ᠠᠷᠪᠠᠨ ᠲᠠᠪᠤᠳᠤᠭᠠᠷ ᠲᠠᠪᠤᠨ ᠵᠢᠯ ᠤᠨ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠥᠯᠥᠪᠵᠢᠭᠦᠯᠭᠡ ᠶᠢᠨ ᠬᠠᠮᠵᠢᠯᠴᠠᠬᠤ ᠠᠵᠢᠯ ᠤᠨ ᠲᠣᠭᠲᠠᠴᠠ ᠶᠢᠨ ᠠᠩᠬᠠᠳᠤᠭᠠᠷ ᠬᠤᠷᠠᠯᠳᠤᠭᠠᠨ ᠬᠤᠷᠠᠯᠳᠤᠪᠠ
ᠨᠡᠶᠢᠲᠡᠯᠡᠭᠰᠡᠨ ᠴᠠᠭ᠄
2025/2/21
    ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠡᠯ᠎ᠡ ᠲᠥᠷᠥᠯ ᠤᠨ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠵᠣᠬᠢᠴᠠᠯᠳᠤᠨ ᠬᠠᠮᠵᠢᠯᠴᠠᠬᠤ ᠪᠠᠨ ᠴᠢᠩᠭᠠᠷᠠᠭᠤᠯᠤᠨ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠶᠢᠨ ᠲᠤᠰᠠᠳᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠠᠴᠠ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ︽105︾ ᠶᠢᠨ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠥᠯᠥᠪᠵᠢᠭᠦᠯᠭᠡ ᠶᠢᠨ ᠬᠠᠮᠵᠢᠯᠴᠠᠬᠤ ᠠᠵᠢᠯ ᠤᠨ ᠲᠣᠭᠲᠠᠴᠠ ︵ᠳᠣᠷᠣᠭᠰᠢ ᠬᠠᠮᠵᠢᠯᠴᠠᠬᠤ ᠠᠵᠢᠯ ᠤᠨ ᠲᠣᠭᠲᠠᠴᠠ ᠭᠡᠵᠦ ᠲᠣᠪᠴᠢᠯᠠᠨ᠎ᠠ︶ ᠶᠢ ᠪᠠᠶᠢᠭᠤᠯᠪᠠ᠃ ᠲᠦᠷᠦᠭᠦᠬᠡᠨ᠂ ᠬᠠᠮᠵᠢᠯᠴᠠᠬᠤ ᠠᠵᠢᠯ ᠤᠨ ᠲᠣᠭᠲᠠᠴᠠ ᠶᠢᠨ ᠠᠩᠬᠠᠳᠤᠭᠠᠷ ᠬᠤᠷᠠᠯ ᠪᠡᠭᠡᠵᠢᠩ ᠳᠤ ᠬᠤᠷᠠᠯᠳᠤᠪᠠ᠃    ᠬᠤᠷᠠᠯ ᠠᠴᠠ ᠬᠠᠮᠵᠢᠯᠴᠠᠬᠤ ᠠᠵᠢᠯ ᠤᠨ ᠲᠣᠭᠲᠠᠴᠠ ᠶᠢᠨ ᠶᠡᠷᠦᠩᠬᠡᠶ ᠪᠣᠳᠣᠯᠬᠢᠯᠠᠯ ᠵᠢᠴᠢ ᠠᠵᠢᠯᠯᠠᠭᠠᠨ ᠤ ᠲᠦᠷᠢᠮ ᠵᠡᠷᠭᠡ ᠪᠠᠶᠢᠳᠠᠯ ᠢ ᠵᠠᠷᠯᠠᠨ ᠮᠡᠳᠡᠭᠳᠡᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠪᠣᠯᠤᠨ ᠤᠯᠤᠰ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ᠂ ᠤᠯᠤᠰ ᠤᠨ ᠠᠭᠤᠷᠬᠠᠶ ᠶᠢᠨ ᠠᠶᠤᠯᠭᠦᠶ  ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠵᠤᠷᠭᠠᠨ ᠲᠣᠪᠴᠢᠶ᠎ᠠ ᠲᠣᠰ ᠲᠣᠰ ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠦᠷᠢᠶᠡᠨ ᠳᠠᠬᠢ ᠡᠯ᠎ᠡ ᠲᠥᠷᠥᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠬᠢᠴᠠ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠪᠣᠳᠣᠯᠬᠢᠯᠠᠯ ᠢᠶᠠᠨ ᠬᠠᠷᠢᠭᠤ ᠮᠡᠳᠡᠭᠦᠯᠪᠡ᠃    ᠬᠤᠷᠠᠯ ᠠᠴᠠ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠳᠤ ᠰᠠᠭᠤᠷᠢ ᠲᠠᠯᠪᠢᠬᠤ ᠵᠠᠩᠭᠢᠯᠠᠭ᠎ᠠ ᠶᠢᠨ ᠵᠢᠯ ᠮᠥᠨ᠂ ᠠᠳᠠᠯᠢ ᠰᠡᠳᠦᠪ ᠲᠤ ᠬᠠᠮᠲᠤ ᠪᠠᠷ ᠬᠠᠷᠢᠭᠤᠯᠬᠤ ᠶᠢ ᠪᠠᠷᠢᠮᠲᠠᠯᠠᠵᠤ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠦᠷᠢᠶᠡᠨ ᠤ ᠲᠥᠯᠥᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠣᠬᠢᠶᠠᠬᠤ ᠶᠢᠨ ᠲᠡᠦᠬᠡᠲᠦ ᠠᠴᠢ ᠬᠤᠯᠪᠣᠭᠳᠠᠯ᠂ ᠪᠣᠳᠠᠲᠤ ᠠᠴᠢ ᠬᠤᠯᠪᠣᠭᠳᠠᠯ ᠢ ᠭᠦᠨᠵᠡᠭᠡᠶ ᠲᠠᠨᠢᠬᠤ ᠬᠡᠷᠡᠭᠲᠡᠶ︔ ᠳᠠᠪᠲᠠᠮᠵᠢ ᠨᠢᠭᠡᠲᠡᠢ ᠪᠠᠶᠢᠬᠤ ᠶᠢ ᠪᠠᠷᠢᠮᠲᠠᠯᠠᠨ᠂ ᠠᠯᠬᠤᠭ᠎ᠠ ᠨᠢᠭᠡᠲᠡᠢ ᠪᠠᠶᠢᠬᠤ ᠶᠢ ᠦᠨᠡᠨ ᠬᠦ ᠪᠠᠲᠤᠯᠠᠵᠤ᠂ ᠤᠯᠤᠰ ᠤᠨ ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ︽ᠲᠣᠪᠴᠢ︾ ᠶᠢ ᠨᠠᠶᠢᠷᠠᠭᠤᠯᠤᠨ ᠵᠣᠬᠢᠶᠠᠵᠤ ᠲᠤᠬᠢᠷᠠᠭᠤᠯᠬᠤ ᠲᠠᠢ ᠬᠠᠷᠢᠴᠠᠭᠤᠯᠵᠤ᠂ ᠡᠯ᠎ᠡ ᠲᠦᠷᠦᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠲᠤᠰᠬᠠᠢ ᠰᠡᠳᠦᠪᠲᠦ ᠡᠭᠦᠷᠭᠡ ᠶᠢᠨ ᠰᠤᠳᠤᠯᠭᠠᠨ ᠤ ᠠᠵᠢᠯ ᠢ ᠱᠠᠯᠠᠪᠳᠠᠨ ᠵᠡᠷᠭᠡ ᠪᠠᠷ ᠲᠦᠯᠬᠢᠨ ᠠᠬᠢᠭᠤᠯᠵᠤ᠂ ᠴᠢᠭᠯᠡᠯ᠂ ᠬᠠᠷᠠᠯᠲᠠ᠂ ᠡᠭᠦᠷᠭᠡ ᠢᠨᠵᠧᠨᠧᠷᠢᠩ ᠨᠢᠭᠡᠳᠦᠯᠲᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ︔ ᠢᠵᠢᠯ ᠴᠢᠭᠯᠡᠯ ᠢᠶᠠᠷ ᠤᠷᠤᠭᠰᠢᠯᠠᠬᠤ ᠶᠢ ᠪᠠᠷᠢᠮᠲᠠᠯᠠᠵᠤ᠂ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠲᠤᠰ ᠲᠤᠰ ᠤᠨ ᠲᠤᠰᠬᠠᠢ ᠮᠡᠷᠭᠡᠵᠢᠯ ᠤᠨ ᠳᠠᠪᠠᠭᠤᠯᠢᠭ ᠲᠠᠭᠠᠨ ᠲᠦᠰᠢᠭᠯᠡᠵᠦ᠂ ᠲᠣᠭᠲᠠᠴᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠬᠠᠮᠵᠢᠯᠴᠠᠨ ᠠᠵᠢᠯᠯᠠᠬᠤ ᠲᠣᠭᠲᠠᠴᠠ ᠶᠢᠨ ᠥᠨᠳᠥᠷ ᠪᠦᠲᠦᠮᠵᠢᠲᠡᠢ ᠪᠠᠷ ᠠᠵᠢᠯᠯᠠᠬᠤ ᠶᠢ ᠬᠠᠮᠲᠤ ᠪᠠᠷ ᠠᠬᠢᠭᠤᠯᠬᠤ ᠬᠡᠷᠡᠭᠲᠡᠢ᠃    ᠠᠵᠢᠯ ᠤᠨ ᠲᠣᠭᠲᠠᠴᠠ ᠶᠢᠨ ᠬᠤᠷᠠᠯᠳᠤᠭᠤᠯᠤᠭᠴᠢ᠂ ᠳᠡᠳ᠋ ᠬᠤᠷᠠᠯᠳᠤᠭᠤᠯᠤᠭᠴᠢ᠂ ᠠᠵᠢᠯ ᠤᠨ ᠲᠣᠭᠲᠠᠴᠠ ᠶᠢᠨ ᠪᠦᠷᠢᠯᠳᠦᠬᠦᠨ᠂ ᠬᠤᠯᠪᠣᠭᠠᠴᠢᠨ ᠲᠠᠢ ᠬᠠᠮᠵᠢᠯᠴᠠᠨ ᠬᠤᠷᠠᠯ ᠳᠤ ᠣᠷᠣᠯᠴᠠᠨ᠎ᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号