︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ | ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢ ᠯᠠᠪᠳᠠᠭᠤᠨ ᠬᠦᠴᠦᠲᠡᠶ ᠥᠷᠨᠢᠭᠦᠯᠬᠦ ᠶᠢᠨ ᠲᠥᠯᠥᠭᠡ᠂ | ᠤᠯᠠᠭᠠᠨᠬᠠᠳᠠ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠵᠢᠯ ᠶᠠᠪᠤᠳᠠᠯ | ᠭᠦᠢᠴᠡᠳᠭᠡᠬᠦ ᠶᠠᠪᠤᠴᠠ ᠳᠠᠬᠢ ᠬᠦᠴᠢᠷ ᠠᠰᠠᠭᠤᠳᠠᠯ᠂ ᠡᠪᠡᠷᠰᠢᠶᠡᠯ᠂ ᠲᠦᠭᠵᠢᠷᠡᠯ ᠳᠤ ᠠᠩᠬᠠᠷᠤᠯ ᠢᠶᠠᠨ | ᠲᠥᠪᠯᠡᠷᠡᠭᠦᠯᠵᠦ᠂ ︽ᠵᠠᠰᠠᠭ ᠠᠵᠤ ᠠᠬᠤᠶᠢᠯᠠᠯ ᠤᠨ ᠰᠠᠶᠢᠨ ᠰᠠᠶᠢᠬᠠᠨ ᠬᠠᠷᠢᠯᠴᠠᠨ ᠬᠥᠳᠡᠯᠦᠯᠴᠡᠬᠦ ᠪᠠᠶᠢᠷᠢᠰᠢᠯ ᠢ | ᠪᠠᠶᠢᠭᠤᠯᠵᠤ᠂ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠬᠤ︾ ᠪᠠᠷ | ᠬᠠᠷᠠᠯᠲᠠ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ︽ᠳᠥᠭᠦᠮ ᠳᠥᠲᠡ᠂ ᠢᠯᠡ ᠲᠣᠳᠣ᠂ | ᠳᠣᠲᠣᠨᠣᠰᠤᠭ︾ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠪᠠ᠃ | ᠥᠭᠡᠷᠡᠴᠢᠯᠡᠯᠲᠡ ᠪᠠᠷ ᠭᠠᠷᠳᠠᠴᠠ ᠪᠣᠯᠭᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠠᠷᠢᠮᠵᠢᠶᠠᠵᠢᠭᠤᠯᠤᠯᠲᠠ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠷᠣᠵᠤ | ᠰᠠᠭᠤᠬᠤ ᠦᠢᠯᠡᠴᠢᠯᠡᠭᠡᠨ ᠤ ᠴᠣᠩᠬᠤᠪᠴᠢ ᠶᠢᠨ ᠦᠢᠯᠡᠴᠢᠯᠡᠭᠡᠨ ᠤ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠬᠦ | ᠨᠥᠬᠦᠴᠡᠯ᠂ ᠭᠦᠢᠴᠡᠳᠭᠡᠬᠦ ᠴᠤᠪᠤᠷᠠᠯ᠂ ᠭᠤᠶᠤᠴᠢᠯᠠᠬᠤ ᠮᠠᠲ᠋ᠧᠷᠢᠶᠠᠯ ᠵᠡᠷᠭᠡ ᠬᠦᠴᠦᠨ ᠵᠦᠢᠯ ᠢ ᠴᠠᠭ ᠲᠤᠬᠠᠶ ᠳᠤᠨᠢ | ᠬᠥᠳᠡᠯᠦᠩᠭᠦᠶ ᠪᠠᠷ ᠳᠣᠭᠢᠷᠠᠭᠤᠯᠵᠤ ᠰᠢᠯᠢᠳᠡᠭᠵᠢᠭᠦᠯᠦᠨ᠎ᠡ᠃ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠶᠣᠰᠣᠭᠠᠷ᠂ | ᠠᠵᠢᠯ ᠶᠠᠪᠤᠳᠠᠯ ᠭᠦᠢᠴᠡᠳᠭᠡᠬᠦ ᠭᠤᠭᠴᠤᠭ᠎ᠠ ᠶᠢ ᠴᠣᠮᠬᠠᠳᠬᠠᠨ᠂ ᠠᠵᠢᠯ ᠶᠠᠪᠤᠳᠠᠯ ᠭᠦᠢᠴᠡᠳᠭᠡᠬᠦ ᠬᠦᠴᠦᠨ | ᠴᠢᠳᠠᠪᠤᠷᠢ ᠶᠢ ᠳᠡᠭᠡᠭᠰᠢᠯᠡᠭᠦᠯᠵᠦ᠂ 37 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠴᠥᠮ | ᠵᠠᠰᠠᠭ ᠤᠨ ᠶᠠᠪᠤᠳᠠᠯ ᠤᠨ ᠲᠢᠩᠬᠢᠮ ᠤᠨ ᠴᠣᠩᠬᠤᠪᠴᠢ ᠳᠤ ᠡᠷᠬᠡ ᠣᠯᠭᠤᠨ ᠲᠥᠪᠯᠡᠷᠡᠭᠦᠯᠦᠨ ᠭᠦᠢᠴᠳᠭᠡᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠭᠡᠬᠦ ᠴᠠᠭ ᠤᠨ ᠬᠢᠵᠠᠭᠠᠷ ᠢ 50 % ᠠᠴᠠ | ᠳᠡᠭᠡᠭᠰᠢ ᠪᠣᠭᠤᠨᠢᠰᠬᠠᠪᠠ᠃ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠴᠤᠪᠤᠷᠠᠯ ᠢ ᠰᠢᠯᠢᠳᠡᠭᠵᠢᠭᠦᠯᠬᠦ᠂ ᠰᠦᠯᠵᠢᠶᠡᠨ | ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠠᠭᠤᠰᠤᠯᠴᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ | ᠠᠬᠤᠶᠢᠯᠠᠯ ᠳᠤ ᠦᠢᠯᠡᠴᠢᠯᠡᠭᠡ ᠬᠠᠩᠭᠠᠨ᠎ᠠ᠃ | ᠬᠢᠨᠠᠨ ᠬᠠᠮᠢᠶᠠᠷᠬᠤ ᠪᠠᠷ ᠲᠤᠯᠭᠠᠭᠤᠷᠢᠯᠠᠯ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠢᠷᠤᠮᠵᠢᠯᠲᠠ ᠶᠢ ᠠᠬᠢᠭᠤᠯᠤᠨ᠎ᠠ᠃ ︽ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠲᠤ ᠴᠣᠬᠢᠯᠲᠠ ᠥᠭᠴᠦ | ᠵᠠᠰᠠᠬᠤ︾᠂ ᠭᠠᠳᠠᠭᠰᠢ ᠪᠠᠷᠢᠯᠭ᠎ᠠ ᠳᠠᠭᠠᠭᠠᠴᠢᠯᠠᠭᠤᠯᠬᠤ᠂ ᠵᠠᠭᠤᠴᠢ ᠪᠠᠶᠢᠭᠤᠯᠤᠮᠵᠢ ᠵᠡᠷᠭᠡ ᠲᠤᠰᠬᠠᠢ ᠵᠦᠢᠯ ᠤᠨ | ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ᠲᠤᠰᠬᠠᠢ ᠮᠡᠷᠭᠡᠵᠢᠯᠲᠡᠨ ᠢ ᠪᠠᠶᠢᠩᠭᠤᠵᠢᠭᠤᠯᠤᠨ ᠤᠷᠢᠵᠤ ᠬᠠᠤᠯᠢ | ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠬᠤ ᠲᠤ ᠣᠷᠣᠯᠴᠠᠭᠤᠯᠤᠨ᠂ ᠦᠢᠯᠡᠳᠪᠦᠷᠢᠯᠡᠬᠦ ᠶᠢ ᠨᠢ ᠵᠣᠭᠰᠣᠭᠠᠨ | ᠴᠡᠭᠴᠡᠯᠡᠬᠦ᠂ ᠨᠡᠪᠲᠡᠷᠡᠭᠦᠯᠦᠨ ᠢᠯᠡᠴᠢᠯᠡᠬᠦ᠂ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠲᠤᠯᠭᠠᠬᠤ᠂ ᠡᠷᠡᠭᠦᠦ | ᠰᠢᠳᠬᠡᠯ ᠢ ᠵᠣᠯᠭᠠᠭᠤᠯᠬᠤ᠂ ︽ᠨᠢᠭᠡ ᠬᠡᠷᠡᠭ ᠢ ᠬᠤᠶᠠᠷ ᠢᠶᠠᠷ ᠲᠣᠷᠭᠠᠬᠤ︾ ᠵᠡᠷᠭᠡ ᠠᠷᠭ᠎ᠠ ᠪᠠᠷᠢᠯ ᠢ ᠠᠪᠴᠤ᠂ | ᠠᠵᠤ ᠠᠬᠤᠶᠢᠯᠠᠯ ᠤᠨ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠲᠤ | ᠴᠢᠩᠭ᠎ᠠ ᠴᠣᠬᠢᠯᠲᠠ ᠥᠭᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠠᠤᠯᠢ ᠲᠣᠭᠲᠠᠭᠠᠯ ᠢ | ᠵᠢᠷᠤᠮᠯᠠᠬᠤ ᠶᠢ ᠲᠥᠯᠬᠢᠨ ᠠᠬᠢᠭᠤᠯᠤᠨ᠎ᠠ᠃ 2024 ᠣᠨ ᠳᠤ᠂ ᠪᠥᠬᠦ ᠬᠤᠲᠠ ᠳᠤ ᠨᠡᠶᠢᠲᠡ 1817 ᠬᠡᠷᠡᠭ ᠢ | ᠬᠡᠷᠡᠭ ᠪᠣᠯᠭᠠᠨ ᠳᠡᠩᠰᠡᠯᠡᠵᠦ᠂ 4169 ᠲᠦᠮᠡᠨ ᠲᠥᠭᠦᠷᠢᠭ ᠤᠨ ᠵᠠᠰᠠᠭ ᠵᠠᠬᠢᠷᠭᠠᠨ ᠤ ᠰᠢᠳᠬᠡᠯ ᠥᠭᠴᠦ᠂ 16 | ᠠᠰᠠᠭᠤᠳᠠᠯ ᠢ ᠰᠢᠯᠵᠢᠭᠦᠯᠦᠨ ᠲᠤᠰᠢᠶᠠᠪᠠ᠃ ︽ᠤᠯᠠᠭᠠᠨᠬᠠᠳᠠ ᠬᠤᠲᠠ ᠶᠢᠨ ᠪᠠᠴᠢᠮ ᠪᠠᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠣᠪᠴᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠢᠯᠡᠴᠢᠯᠡᠨ ᠮᠡᠳᠡᠭᠦᠯᠬᠦ ᠬᠠᠮᠢᠶᠠᠷᠤᠯᠲᠠ ᠶᠢᠨ | ᠠᠷᠭ᠎ᠠ︾ ᠳᠤ ᠵᠠᠰᠠᠪᠤᠷᠢ ᠣᠷᠣᠭᠤᠯᠵᠤ᠂ ᠨᠥᠬᠦᠴᠡᠯ ᠳᠤ ᠨᠡᠶᠢᠴᠡᠭᠰᠡᠨ 9 ᠢᠯᠡᠴᠢᠯᠡᠨ ᠮᠡᠳᠡᠭᠦᠯᠦᠯᠲᠡ ᠶᠢ 1 . 84 | ᠲᠦᠮᠡᠨ ᠲᠥᠭᠦᠷᠢᠭ ᠢᠶᠠᠷ ᠰᠣᠯᠢᠪᠠ᠃ ︽ᠬᠤᠶᠠᠷ ᠢ ᠲᠠᠰᠢᠷᠠᠮ ᠳᠠᠭᠠᠤ᠂ ᠨᠢᠭᠡ ᠶᠢ ᠢᠯᠡ ᠪᠣᠯᠭᠠᠬᠤ︾᠂ ︽ᠢᠨᠲ᠋ᠧᠷ | ᠰᠦᠯᠵᠢᠶ᠎ᠡ + ᠬᠢᠨᠠᠯᠲᠠ ᠬᠠᠮᠢᠶᠠᠷᠤᠯᠲᠠ︾ ᠪᠠ ᠪᠥᠬᠦ ᠤᠯᠤᠰ ᠠᠴᠠ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ | ᠢ ᠭᠦᠢᠴᠡᠳ ᠬᠡᠷᠡᠭᠯᠡᠵᠦ᠂ ᠬᠢᠨᠠᠯᠲᠠ ᠬᠠᠮᠢᠶᠠᠷᠤᠯᠲᠠ ᠶᠢᠨ ᠠᠵᠤ ᠠᠬᠤᠶᠢᠯᠠᠯ ᠤᠨ ᠪᠠᠶᠢᠳᠠᠯ ᠢ ᠬᠢᠨᠠᠨ ᠵᠢᠯᠣᠭᠤᠳᠴᠤ | ᠪᠠᠶᠢᠴᠠᠭᠠᠬᠤ ᠶᠢᠨ ᠬᠠᠮᠲᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠤ ᠠᠬᠤᠶᠢᠯᠠᠯ ᠤᠨ ᠦᠢᠯᠡ ᠠᠵᠢᠯᠯᠠᠭ᠎ᠠ ᠶᠢ | ᠢᠯᠡ ᠨᠡᠶᠢᠲᠡᠯᠡᠵᠦ᠂ ᠬᠢᠨᠠᠯᠲᠠ ᠬᠠᠮᠢᠶᠠᠷᠤᠯᠲᠠ ᠶᠢ ᠪᠣᠳᠠᠲᠠᠶᠢᠵᠢᠭᠤᠯᠬᠤ᠂ ᠬᠠᠤᠯᠢ ᠬᠡᠷᠡᠭᠵᠢᠭᠦᠯᠬᠦ ᠶᠢ ᠵᠠᠪᠠᠯ ᠴᠢᠩᠭ᠎ᠠ | ᠪᠠᠶᠢᠯᠭᠠᠬᠤ ᠶᠢ ᠦᠨᠡᠨᠬᠦ ᠭᠦᠢᠴᠡᠳᠭᠡᠬᠦ ᠬᠡᠷᠡᠭᠲᠡᠶ᠃ | ᠦᠢᠯᠡᠴᠢᠯᠡᠭᠡ ᠪᠠᠷ ᠵᠣᠷᠢᠯᠲᠠ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠥᠭᠦᠮᠴᠢᠯᠡᠯᠲᠡ ᠶᠢ | ᠲᠦᠷᠭᠡᠳᠬᠡᠨ᠎ᠡ᠃ ︽ᠰᠠᠶᠢᠨ ᠮᠠᠭᠤ ᠦᠨᠡᠯᠡᠯᠲᠡ︾ ᠶᠢᠨ ᠰᠢᠰᠲ᠋ᠧᠮ᠂ 12345 ᠠᠷᠠᠳ ᠲᠤ ᠲᠥᠬᠦᠮ ᠦᠵᠡᠭᠦᠯᠬᠦ | ᠬᠠᠯᠠᠮᠰᠢᠯ ᠤᠲᠠᠰᠤ ᠵᠡᠷᠭᠡ ᠶᠢ ᠭᠦᠢᠴᠡᠳ ᠠᠰᠢᠭᠯᠠᠨ᠂ ᠠᠰᠠᠭᠤᠨ ᠯᠠᠪᠯᠠᠵᠤ ᠭᠦᠢᠴᠡᠳᠭᠡᠬᠦ ᠵᠦᠢᠯᠡᠰ ᠢ ᠴᠠᠭ | ᠲᠤᠬᠠᠶ ᠳᠤᠨᠢ ᠬᠠᠷᠢᠭᠤ ᠥᠭᠭᠦᠨ᠎ᠡ᠃ ᠲᠥᠷᠥ ᠶᠢᠨ ᠪᠣᠳᠣᠯᠭ᠎ᠠ ᠶᠢ ᠤᠬᠠᠭᠤᠯᠬᠤ ᠪᠠ ᠲᠠᠶᠢᠯᠪᠤᠷᠢᠯᠠᠬᠤ ᠡᠷᠴᠢᠮ ᠢᠶᠠᠨ | ᠴᠢᠩᠭᠠᠷᠠᠭᠤᠯᠵᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠵᠢᠯ ᠶᠠᠪᠤᠳᠠᠯ ᠭᠦᠢᠴᠡᠳᠭᠡᠬᠦ ᠠᠵᠤ ᠠᠬᠤᠶᠢᠯᠠᠯ ᠪᠠ | ᠣᠯᠠᠨ ᠲᠦᠮᠡᠨ ᠳᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠦᠢᠯᠡᠴᠢᠯᠡᠭᠡ ᠶᠢ ᠰᠠᠶᠢᠲᠤᠷ ᠬᠢᠵᠦ᠂ ᠪᠥᠬᠦ | ᠵᠢᠯ ᠳᠤ ᠴᠤᠩᠬᠤᠪᠴᠢ᠂ ︽5 . 12︾ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ | ᠡᠳᠦᠷ᠂ ︽ᠠᠶᠤᠯ ᠥᠬᠡᠶ ᠦᠢᠯᠡᠳᠪᠦᠷᠢᠯᠡᠯ ᠤᠨ ᠰᠠᠷ᠎ᠠ︾ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠠᠵᠤ | ᠠᠬᠤᠶᠢᠯᠠᠯ᠂ ᠣᠯᠠᠨ ᠲᠦᠮᠡᠨ ᠳᠤ ᠭᠦᠢᠴᠡᠳᠭᠡᠬᠦ ᠴᠤᠪᠤᠷᠠᠯ ᠤᠨ ᠤᠬᠠᠭᠤᠯᠭ᠎ᠠ ᠶᠢᠨ ᠮᠠᠲ᠋ᠧᠷᠢᠶᠠᠯ ᠢ 300 ᠭᠠᠷᠤᠶ | ᠬᠤᠪᠢ ᠲᠠᠷᠬᠠᠭᠠᠪᠠ᠃ ᠡᠭᠦᠨ ᠤ ᠬᠠᠮᠲᠤ᠂ ᠴᠤᠩᠬᠤᠪᠴᠢ ᠶᠢᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ | ᠴᠢᠩᠭᠠᠷᠠᠭᠤᠯᠵᠤ᠂ ᠴᠤᠩᠬᠤᠪᠴᠢ ᠶᠢᠨ ᠠᠵᠢᠯ ᠶᠠᠪᠤᠳᠠᠯ ᠭᠦᠢᠴᠡᠳᠭᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ | ᠴᠤᠩᠬᠤᠪᠴᠢ ᠶᠢᠨ ᠠᠵᠢᠯᠲᠠᠨ ᠤ ᠦᠢᠯᠡᠴᠢᠯᠡᠬᠦ ᠣᠪᠣᠷ ᠢ ᠳᠡᠭᠡᠭᠰᠢᠯᠡᠭᠦᠯᠵᠦ᠂ ᠣᠯᠠᠨ ᠲᠦᠮᠡᠨ ᠤ ᠬᠢᠨᠠᠯᠲᠠ ᠲᠠᠯᠪᠢᠬᠤ | ᠡᠷᠴᠢᠮ ᠢ ᠴᠢᠩᠭᠠᠷᠠᠭᠤᠯᠤᠨ᠂ ᠣᠯᠠᠨ ᠲᠦᠮᠡᠨ ᠤ ᠳᠡᠭᠡᠳᠦ ᠬᠡᠮᠵᠢᠶᠡᠨ ᠤ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ | ᠪᠠᠲᠤᠯᠠᠨ᠎ᠠ᠃ |