯᠲᠠ ᠲᠠᠢ ᠲᠤᠷᠰᠢᠨ ᠲᠠᠷᠢᠪᠠ᠃ ᠤᠳᠤ ᠪᠢᠳᠡ ᠪᠠᠰᠠ ᠰᠢᠨ᠎ᠡ ᠲᠣᠨᠤᠭ ᠲᠥᠬᠦᠭᠡᠷᠦᠮᠵᠢ ᠣᠷᠣᠭᠤᠯᠪᠠ᠂ ᠮᠧᠬᠠᠨᠢᠭᠵᠢᠭᠤᠯᠤᠨ ᠠᠵᠢᠯᠯᠠᠬᠤ ᠶᠢ ᠪᠡᠶᠡᠯᠡᠭᠦᠯᠵᠦ ᠪᠣᠯᠤᠨ᠎ᠠ︾  ᠭᠡᠵᠤ ᠳ᠋ᠦᠩ ᠴᠠᠩ ᠪᠦᠦ ᠭᠠᠴᠠᠭᠠᠨ ᠤ ᠰᠢᠨ᠎ᠡ ᠣᠷᠣᠭᠤᠯᠤᠭᠰᠠᠨ ᠯᠠᠵᠤᠤ ᠬᠠᠳᠤᠵᠤ ᠬᠤᠷᠢᠶᠠᠬᠤ ᠮᠠᠰᠢᠨ ᠢ ᠵᠢᠭᠠᠵᠤ ᠢᠨᠢᠶᠡᠮᠰᠦᠭᠯᠡᠨ ᠬᠡᠯᠡᠪᠡ᠃
W020250219362446912566_ORIGIN.jpg
    ᠣᠯᠠᠨ ᠤᠳᠠᠭᠠᠨ ᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠷᠤᠯᠴᠠᠬᠤ ᠪᠠᠷ ᠳᠠᠮᠵᠢᠨ ︽ᠨᠠᠮ ᠤᠨ ᠡᠭᠦᠷ + ᠠᠵᠤ ᠠᠬᠤᠶᠢᠯᠠᠯ + ᠲᠠᠷᠢᠶᠠᠴᠢᠨ ᠡᠷᠦᠬᠡ︾ ᠶᠢᠨ ᠬᠥᠭᠵᠢᠯᠲᠡ ᠶᠢᠨ ᠬᠡᠯᠪᠡᠷᠢ ᠶᠢ ᠰᠦᠪᠡᠭᠴᠢᠯᠡᠨ ᠬᠡᠷᠡᠭᠵᠢᠭᠦᠯᠪᠡ᠃ 2023 ᠣᠨ ᠳᠤ ᠭᠢᠷᠢᠨ ᠮᠤᠵᠢ ᠶᠢᠨ ᠲᠤᠤ ᠨᠠᠨ ᠬᠤᠲᠠ ᠶᠢᠨ ᠨᠢᠭᠡᠨ ᠢᠳᠡᠭᠡᠨ ᠬᠤᠳᠠᠯᠳᠤᠨ ᠠᠪᠬᠤ ᠺᠣᠮᠫᠠᠨᠢ ᠲᠠᠢ ᠤᠯᠠᠭᠠᠨ ᠯᠠᠵᠤᠤ ᠬᠤᠳᠠᠯᠳᠤᠨ ᠠᠪᠬᠤ ᠭᠡᠷ᠎ᠡ ᠲᠣᠭᠲᠠᠵᠤ᠂ ᠲᠠᠷᠢᠮᠠᠯ ᠤᠨ ᠡᠷᠦᠬᠡ ᠨᠦᠭᠦᠳ ᠡᠯᠪᠡᠭ ᠬᠤᠷᠢᠶᠠᠯᠲᠠ ᠣᠯᠵᠠᠶ᠃ 2024 ᠣᠨ ᠳᠤ ᠪᠠᠰᠠ ᠰᠢᠨ᠎ᠡ ᠡᠭᠦᠯᠳᠡᠷ ᠤᠨ ᠤᠯᠠᠭᠠᠨ ᠯᠠᠵᠤᠤ ᠨᠡᠮᠡᠵᠦ᠂ ᠭᠢᠷᠢᠨ ᠮᠤᠵᠢ ᠶᠢᠨ ᠲᠦᠩ ᠢᠦᠶ ᠰᠢᠶᠠᠨ ᠤ ᠬᠤᠶᠠᠷ ᠠᠵᠤ ᠠᠬᠤᠶᠢᠯᠠᠯ ᠲᠠᠢ ᠬᠤᠳᠠᠯᠳᠤᠨ ᠠᠪᠬᠤ ᠭᠡᠷ᠎ᠡ ᠲᠣᠭᠲᠠᠵᠤ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠪᠡ᠃
W020250219362446946620_ORIGIN.jpg
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号