ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ | ᠮᠠᠲ᠋ᠧᠷᠢᠶᠠᠯ | ᠥᠪᠥᠷ ᠵᠠᠰᠠᠭ ᠲᠠᠷᠬᠠᠭᠠᠭᠰᠠᠨ ﹇2024﹈ 37 ᠳ᠋ᠤᠭᠠᠷ ᠲᠣᠭᠠᠲᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠳᠤ ᠡᠵᠡᠯᠡᠨ | ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ | ᠠᠰᠢᠭᠯᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠶᠠᠪᠤᠭᠤᠯᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤᠨ ᠤ ᠠᠷᠠᠳ ᠤᠨ | ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ | ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠳᠤ ᠡᠵᠡᠯᠡᠨ | ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ | ᠠᠰᠢᠭᠯᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠠ ᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | 2024 ᠣᠨ ᠤ 12 ᠳ᠋ᠤᠭᠠᠷ ᠰᠠᠷ᠎ᠠ ᠶᠢᠨ 29 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ | ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ | ᠠᠪᠬᠤ ᠠᠵᠢᠯ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠬᠠᠷ᠎ᠠ ᠬᠥᠷᠥᠰᠥᠲᠦ ᠭᠠᠵᠠᠷ ᠤᠨ ᠡᠬᠢ ᠪᠠᠶᠠᠯᠢᠭ ᠢ | ᠪᠦᠲᠦᠮᠵᠢᠲᠡᠶ ᠠᠰᠢᠭᠯᠠᠬᠤ ᠶᠢ ᠠᠬᠢᠭᠤᠯᠤᠨ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ | ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ | ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ | ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ | ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠬᠡᠪᠴᠢᠶᠡᠨ ᠳᠠᠬᠢ | ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ | ᠬᠥᠷᠥᠰᠥ ᠶᠢ ᠮᠠᠯᠲᠠᠨ ᠠᠪᠬᠤ᠂ ᠵᠥᠭᠡᠭᠡᠪᠦᠷᠢᠯᠡᠬᠦ᠂ ᠬᠠᠳᠠᠭᠠᠯᠠᠬᠤ᠂ ᠬᠠᠮᠢᠶᠠᠷᠴᠤ ᠬᠠᠮᠠᠭᠠᠯᠠᠬᠤ᠂ ᠠᠰᠢᠭᠯᠠᠬᠤ ᠵᠡᠷᠭᠡ | ᠠᠵᠢᠯᠯᠠᠭ᠎ᠠ ᠳᠤ ᠲᠣᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃ | ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠬᠠᠷ᠎ᠠ ᠬᠥᠷᠥᠰᠥᠲᠦ ᠭᠠᠵᠠᠷ ᠭᠡᠳᠡᠭ ᠨᠢ ᠥᠪᠡᠷᠲᠡᠭᠡᠨ | ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠬᠡᠪᠴᠢᠶᠡᠨ ᠳᠠᠬᠢ ᠬᠠᠷ᠎ᠠ ᠪᠤᠶᠤ ᠬᠠᠷᠠᠪᠲᠤᠷ ᠢᠯᠵᠢᠮᠡᠭ ᠦᠩᠭᠡᠨ | ᠬᠥᠷᠥᠰᠥᠨ ᠤ ᠳᠠᠪᠬᠤᠷᠭ᠎ᠠ ᠶᠢᠨ᠂ ᠰᠢᠨᠵᠢ ᠲᠥᠯᠥᠪ ᠰᠠᠶᠢᠲᠠᠢ ᠰᠢᠮᠡᠯᠢᠭ ᠲᠠᠷᠢᠶᠠᠯᠠᠬᠤ ᠭᠠᠵᠠᠷ ᠢ ᠵᠢᠭᠠᠵᠤ ᠪᠤᠢ᠃ | ᠲᠣᠰ ᠠᠷᠭ᠎ᠠ ᠳᠤ ᠬᠡᠯᠡᠵᠦ ᠪᠠᠶᠢᠭ᠎ᠠ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ | ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠭᠡᠳᠡᠭ ᠨᠢ ᠮᠠᠰᠢᠨ ᠮᠧᠬᠠᠨᠢᠭ | ᠪᠤᠶᠤ ᠬᠥᠮᠥᠨ ᠤ ᠬᠦᠴᠦ ᠪᠠᠷ ᠳᠠᠮᠵᠢᠭᠤᠯᠤᠨ᠂ ᠲᠠᠷᠢᠶᠠᠯᠠᠬᠤ ᠳᠤ ᠲᠣᠬᠢᠷᠠᠬᠤ ᠬᠠᠷ᠎ᠠ ᠬᠥᠷᠥᠰᠥᠲᠦ ᠭᠠᠵᠠᠷ ᠤᠨ | ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ᠂ ᠰᠢᠨ᠎ᠡ ᠪᠠᠷ ᠬᠠᠭᠠᠯᠪᠤᠷᠢᠯᠠᠬᠤ ᠲᠠᠷᠢᠶᠠᠯᠠᠬᠤ ᠭᠠᠵᠠᠷ | ᠪᠠ ᠴᠢᠨᠠᠷ ᠮᠠᠭᠤᠲᠠᠢ ᠲᠠᠷᠢᠶᠠᠯᠠᠬᠤ ᠭᠠᠵᠠᠷ ᠢ ᠰᠠᠶᠢᠵᠢᠷᠠᠭᠤᠯᠬᠤ᠂ ᠪᠣᠬᠢᠷᠲᠤᠭᠰᠠᠨ ᠲᠠᠷᠢᠶᠠᠯᠠᠬᠤ ᠭᠠᠵᠠᠷ ᠢ ᠵᠠᠰᠠᠬᠤ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ᠂ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ | ᠵᠡᠷᠭᠡ ᠳᠤ ᠬᠡᠷᠡᠭᠯᠡᠬᠦ ᠶᠢ ᠵᠢᠭᠠᠵᠤ ᠪᠣᠶ᠃ | ᠳᠥᠷᠪᠡᠳᠦᠭᠡᠷ ᠵᠦᠢᠯ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ | ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠠᠵᠢᠯ ᠳᠤ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠬᠠᠤᠯᠢ ᠲᠣᠭᠲᠠᠭᠠᠯ ᠢ ᠵᠢᠷᠤᠮᠯᠠᠬᠤ᠂ ᠰᠢᠨᠵᠢᠯᠡᠬᠦ | ᠤᠬᠠᠭᠠᠨᠴᠢ ᠵᠢᠷᠤᠮᠵᠢᠭᠤᠨ ᠪᠠᠶᠢᠯᠭᠠᠬᠤ᠂ ᠮᠠᠯᠲᠠᠨ ᠠᠪᠬᠤ ᠶᠣᠰᠣᠲᠠᠢ ᠶᠢ ᠨᠢ ᠪᠦᠬᠦᠨ ᠢ ᠮᠠᠯᠲᠠᠨ ᠠᠪᠬᠤ᠂ ᠣᠶᠢᠷ᠎ᠠ | ᠬᠠᠪᠢ ᠳᠤ ᠪᠠᠨ ᠠᠰᠢᠭᠯᠠᠬᠤ ᠵᠠᠷᠴᠢᠮ ᠢ ᠵᠢᠷᠤᠮᠯᠠᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠰᠠᠯᠠᠭ᠎ᠠ | ᠮᠥᠴᠢᠷ ᠬᠠᠮᠵᠢᠯᠴᠠᠭᠰᠠᠨ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ ᠠᠵᠢᠯ ᠤᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠬᠦ ᠬᠡᠷᠡᠭᠲᠡᠢ᠃ | ᠲᠠᠪᠤᠳᠤᠭᠠᠷ ᠵᠦᠢᠯ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ | ᠲᠣᠰ ᠵᠠᠰᠠᠭ ᠵᠠᠬᠢᠷᠭᠠᠨ ᠤ ᠣᠷᠣᠨ ᠬᠡᠪᠴᠢᠶᠡᠨ ᠳᠠᠬᠢ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ | ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠠᠵᠢᠯ ᠢᠶᠠᠨ | ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ | ᠰᠠᠯᠠᠭ᠎ᠠ ᠮᠥᠴᠢᠷ ᠨᠢ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠂ ᠠᠮᠢ ᠠᠬᠤᠢ | ᠣᠷᠴᠢᠨ ᠲᠣᠭᠤᠷᠢᠨ᠂ ᠡᠳ᠋ ᠤᠨ ᠵᠠᠰᠠᠭ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠵᠤ | ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠪᠣᠳᠠᠲᠠᠢ ᠨᠠᠶᠢᠳᠠᠪᠤᠷᠢᠵᠢᠭᠤᠯᠬᠤ ᠠᠵᠢᠯ ᠢ | ᠬᠠᠷᠢᠭᠤᠴᠠᠨ᠎ᠠ᠃ | ᠬᠤᠶᠠᠳᠤᠭᠠᠷ ᠪᠦᠯᠦᠭ ᠬᠥᠷᠥᠰᠥ ᠰᠢᠷᠣᠢ ᠶᠢ ᠮᠠᠯᠲᠠᠨ ᠠᠪᠴᠤ ᠠᠰᠢᠭᠯᠠᠬᠤ | ᠵᠢᠷᠭᠤᠳᠤᠭᠠᠷ ᠵᠦᠢᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠠᠷ᠎ᠠ ᠬᠥᠷᠥᠰᠥᠲᠦ ᠭᠠᠵᠠᠷ ᠢ | ᠦᠨᠡᠨ ᠬᠦ ᠡᠵᠡᠯᠡᠨ ᠬᠡᠷᠡᠭᠯᠡᠬᠦ ᠴᠢᠬᠤᠯᠠ ᠲᠠᠢ ᠪᠠᠶᠢᠪᠠᠯ᠂ ᠬᠤᠰᠢᠭᠤ ᠰᠢᠶᠠᠨ ︵ᠬᠤᠳᠠ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠣᠨ ᠨᠢ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠤᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠬᠠᠷ᠎ᠠ ᠬᠥᠷᠥᠰᠥᠲᠦ ᠭᠠᠵᠠᠷ ᠤᠨ | ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠣᠨ ᠤ ᠲᠥᠯᠥᠪᠯᠡᠭᠡ ᠶᠢ ᠨᠠᠶᠢᠷᠠᠭᠤᠯᠤᠨ | ᠵᠣᠬᠢᠶᠠᠵᠤ᠂ ᠠᠶᠢᠮᠠᠭ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠤᠰᠬᠤᠨ ᠮᠠᠯᠵᠢᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ | ᠬᠡᠷᠡᠭᠲᠡᠢ᠃ | ᠳᠣᠯᠣᠳᠤᠭᠠᠷ ᠵᠦᠢᠯ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ | ᠠᠪᠴᠤ ᠠᠰᠢᠭᠯᠠᠬᠤ ᠣᠨ ᠤ ᠲᠥᠯᠥᠪᠯᠡᠭᠡ ᠨᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠦᠪᠵᠢᠭᠦᠯᠭᠡ ᠳᠤ ᠨᠡᠶᠢᠴᠡᠭᠰᠡᠨ ᠪᠠᠶᠢᠬᠤ ᠬᠡᠷᠡᠭᠲᠡᠢ᠂ ᠣᠨ ᠤ ᠪᠦᠲᠦᠭᠡᠨ ᠪᠠᠶᠢᠭᠤᠯᠤᠯᠲᠠ ᠳᠤ ᠡᠵᠡᠯᠡᠨ | ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠬᠤ ᠬᠢᠭᠡᠳ | ᠰᠢᠨ᠎ᠡ ᠪᠠᠷ ᠬᠠᠭᠠᠯᠪᠤᠷᠢᠯᠠᠬᠤ ᠲᠠᠷᠢᠶᠠᠯᠠᠬᠤ ᠭᠠᠵᠠᠷ ᠪᠠ ᠴᠢᠨᠠᠷ ᠮᠠᠭᠤᠲᠠᠢ ᠲᠠᠷᠢᠶᠠᠯᠠᠬᠤ ᠭᠠᠵᠠᠷ ᠢ ᠰᠠᠶᠢᠵᠢᠷᠠᠭᠤᠯᠬᠤ᠂ | ᠪᠣᠬᠢᠷᠲᠤᠭᠰᠠᠨ ᠲᠠᠷᠢᠶᠠᠯᠠᠬᠤ ᠭᠠᠵᠠᠷ ᠢ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ | ᠪᠠᠶᠢᠭᠤᠯᠬᠤ᠂ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠵᠡᠷᠭᠡ ᠬᠥᠷᠥᠰᠥ ᠰᠢᠷᠣᠢ ᠶᠢᠨ ᠠᠰᠢᠭᠯᠠᠯᠲᠠ ᠶᠢ | ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢᠨ ᠬᠠᠮᠲᠤ᠂ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠲᠤᠰᠬᠠᠢ ᠵᠦᠢᠯ ᠤᠨ ᠲᠥᠯᠦᠪᠵᠢᠭᠦᠯᠭᠡ ᠯᠦᠭᠡ | ᠭᠦᠢᠴᠡᠳ ᠵᠣᠯᠭᠠᠭᠤᠯᠬᠤ ᠬᠡᠷᠡᠭᠲᠡᠢ᠃ | ᠨᠠᠢᠮᠠᠳᠤᠭᠠᠷ ᠵᠦᠢᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠠᠷ᠎ᠠ ᠬᠥᠷᠥᠰᠥᠲᠦ ᠭᠠᠵᠠᠷ ᠢ ᠦᠨᠡᠨ | ᠬᠦ ᠡᠵᠡᠯᠡᠨ ᠬᠡᠷᠡᠭᠯᠡᠬᠦ ᠴᠢᠬᠤᠯᠠ ᠲᠠᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠳᠤ | ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ | ᠠᠰᠢᠭᠯᠠᠬᠤ ᠮᠡᠷᠭᠡᠵᠢᠯ ᠤᠨ ᠵᠢᠷᠤᠮᠵᠢᠯ ᠶᠣᠰᠣᠭᠠᠷ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠬᠤ ᠶᠢ | ᠬᠡᠷᠡᠭᠵᠢᠭᠦᠯᠬᠦ ᠬᠡᠷᠡᠭᠲᠡᠢ᠃ | ᠳᠣᠣᠷ᠎ᠠ ᠵᠢᠭᠰᠠᠭᠠᠭᠰᠠᠨ ᠪᠠᠶᠢᠳᠠᠯ ᠣᠷᠣᠰᠢᠵᠤ ᠪᠠᠶᠢᠪᠠᠯ᠂ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ | ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠤᠰᠬᠤᠨ ᠮᠠᠯᠵᠢᠬᠤ ᠣᠷᠣᠨ᠂ ᠠᠮᠢ ᠠᠬᠤᠢ ᠣᠷᠴᠢᠨ ᠲᠣᠭᠤᠷᠢᠨ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ | ᠮᠠᠭᠠᠳᠯᠠᠭᠤᠯᠤᠨ ᠲᠣᠭᠲᠠᠭᠠᠯᠭᠠᠵᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠪᠠᠨ ᠮᠡᠳᠡᠭᠦᠯᠦᠨ | ᠵᠥᠪᠰᠢᠶᠡᠷᠡᠭᠦᠯᠦᠭᠡᠳ᠂ ᠮᠠᠯᠲᠠᠨ ᠠᠪᠬᠤ ᠦᠭᠡᠢ ᠪᠠᠶᠢᠵᠤ ᠪᠣᠯᠣᠨ᠎ᠠ᠄ | ︵ᠨᠢᠭᠡ︶ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ | ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠮᠡᠷᠭᠡᠵᠢᠯ ᠤᠨ | ᠵᠢᠷᠤᠮᠵᠢᠯ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠬᠤ︔ | ︵ᠬᠤᠶᠠᠷ︶ ᠬᠦᠨᠳᠦ ᠨᠣᠴᠢᠲᠠᠢ ᠪᠣᠬᠢᠷᠲᠤᠭᠠᠳ ᠳᠠᠬᠢᠵᠤ ᠠᠰᠢᠭᠯᠠᠬᠤ ᠳᠤ ᠲᠣᠬᠢᠷᠠᠬᠤ ᠦᠭᠡᠢ ᠪᠣᠯᠤᠭᠰᠠᠨ︔ | ︵ᠭᠤᠷᠪᠠ︶ ᠬᠦᠨᠳᠦ ᠨᠣᠴᠢᠲᠠᠢ ᠡᠯᠡᠰᠦᠷᠬᠡᠭᠵᠢᠵᠦ᠂ ᠬᠤᠵᠢᠷᠰᠢᠭᠠᠳ ᠳᠠᠬᠢᠵᠤ ᠠᠰᠢᠭᠯᠠᠬᠤ ᠳᠤ ᠲᠣᠬᠢᠷᠠᠬᠤ | ᠦᠭᠡᠢ ᠪᠣᠯᠤᠭᠰᠠᠨ︔ | ︵ᠳᠥᠷᠪᠡ︶ ᠵᠥᠪᠰᠢᠶᠡᠷᠡᠯ ᠦᠭᠡᠢ ᠪᠠᠷ ᠬᠠᠤᠯᠢ ᠪᠤᠰᠤ ᠪᠠᠷ ᠬᠠᠷ᠎ᠠ ᠬᠥᠷᠥᠰᠥᠲᠦ ᠭᠠᠵᠠᠷ ᠢ ᠡᠵᠡᠯᠡᠨ | ᠬᠡᠷᠡᠭᠯᠡᠭᠰᠡᠨ ᠮᠥᠷᠲᠡᠭᠡᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠨᠢ ᠬᠦᠨᠳᠦ ᠨᠣᠴᠢᠲᠠᠢ ᠡᠪᠳᠡᠭᠳᠡᠭᠡᠳ ᠲᠠᠬᠢᠵᠥ | ᠠᠰᠢᠭᠯᠠᠬᠤ ᠶᠢᠨ ᠠᠷᠭ᠎ᠠ ᠦᠭᠡᠢ ᠪᠣᠯᠤᠭᠰᠠᠨ ᠤ ᠬᠠᠮᠲᠤ ᠨᠢᠭᠡᠨᠲᠡ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠭᠰᠡᠨ︔ | | ︵ᠲᠠᠪᠤ︶ ᠤᠯᠤᠰ ᠤᠨ ᠠᠮᠤᠷ ᠲᠦᠪᠰᠢᠨ᠂ ᠴᠡᠷᠢᠭ ᠤᠨ ᠶᠠᠪᠤᠳᠠᠯ᠂ ᠠᠶᠤᠯ ᠭᠠᠮᠰᠢᠭ ᠠᠴᠠ ᠠᠪᠤᠷᠠᠬᠤ ᠵᠡᠷᠭᠡ | ᠪᠠᠴᠢᠮ ᠬᠡᠷᠡᠭᠴᠡᠭᠡ ᠳᠤ ᠭᠠᠵᠠᠷ ᠢ ᠲᠦᠷ ᠬᠡᠷᠡᠭᠯᠡᠬᠦ︔ | ︵ᠵᠢᠷᠭᠤᠭ᠎ᠠ︶ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠭᠡᠳ ᠲᠠᠷᠢᠶᠠᠯᠠᠬᠤ | ᠳᠠᠪᠬᠤᠷᠭ᠎ᠠ ᠶᠢ ᠡᠪᠳᠡᠬᠦ ᠦᠭᠡᠢ ᠪᠠᠶᠢᠬᠤ᠃ | ᠶᠢᠰᠦᠳᠦᠭᠡᠷ ᠵᠦᠢᠯ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠬᠠᠷ᠎ᠠ ᠬᠥᠷᠥᠰᠥᠲᠦ ᠭᠠᠵᠠᠷ ᠢ | ᠡᠵᠡᠯᠡᠨ ᠬᠡᠷᠡᠭᠯᠡᠭᠡᠳ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠬᠤ ᠴᠢᠬᠤᠯᠠᠲᠠᠢ ᠪᠠᠶᠢᠪᠠᠯ᠂ ᠭᠠᠵᠠᠷ | ᠬᠡᠷᠡᠭᠯᠡᠬᠦ ᠪᠠᠷ ᠭᠤᠶᠤᠴᠢᠯᠠᠬᠤ ᠠᠴᠠ ᠪᠠᠨ ᠡᠮᠦᠨ᠎ᠡ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ | ᠠᠰᠢᠭᠯᠠᠬᠤ ᠲᠥᠰᠥᠯ ᠢ ᠨᠠᠶᠢᠷᠠᠭᠤᠯᠤᠨ ᠵᠣᠬᠢᠶᠠᠬᠤ ᠬᠡᠷᠡᠭᠲᠡᠢ᠃ | ᠲᠦᠷ ᠬᠡᠷᠡᠭᠯᠡᠬᠦ ᠭᠠᠵᠠᠷ ᠨᠢ ᠬᠠᠷ᠎ᠠ ᠬᠥᠷᠥᠰᠥᠲᠦ ᠭᠠᠵᠠᠷ ᠢ ᠡᠵᠡᠯᠡᠨ ᠬᠡᠷᠡᠭᠯᠡᠬᠦ ᠳᠤ ᠬᠤᠯᠪᠣᠭᠳᠠᠪᠠᠯ᠂ | ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠠᠭᠤᠯᠭ᠎ᠠ ᠶᠢ ᠭᠠᠵᠠᠷ ᠰᠢᠷᠣᠢ ᠶᠢᠨ | ᠳᠠᠬᠢᠨ ᠬᠠᠭᠠᠯᠪᠤᠷᠢᠯᠠᠬᠤ ᠲᠥᠰᠥᠯ ᠳᠤ ᠪᠠᠨ ᠣᠷᠣᠭᠤᠯᠵᠤ᠂ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ | ᠠᠪᠴᠤ ᠠᠰᠢᠭᠯᠠᠬᠤ ᠲᠥᠰᠥᠯ ᠢ ᠠᠰ ᠲᠤ ᠨᠢ ᠨᠠᠶᠢᠷᠠᠭᠤᠯᠤᠨ ᠵᠣᠬᠢᠶᠠᠬᠤ ᠦᠭᠡᠢ᠂ ᠭᠠᠵᠠᠷ ᠰᠢᠷᠣᠢ ᠶᠢ ᠳᠠᠬᠢᠨ | ᠬᠠᠭᠠᠯᠪᠤᠷᠢᠯᠠᠬᠤ ᠳᠤ ᠪᠠᠨ ᠡᠷᠬᠡᠪᠰᠢ ᠬᠠᠷ᠎ᠠ ᠬᠥᠷᠥᠰᠥᠲᠦ ᠭᠠᠵᠠᠷ ᠢ ᠰᠡᠷᠭᠦᠭᠡᠬᠦ ᠬᠡᠷᠡᠭᠲᠡᠢ᠃ | ᠠᠷᠪᠠᠳᠤᠭᠠᠷ ᠵᠦᠢᠯ ᠬᠤᠲᠠ ᠪᠠᠯᠭᠠᠰᠤ ᠶᠢᠨ ᠲᠥᠯᠦᠪᠵᠢᠭᠦᠯᠭᠡ ᠶᠢᠨ ᠪᠦᠯᠦᠭ ᠤᠳᠠᠭ᠎ᠠ ᠶᠢᠨ ᠬᠡᠷᠡᠭᠯᠡᠬᠦ ᠭᠠᠵᠠᠷ᠂ | ᠠᠶᠢᠯ ᠲᠣᠰᠬᠤᠨ ᠤ ᠲᠥᠯᠦᠪᠵᠢᠭᠦᠯᠭᠡ ᠶᠢᠨ ᠪᠦᠯᠦᠭ ᠤᠳᠠᠭ᠎ᠠ ᠶᠢᠨ ᠬᠡᠷᠡᠭᠯᠡᠬᠦ ᠭᠠᠵᠠᠷ ᠲᠤ ᠬᠠᠷ᠎ᠠ ᠬᠥᠷᠥᠰᠥᠲᠦ | ᠭᠠᠵᠠᠷ ᠢ ᠡᠵᠡᠯᠡᠨ ᠬᠡᠷᠡᠭᠯᠡᠭᠰᠡᠨ ᠪᠠᠶᠢᠪᠠᠯ᠂ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ | ᠠᠰᠢᠭᠯᠠᠬᠤ ᠲᠥᠰᠥᠯ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠨ᠎ᠠ︔ ᠲᠤᠰᠠᠭᠠᠷ ᠭᠠᠵᠠᠷ ᠰᠣᠩᠭᠤᠬᠤ | ᠲᠥᠷᠥᠯ ᠵᠦᠢᠯ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠪᠠ ᠲᠦᠷ ᠬᠡᠷᠡᠭᠯᠡᠬᠦ | ᠭᠠᠵᠠᠷ ᠲᠤ ᠬᠠᠷ᠎ᠠ ᠬᠥᠷᠥᠰᠥᠲᠦ ᠭᠠᠵᠠᠷ ᠢ ᠡᠵᠡᠯᠡᠨ ᠬᠡᠷᠡᠭᠯᠡᠭᠰᠡᠨ ᠪᠠᠶᠢᠪᠠᠯ᠂ ᠭᠠᠵᠠᠷ ᠬᠡᠷᠡᠭᠯᠡᠬᠦ ᠨᠢᠭᠡᠴᠢ ᠠᠴᠠ | ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠲᠥᠰᠥᠯ ᠢ ᠨᠠᠶᠢᠷᠠᠭᠤᠯᠤᠨ ᠵᠣᠬᠢᠶᠠᠨ᠎ᠠ᠃ | ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠯᠠᠪᠠᠶ ᠨᠢ 1000 ᠲᠡᠭᠰᠢ ᠳᠥᠷᠪᠡᠯᠵᠢᠨ ᠮᠧᠳ᠋ᠷ | ᠵᠢᠴᠢ ᠲᠡᠭᠦᠨ ᠠᠴᠠ ᠳᠣᠷᠣᠭᠰᠢᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠲᠠᠷᠢᠶᠠᠯᠠᠬᠤ | ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠲᠥᠰᠥᠯ ᠢ ᠨᠠᠶᠢᠷᠠᠭᠤᠯᠤᠨ ᠵᠣᠬᠢᠶᠠᠬᠤ ᠦᠭᠡᠢ ᠪᠠᠶᠢᠵᠤ | ᠪᠣᠯᠣᠨ᠎ᠠ᠂ ᠭᠡᠪᠡᠴᠦ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠮᠡᠳᠡᠭᠦᠯᠦᠯᠲᠡ ᠶᠢᠨ | ᠬᠦᠰᠦᠨᠦᠭᠲᠦ ᠶᠢ ᠲᠠᠭᠯᠠᠬᠤ ᠬᠡᠷᠡᠭᠲᠡᠢ᠃ | ᠠᠷᠪᠠᠨ ᠨᠢᠭᠡᠳᠦᠭᠡᠷ ᠵᠦᠢᠯ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ | ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠲᠥᠰᠥᠯ ᠳᠤ ᠲᠥᠷᠥᠯ | ᠵᠦᠢᠯ ᠤᠨ ᠲᠦᠢᠮᠣ ᠪᠠᠶᠢᠳᠠᠯ᠂ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ᠂ ᠬᠥᠷᠥᠰᠥ ᠰᠢᠷᠣᠢ ᠶᠢ ᠪᠠᠶᠢᠴᠠᠭᠠᠬᠤ᠂ | ᠮᠠᠯᠲᠠᠨ ᠠᠪᠬᠤ᠂ ᠵᠥᠭᠡᠭᠡᠪᠦᠷᠢᠯᠡᠬᠦ᠂ ᠰᠢᠯᠭᠠᠨ ᠠᠪᠬᠤ᠂ ᠬᠠᠳᠠᠭᠠᠯᠠᠬᠤ᠂ ᠬᠠᠮᠢᠶᠠᠷᠴᠤ ᠬᠠᠮᠠᠭᠠᠯᠠᠬᠤ᠂ ᠠᠰᠢᠭᠯᠠᠬᠤ᠂ | ᠪᠡᠯᠡ ᠣᠷᠣᠭᠤᠯᠤᠯᠲᠠ ᠶᠢ ᠪᠠᠷᠤᠭᠯᠠᠨ ᠪᠣᠳᠣᠬᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠶᠢ ᠪᠠᠭᠲᠠᠭᠠᠭᠰᠠᠨ | ᠪᠠᠶᠢᠬᠤ ᠬᠡᠷᠡᠭᠲᠡᠢ᠃ | ᠠᠷᠪᠠᠨ ᠬᠤᠶᠠᠳᠤᠭᠠᠷ ᠵᠦᠢᠯ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ | ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠲᠥᠰᠥᠯ ᠢ ᠨᠠᠶᠢᠷᠠᠭᠤᠯᠤᠨ | ᠵᠣᠬᠢᠶᠠᠵᠤ ᠳᠠᠭᠤᠰᠤᠭᠰᠠᠨ ᠤ ᠳᠠᠷᠠᠭ᠎ᠠ᠂ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ | ᠮᠠᠯᠵᠢᠬᠤ ᠣᠷᠣᠨ ᠵᠡᠷᠭᠡ ᠰᠠᠯᠠᠭ᠎ᠠ ᠮᠥᠴᠢᠷ ᠲᠠᠢ ᠬᠠᠮᠲᠤᠷᠠᠬᠤ ᠶᠢᠨ ᠬᠠᠮᠲᠤ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ | ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠲᠥᠰᠥᠯ ᠳᠤ ᠬᠢᠨᠠᠨ ᠪᠠᠶᠢᠴᠠᠭᠠᠯᠲᠠ ᠨᠤᠲᠠᠯᠠᠯᠲᠠ ᠬᠢᠵᠦ᠂ | ᠲᠤᠰᠬᠠᠢ ᠮᠡᠷᠭᠡᠵᠢᠯᠲᠡᠨ ᠤ ᠳᠤᠭᠤᠶᠢᠯᠠᠩ ᠠᠴᠠ ᠬᠢᠨᠠᠨ ᠪᠠᠶᠢᠴᠠᠭᠠᠭᠰᠠᠨ ᠰᠠᠨᠠᠯ ᠭᠠᠷᠭᠠᠵᠤ᠂ ᠠᠶᠢᠮᠠᠭ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃ | | ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠮᠡᠳᠡᠭᠦᠯᠦᠯᠲᠡ ᠶᠢᠨ | ᠬᠦᠰᠦᠨᠦᠭᠲᠦ ᠶᠢ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠬᠠᠮᠢᠶ᠎ᠠ ᠪᠦᠬᠦᠢ ᠪᠠᠷᠢᠮᠵᠢᠶ᠎ᠠ ᠶᠣᠰᠣᠭᠠᠷ ᠬᠢᠨᠠᠨ ᠪᠠᠶᠢᠴᠠᠭᠠᠵᠤ | ᠪᠠᠲᠤᠯᠠᠭᠰᠠᠨ ᠤ ᠳᠠᠷᠠᠭ᠎ᠠ᠂ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃ | ᠠᠷᠪᠠᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠤᠯᠤᠨ ᠬᠡᠷᠡᠭᠯᠡᠬᠦ ᠪᠠ ᠭᠠᠵᠠᠷ ᠰᠢᠷᠣᠢ ᠲᠠᠲᠠᠪᠤᠷᠢᠯᠠᠬᠤ | ᠭᠠᠷᠳᠠᠮ ᠢ ᠭᠦᠢᠴᠡᠳᠬᠡᠬᠦ ᠪᠠᠷ ᠭᠤᠶᠤᠴᠢᠯᠠᠬᠤ ᠳᠤ᠂ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ | ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠬᠤ ᠳᠤ ᠬᠤᠯᠪᠣᠭᠳᠠᠪᠠᠯ᠂ | ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠲᠥᠰᠥᠯ ᠪᠤᠶᠤ ᠮᠡᠳᠡᠭᠦᠯᠦᠯᠲᠡ ᠶᠢᠨ | ᠬᠦᠰᠦᠨᠦᠭᠲᠦ ᠵᠢᠴᠢ ᠬᠢᠨᠠᠨ ᠪᠠᠶᠢᠴᠠᠭᠠᠭᠰᠠᠨ ᠰᠠᠨᠠᠯ ᠢᠶᠠᠨ ᠳᠡᠭᠡᠭᠰᠢ ᠮᠡᠳᠡᠭᠦᠯᠬᠦ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠬᠤᠲᠠ ᠪᠠᠯᠭᠠᠰᠤ ᠶᠢᠨ ᠲᠥᠯᠦᠪᠵᠢᠭᠦᠯᠭᠡ ᠶᠢᠨ ᠪᠦᠯᠦᠭ ᠤᠳᠠᠭ᠎ᠠ ᠶᠢᠨ ᠬᠡᠷᠡᠭᠯᠡᠬᠦ | ᠭᠠᠵᠠᠷ᠂ ᠠᠶᠢᠯ ᠲᠣᠰᠬᠤᠨ ᠤ ᠲᠥᠯᠦᠪᠵᠢᠭᠦᠯᠭᠡ ᠶᠢᠨ ᠪᠦᠯᠦᠭ ᠤᠳᠠᠭ᠎ᠠ ᠶᠢᠨ ᠬᠡᠷᠡᠭᠯᠡᠬᠦ ᠭᠠᠵᠠᠷ ᠲᠤ ᠬᠠᠷ᠎ᠠ | ᠬᠥᠷᠥᠰᠥᠲᠦ ᠭᠠᠵᠠᠷ ᠢ ᠡᠵᠡᠯᠡᠨ ᠬᠡᠷᠡᠭᠯᠡᠵᠦ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠬᠤ ᠳᠤ | ᠬᠦᠷᠪᠡᠯ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ ᠭᠠᠵᠠᠷ | ᠬᠠᠩᠭᠠᠬᠤ ᠠᠴᠠ ᠡᠮᠦᠨ᠎ᠡ ᠮᠠᠯᠲᠠᠨ ᠠᠪᠴᠤ ᠠᠰᠢᠭᠯᠠᠬᠤ ᠲᠥᠰᠥᠯ ᠤᠨ ᠶᠣᠰᠣᠭᠠᠷ ᠵᠣᠬᠢᠶᠠᠨ ᠪᠠᠶᠢᠭᠤᠯᠵᠤ | ᠬᠡᠷᠡᠭᠵᠢᠭᠦᠯᠬᠦ ᠶᠢᠨ ᠬᠠᠮᠲᠤ ᠬᠡᠷᠡᠭᠵᠢᠭᠦᠯᠬᠦ ᠭᠤᠣᠯ ᠴᠣᠭᠴᠠ ᠶᠢ ᠬᠠᠤᠯᠢ ᠲᠣᠭᠲᠠᠭᠠᠯ ᠶᠣᠰᠣᠭᠠᠷ ᠲᠣᠭᠲᠠᠭᠠᠬᠤ | ᠬᠡᠷᠡᠭᠲᠡᠢ᠃ ᠬᠤᠯᠪᠣᠭᠳᠠᠭᠰᠠᠨ ᠬᠥᠷᠥᠰᠥ ᠰᠢᠷᠣᠢ ᠶᠢ ᠪᠠᠶᠢᠴᠠᠭᠠᠨ ᠦᠨᠡᠯᠡᠬᠦ ᠵᠠᠷᠤᠳᠠᠯ᠂ ᠬᠥᠷᠥᠰᠥ ᠰᠢᠷᠣᠢ ᠶᠢ ᠮᠠᠯᠲᠠᠨ | ᠠᠪᠴᠤ ᠠᠰᠢᠭᠯᠠᠬᠤ ᠲᠥᠰᠥᠯ ᠢ ᠨᠠᠶᠢᠷᠠᠭᠤᠯᠤᠨ ᠵᠣᠬᠢᠶᠠᠬᠤ ᠵᠢᠴᠢ ᠬᠢᠨᠠᠨ ᠲᠣᠭᠲᠠᠭᠠᠬᠤ ᠵᠠᠷᠤᠳᠠᠯ᠂ ᠬᠥᠷᠥᠰᠥ | ᠰᠢᠷᠣᠢ ᠶᠢ ᠮᠠᠯᠲᠠᠨ ᠠᠪᠬᠤ ᠠᠵᠢᠯ ᠤᠨ ᠵᠠᠷᠤᠳᠠᠯ᠂ ᠵᠥᠭᠡᠭᠡᠪᠦᠷᠢᠯᠡᠬᠦ ᠵᠠᠷᠤᠳᠠᠯ᠂ ᠬᠠᠳᠠᠭᠠᠯᠠᠵᠤ ᠬᠠᠮᠢᠶᠠᠷᠤᠨ | ᠬᠠᠮᠠᠭᠠᠯᠠᠬᠤ ᠵᠠᠷᠤᠳᠠᠯ᠂ ᠰᠢᠯᠭᠠᠨ ᠠᠪᠬᠤ ᠵᠠᠷᠤᠳᠠᠯ ᠵᠡᠷᠭᠡ ᠶᠢ ᠭᠠᠵᠠᠷ ᠬᠡᠷᠡᠭᠯᠡᠬᠦ ᠥᠪᠡᠷ ᠤᠨ ᠥᠷᠲᠡᠭ ᠲᠤ | ᠣᠷᠣᠭᠤᠯᠤᠨ᠎ᠠ᠃ | ᠲᠤᠰᠠᠭᠠᠷ ᠭᠠᠵᠠᠷ ᠰᠣᠩᠭᠤᠬᠤ ᠲᠥᠷᠥᠯ ᠵᠦᠢᠯ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ | ᠲᠥᠷᠥᠯ ᠵᠦᠢᠯ᠂ ᠲᠦᠷ ᠬᠡᠷᠡᠭᠯᠡᠬᠦ ᠭᠠᠵᠠᠷ ᠲᠤ ᠬᠠᠷ᠎ᠠ ᠬᠥᠷᠥᠰᠥᠲᠦ ᠭᠠᠵᠠᠷ ᠢ ᠡᠵᠡᠯᠡᠨ ᠬᠡᠷᠡᠭᠯᠡᠵᠦ ᠲᠠᠷᠢᠶᠠᠯᠠᠬᠤ | ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠬᠤ ᠳᠤ ᠬᠦᠷᠪᠡᠯ᠂ ᠭᠠᠵᠠᠷ ᠬᠡᠷᠡᠭᠯᠡᠬᠦ ᠨᠢᠭᠡᠴᠢ ᠨᠢ ᠲᠥᠷᠥᠯ ᠵᠦᠢᠯ ᠤᠨ | ᠠᠵᠢᠯ ᠡᠬᠢᠯᠡᠬᠦ ᠠᠴᠠ ᠡᠮᠦᠨ᠎ᠡ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠲᠥᠰᠥᠯ᠂ | ᠮᠡᠳᠡᠭᠦᠯᠦᠯᠲᠡ ᠶᠢᠨ ᠬᠦᠰᠦᠨᠦᠭᠲᠦ ᠪᠤᠶᠤ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠲᠥᠰᠥᠯ ᠤᠨ ᠶᠣᠰᠣᠭᠠᠷ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠠᠷᠪᠠᠨ ᠲᠠᠪᠤᠳᠤᠭᠠᠷ ᠵᠦᠢᠯ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ | ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠬᠤ ᠠᠵᠢᠯ ᠳᠠᠭᠤᠰᠤᠭᠰᠠᠨ ᠤ ᠳᠠᠷᠠᠭ᠎ᠠ᠂ | ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠬᠤ ᠶᠢ ᠬᠡᠷᠡᠭᠵᠢᠭᠦᠯᠦᠭᠰᠡᠨ ᠭᠤᠣᠯ ᠴᠣᠭᠴᠠ ᠨᠢ ᠴᠠᠭ | ᠲᠤᠬᠠᠢ ᠳᠤ ᠨᠢ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠤ ᠰᠢᠯᠭᠠᠨ ᠠᠪᠤᠭᠤᠯᠬᠤ ᠭᠤᠶᠤᠴᠢᠯᠠᠯ ᠳᠤᠷᠠᠳᠬᠤ ᠬᠡᠷᠡᠭᠲᠡᠢ᠃ | ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠵᠤ ᠠᠪᠤᠭᠰᠠᠨ ᠠᠵᠢᠯ ᠢᠶᠠᠨ ᠰᠢᠯᠭᠠᠨ ᠠᠪᠤᠭᠤᠯᠬᠤ ᠳᠤ | ᠠᠵᠢᠯ ᠤᠨ ᠬᠡᠷᠡᠭᠴᠡᠭᠡ ᠪᠠᠨ ᠦᠨᠳᠦᠰᠦᠯᠡᠨ ᠣᠷᠣᠨ ᠬᠤᠪᠢᠶᠠᠨ᠂ ᠬᠡᠰᠡᠭ ᠬᠤᠪᠢᠶᠠᠨ᠂ ᠬᠤᠭᠤᠴᠠᠭ᠎ᠠ ᠬᠤᠪᠢᠶᠠᠨ | ᠭᠤᠶᠤᠴᠢᠯᠠᠵᠤ ᠪᠣᠯᠣᠨ᠎ᠠ᠃ | ᠠᠷᠪᠠᠨ ᠵᠢᠷᠭᠤᠳᠤᠭᠠᠷ ᠵᠦᠢᠯ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ | ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠵᠤ ᠠᠪᠤᠭᠰᠠᠨ ᠠᠵᠢᠯ ᠢᠶᠠᠨ ᠰᠢᠯᠭᠠᠨ | ᠠᠪᠤᠭᠤᠯᠬᠤ ᠪᠠᠷ ᠭᠤᠶᠤᠴᠢᠯᠠᠬᠤ ᠳᠤ᠂ ᠰᠢᠯᠭᠠᠨ ᠠᠪᠤᠭᠤᠯᠬᠤ ᠭᠤᠶᠤᠴᠢᠯᠠᠯ᠂ ᠠᠵᠢᠯ ᠳᠠᠭᠤᠰᠤᠭᠰᠠᠨ ᠮᠡᠳᠡᠭᠦᠯᠦᠯᠲᠡ | ᠂ ᠠᠵᠢᠯᠯᠠᠭᠰᠠᠨ ᠲᠡᠮᠳᠡᠭᠯᠡᠯ᠂ ᠬᠢᠨᠠᠨ ᠬᠠᠮᠢᠶᠠᠷᠴᠤ ᠪᠠᠶᠢᠴᠠᠭᠠᠨ ᠬᠡᠮᠵᠢᠭᠰᠡᠨ ᠲᠡᠮᠳᠡᠭᠯᠡᠯ᠂ ᠪᠠᠷᠢᠯᠭ᠎ᠠ ᠶᠢᠨ | ᠬᠡᠮᠵᠢᠯᠲᠡ ᠶᠢᠨ ᠳ᠋ᠦᠩᠨᠡᠨ ᠪᠤᠳᠤᠭᠰᠠᠨ ᠮᠠᠲ᠋ᠧᠷᠢᠶᠠᠯ᠂ ᠮᠠᠯᠲᠠᠨ ᠠᠪᠤᠭᠰᠠᠨ ᠬᠥᠷᠥᠰᠥ ᠶᠢ ᠵᠥᠭᠡᠭᠡᠪᠦᠷᠢᠯᠡᠵᠦ | ᠬᠠᠳᠠᠭᠠᠯᠠᠨ ᠬᠠᠮᠢᠶᠠᠷᠴᠤ ᠬᠠᠮᠠᠭᠠᠯᠠᠭᠰᠠᠨ ᠠᠵᠢᠯ ᠤᠨ ᠮᠠᠲ᠋ᠧᠷᠢᠶᠠᠯ᠂ ᠬᠠᠮᠢᠶ᠎ᠠ ᠪᠦᠬᠦᠢ ᠵᠢᠷᠤᠭ ᠳᠦᠷᠰᠦ ᠵᠡᠷᠭᠡ | ᠮᠠᠲ᠋ᠧᠷᠢᠶᠠᠯ ᠢ ᠲᠤᠰᠢᠶᠠᠬᠤ ᠬᠡᠷᠡᠭᠲᠡᠢ᠃ | ᠮᠠᠯᠲᠠᠨ ᠠᠪᠤᠭᠰᠠᠨ ᠬᠥᠷᠥᠰᠥ ᠶᠢ ᠮᠠᠯᠲᠠᠬᠤ ᠶᠢᠨ ᠳᠠᠭᠠᠤ ᠬᠡᠷᠡᠭᠯᠡᠪᠡᠯ᠂ ᠬᠥᠷᠥᠰᠥ ᠶᠢ ᠠᠰᠢᠭᠯᠠᠭᠰᠠᠨ ᠪᠠᠶᠢᠳᠠᠯ ᠢ | ᠬᠠᠮᠲᠤ ᠳᠤ ᠨᠢ ᠰᠢᠯᠭᠠᠨ ᠠᠪᠬᠤ ᠶᠢᠨ ᠬᠠᠮᠲᠤ᠂ ᠬᠥᠷᠥᠰᠥ ᠰᠢᠷᠣᠢ ᠶᠢᠨ ᠬᠡᠷᠡᠭᠯᠡᠯᠲᠡ ᠶᠢᠨ ᠲᠡᠮᠳᠡᠭᠯᠡᠯ ᠤᠨ | ᠮᠠᠲ᠋ᠧᠷᠢᠶᠠᠯ ᠢ ᠳᠠᠭᠠᠯᠳᠤᠭᠤᠯᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠵᠢᠯ ᠡᠬᠢᠯᠡᠭᠦᠯᠬᠦ ᠠᠴᠠ | ᠡᠮᠦᠨ᠎ᠡ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠵᠡᠷᠭᠡ ᠰᠠᠯᠠᠭ᠎ᠠ | ᠮᠥᠴᠢᠷ ᠲᠠᠢ ᠬᠠᠮᠲᠤᠷᠠᠬᠤ ᠶᠢᠨ ᠬᠠᠮᠲᠤ᠂ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ ᠲᠤᠰᠬᠠᠢ ᠮᠡᠷᠭᠡᠵᠢᠯᠲᠡᠳ ᠢ | ᠵᠣᠬᠢᠶᠠᠨ ᠪᠠᠶᠢᠭᠤᠯᠵᠤ ᠪᠠᠶᠢᠭᠠᠳ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ | ᠮᠠᠯᠲᠠᠵᠤ ᠠᠪᠤᠭᠰᠠᠨ ᠠᠵᠢᠯ ᠢᠶᠠᠨ ᠰᠢᠯᠭᠠᠨ ᠠᠪᠤᠭᠤᠯᠬᠤ ᠶᠢ ᠪᠡᠶᠡᠯᠡᠭᠦᠯᠬᠦ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠬᠤᠲᠠ ᠪᠠᠯᠭᠠᠰᠤ ᠶᠢᠨ ᠲᠥᠯᠦᠪᠵᠢᠭᠦᠯᠭᠡ ᠶᠢᠨ ᠪᠦᠯᠦᠭ ᠤᠳᠠᠭ᠎ᠠ ᠶᠢᠨ ᠬᠡᠷᠡᠭᠯᠡᠬᠦ | ᠭᠠᠵᠠᠷ᠂ ᠠᠶᠢᠯ ᠲᠣᠰᠬᠤᠨ ᠤ ᠲᠥᠯᠦᠪᠵᠢᠭᠦᠯᠭᠡ ᠶᠢᠨ ᠪᠦᠯᠦᠭ ᠤᠳᠠᠭ᠎ᠠ ᠶᠢᠨ ᠬᠡᠷᠡᠭᠯᠡᠬᠦ ᠭᠠᠵᠠᠷ ᠠᠴᠠ ᠮᠠᠯᠲᠠᠵᠤ | ᠠᠪᠤᠭᠰᠠᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢᠨ ᠲᠣᠬᠢᠷᠠᠭᠤᠯᠵᠤ | ᠠᠰᠢᠭᠯᠠᠬᠤ ᠠᠵᠢᠯ ᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ | ᠬᠠᠷᠢᠭᠤᠴᠠᠨ᠎ᠠ᠃ | ᠲᠤᠰᠠᠭᠠᠷ ᠭᠠᠵᠠᠷ ᠰᠣᠩᠭᠤᠬᠤ ᠲᠥᠷᠥᠯ ᠵᠦᠢᠯ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ | ᠲᠥᠷᠥᠯ ᠵᠦᠢᠯ ᠳᠤ ᠮᠠᠯᠲᠠᠵᠤ ᠠᠪᠤᠭᠰᠠᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ | ᠬᠥᠷᠥᠰᠥ ᠶᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ ᠭᠠᠵᠠᠷ | ᠬᠡᠷᠡᠭᠯᠡᠬᠦ ᠨᠢᠭᠡᠴᠢ ᠶᠢ ᠰᠢᠮᠳᠠᠭᠤᠯᠵᠤ ᠪᠠᠶᠢᠭᠠᠳ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ | ᠠᠰᠢᠭᠯᠠᠬᠤ ᠲᠥᠰᠥᠯ ᠤᠨ ᠶᠣᠰᠣᠭᠠᠷ ᠠᠰᠢᠭᠯᠠᠭᠤᠯᠬᠤ ᠶᠢ ᠬᠠᠷᠢᠭᠤᠴᠠᠨ᠎ᠠ᠃ ᠭᠠᠵᠠᠷ ᠬᠡᠷᠡᠭᠯᠡᠬᠦ ᠨᠢᠭᠡᠴᠢ ᠨᠢ | ᠦᠪᠡᠰᠦᠪᠡᠨ ᠠᠰᠢᠭᠯᠠᠵᠤ ᠳᠡᠶᠢᠯᠬᠦ ᠦᠭᠡᠢ ᠳᠤ ᠬᠦᠷᠪᠡᠯ᠂ ᠮᠠᠯᠲᠠᠨ ᠠᠪᠤᠭᠰᠠᠨ ᠲᠠᠷᠢᠶᠠᠯᠠᠬᠤ ᠳᠠᠪᠬᠤᠷᠭ᠎ᠠ ᠶᠢᠨ | ᠬᠥᠷᠥᠰᠥ ᠶᠢ ᠬᠠᠳᠠᠭᠠᠯᠠᠬᠤ ᠴᠡᠭ ᠲᠤ ᠵᠥᠭᠡᠭᠡᠪᠦᠷᠢᠯᠡᠨ ᠬᠦᠷᠭᠡᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠣᠨ ᠳᠤ ᠲᠤᠰᠢᠶᠠᠵᠤ ᠲᠣᠬᠢᠷᠠᠭᠤᠯᠤᠨ ᠠᠰᠢᠭᠯᠠᠭᠤᠯᠬᠤ ᠬᠡᠷᠡᠭᠲᠡᠢ᠃ | ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠠᠰᠢᠭᠯᠠᠬᠤ ᠬᠠᠷᠢᠭᠤᠴᠠᠯᠭ᠎ᠠ ᠶᠢᠨ | ᠭᠤᠣᠯ ᠴᠣᠭᠴᠠ ᠨᠢ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠠᠰᠢᠭᠯᠠᠭᠰᠠᠨ | ᠬᠠᠮᠢᠶ᠎ᠠ ᠪᠦᠬᠦᠢ ᠮᠠᠲ᠋ᠧᠷᠢᠶᠠᠯ ᠢᠶᠠᠨ ᠲᠣᠬᠢᠲᠠᠢ ᠦᠯᠡᠳᠡᠭᠡᠵᠦ ᠬᠠᠳᠠᠭᠠᠯᠠᠨ ᠬᠠᠮᠢᠶᠠᠷᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠮᠠᠯᠲᠠᠨ ᠠᠪᠤᠭᠰᠠᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ | ᠬᠥᠷᠥᠰᠥ ᠶᠢ ᠣᠶᠢᠷ᠎ᠠ ᠬᠠᠪᠢ ᠶᠢᠨ ᠭᠠᠵᠠᠷ ᠲᠤ ᠨᠢ ᠰᠢᠨ᠎ᠡ ᠪᠠᠷ ᠬᠠᠭᠠᠯᠪᠤᠷᠢᠯᠠᠬᠤ ᠲᠠᠷᠢᠶᠠᠯᠠᠬᠤ ᠭᠠᠵᠠᠷ ᠪᠠ ᠴᠢᠨᠠᠷ | ᠮᠠᠭᠤᠲᠠᠢ ᠲᠠᠷᠢᠶᠠᠯᠠᠬᠤ ᠭᠠᠵᠠᠷ ᠢ ᠰᠠᠶᠢᠵᠢᠷᠠᠭᠤᠯᠬᠤ᠂ ᠪᠣᠬᠢᠷᠲᠤᠭᠰᠠᠨ ᠲᠠᠷᠢᠶᠠᠯᠠᠬᠤ ᠭᠠᠵᠠᠷ ᠢ ᠵᠠᠰᠠᠬᠤ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ᠂ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠵᠡᠷᠭᠡ ᠳᠤ | ᠬᠡᠷᠡᠭᠯᠡᠬᠦ ᠬᠡᠷᠡᠭᠲᠡᠢ᠃ | ᠬᠤᠷᠢᠳᠤᠭᠠᠷ ᠵᠦᠢᠯ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠮᠠᠯᠲᠠᠵᠤ | ᠠᠪᠤᠭᠰᠠᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠦᠨ᠎ᠡ ᠲᠥᠯᠥᠪᠦᠷᠢ | ᠦᠭᠡᠢ ᠪᠠᠷ ᠬᠡᠷᠡᠭᠯᠡᠵᠦ ᠪᠣᠯᠣᠨ᠎ᠠ᠂ ᠵᠠᠰᠠᠭ ᠤᠨ ᠣᠷᠳᠣᠨ ᠤ ᠪᠤᠰᠤ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ | ᠲᠥᠯᠥᠪᠦᠷᠢ ᠲᠠᠢ ᠪᠠᠷ ᠬᠡᠷᠡᠭᠯᠡᠬᠦ ᠶᠢ ᠬᠡᠷᠡᠭᠵᠢᠭᠦᠯᠦᠨ᠎ᠡ᠃ ᠬᠤᠰᠢᠭᠤ ᠰᠢᠶᠠᠨ ︵ᠬᠤᠲᠠ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠡᠷᠦᠬᠡ᠂ ᠤᠯᠤᠰ ᠤᠨ ᠥᠮᠴᠢᠯᠡᠯᠲᠦ ᠲᠠᠷᠢᠶᠠᠯᠠᠩ ᠤᠨ ᠲᠠᠯᠠᠪᠠᠶ᠂ | ᠲᠠᠷᠢᠶᠠᠴᠢᠳ ᠤᠨ ᠬᠤᠷᠰᠢᠶ᠎ᠠ ᠵᠡᠷᠭᠡ ᠲᠠᠷᠢᠶᠠᠯᠠᠬᠤ ᠭᠠᠵᠠᠷ ᠤᠨ ᠡᠵᠡᠩᠨᠡᠯᠲᠡ ᠶᠢᠨ ᠭᠤᠣᠯ ᠴᠣᠭᠴᠠ ᠶᠢ ᠮᠠᠯᠲᠠᠨ | ᠠᠪᠤᠭᠰᠠᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠣᠶᠢᠷ᠎ᠠ ᠬᠠᠪᠢ ᠳᠤ ᠪᠠᠨ ᠦᠨ᠎ᠡ ᠲᠥᠯᠥᠪᠦᠷᠢ ᠦᠭᠡᠢ | ᠠᠰᠢᠭᠯᠠᠬᠤ ᠶᠢ ᠢᠳᠡᠪᠬᠢᠲᠡᠢ ᠬᠥᠲᠥᠯᠥᠨ ᠵᠢᠯᠤᠭᠤᠳᠬᠤ ᠪᠠ ᠵᠣᠷᠢᠭᠵᠢᠭᠤᠯᠬᠤ ᠬᠡᠷᠡᠭᠲᠡᠢ᠃ | ᠮᠠᠯᠲᠠᠨ ᠠᠪᠤᠭᠰᠠᠨ ᠬᠥᠷᠥᠰᠥ ᠶᠢ ᠲᠥᠯᠥᠪᠦᠷᠢ ᠲᠠᠢ ᠪᠠᠷ ᠬᠡᠷᠡᠭᠯᠡᠭᠦᠯᠦᠭᠰᠡᠨ ᠠᠰᠢᠭ ᠣᠷᠤᠯᠭ᠎ᠠ ᠶᠢ ᠡᠩ | ᠲᠡᠷᠢᠭᠦᠨ ᠳᠤ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠬᠡᠷᠡᠭᠲᠡᠢ᠃ | ᠭᠤᠷᠪᠠᠳᠤᠭᠠᠷ ᠪᠦᠯᠦᠭ ᠬᠥᠷᠥᠰᠥ ᠰᠢᠷᠣᠢ ᠶᠢ ᠬᠠᠳᠠᠭᠠᠯᠠᠨ ᠬᠠᠮᠢᠶᠠᠷᠴᠤ ᠬᠠᠮᠠᠭᠠᠯᠠᠬᠤ | ᠬᠤᠷᠢᠨ ᠨᠢᠭᠡᠳᠦᠭᠡᠷ ᠵᠦᠢᠯ ᠮᠠᠯᠲᠠᠨ ᠠᠪᠤᠭᠰᠠᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ | ᠬᠥᠷᠥᠰᠥ ᠶᠢ ᠣᠬᠤᠷ ᠬᠤᠭᠤᠴᠠᠭᠠᠨ ᠳᠤ ᠠᠰᠢᠭᠯᠠᠬᠤ ᠶᠢᠨ ᠠᠷᠭ᠎ᠠ ᠦᠭᠡᠢ ᠪᠣᠯ ᠲᠠᠷᠢᠶᠠᠯᠠᠬᠤ ᠳᠠᠪᠬᠤᠷᠭ᠎ᠠ ᠶᠢᠨ | ᠬᠥᠷᠥᠰᠥ ᠶᠢ ᠮᠠᠯᠲᠠᠵᠤ ᠠᠪᠬᠤ ᠶᠢ ᠬᠡᠷᠡᠭᠵᠢᠭᠦᠯᠦᠭᠰᠡᠨ ᠨᠢᠭᠡᠴᠢ ᠨᠢ ᠲᠡᠭᠦᠨ ᠢᠶᠠᠨ ᠣᠶᠢᠷ᠎ᠠ ᠬᠠᠪᠢ ᠶᠢᠨ ᠲᠥᠷ | ᠬᠠᠳᠠᠭᠠᠯᠠᠬᠤ ᠴᠡᠭ ᠲᠤ ᠵᠥᠭᠡᠭᠡᠪᠦᠷᠢᠯᠡᠨ ᠬᠦᠷᠭᠡᠵᠦ ᠬᠠᠳᠠᠭᠠᠯᠠᠬᠤ ᠬᠡᠷᠡᠭᠲᠡᠢ᠂ ᠲᠥᠷ ᠬᠠᠳᠠᠭᠠᠯᠠᠬᠤ ᠴᠡᠭ ᠢ ᠬᠤᠰᠢᠭᠤ | ᠰᠢᠶᠠᠨ ︵ᠬᠤᠳᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃ | ᠲᠦᠷ ᠬᠠᠳᠠᠭᠠᠯᠠᠬᠤ ᠴᠡᠭ ᠢ ᠲᠣᠭᠲᠠᠭᠠᠬᠤ ᠳᠤ ᠵᠥᠭᠡᠭᠡᠪᠦᠷᠢᠯᠡᠬᠦ ᠵᠠᠢ᠂ ᠠᠰᠢᠭᠯᠠᠬᠤ ᠥᠪᠡᠷ ᠤᠨ ᠥᠷᠲᠡᠭ ᠵᠢᠴᠢ | ᠡᠷᠬᠢᠨ ᠲᠣᠭᠤᠷᠢᠨ ᠤ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠵᠡᠷᠭᠡ ᠬᠦᠴᠦᠨ ᠵᠦᠢᠯ ᠢ ᠶᠡᠷᠦᠩᠬᠡᠶᠢᠯᠡᠨ | ᠪᠣᠳᠣᠯᠬᠢᠯᠠᠵᠤ᠂ ᠲᠠᠷᠢᠶᠠᠯᠠᠬᠤ ᠭᠠᠵᠠᠷ ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ᠂ ᠤᠰᠤᠨ ᠰᠤᠷᠪᠤᠯᠵᠢ ᠶᠢᠨ ᠣᠷᠣᠨ ᠵᠡᠷᠭᠡ ᠬᠦᠨᠳᠡᠭᠦᠷᠢ ᠲᠠᠢ ᠭᠤᠣᠯᠳᠠᠯᠭ᠎ᠠ | ᠪᠣᠯᠬᠤ ᠣᠷᠣᠨ ᠪᠦᠰᠡ ᠠᠴᠠ ᠵᠠᠶᠢᠯᠠᠭᠤᠯᠤᠨ᠂ ᠦᠯᠡᠳᠡᠭᠡᠯ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠤᠶᠤ | ᠠᠰᠢᠭᠯᠠᠭᠠᠳᠤᠢ ᠭᠠᠵᠠᠷ ᠢ ᠤᠷᠢᠳ ᠢᠶᠠᠷ ᠰᠣᠩᠭᠤᠨ ᠬᠠᠳᠠᠭᠠᠯᠠᠬᠤ ᠴᠡᠭ ᠪᠣᠯᠭᠠᠬᠤ ᠬᠡᠷᠡᠭᠲᠡᠢ᠃ | ᠬᠤᠷᠢᠨ ᠬᠤᠶᠠᠳᠤᠭᠠᠷ ᠵᠦᠢᠯ ᠬᠠᠳᠠᠭᠠᠯᠠᠭᠰᠠᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ | ᠬᠥᠷᠥᠰᠥ ᠶᠢ ᠪᠠᠶᠢᠭ᠎ᠠ ᠭᠠᠵᠠᠷ ᠤᠨ ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ ᠵᠠᠰᠠᠭ ᠤᠨ | ᠣᠷᠳᠣᠨ ᠠᠴᠠ ᠨᠢᠭᠡᠳᠦᠯᠲᠡᠢ ᠬᠠᠮᠢᠶᠠᠷᠴᠤ᠂ ᠬᠠᠳᠠᠭᠠᠯᠠᠬᠤ ᠬᠤᠭᠤᠴᠠᠭ᠎ᠠ ᠶᠢ 3 ᠵᠢᠯ ᠠᠴᠠ ᠬᠡᠲᠦᠷᠡᠭᠦᠯᠵᠦ ᠪᠣᠯᠬᠤ | ᠦᠭᠡᠢ᠂ ᠬᠠᠳᠠᠭᠠᠯᠠᠬᠤ ᠳᠤ ᠪᠠᠨ ᠬᠠᠮᠢᠶ᠎ᠠ ᠪᠦᠬᠦᠢ ᠮᠡᠷᠭᠡᠵᠢᠯ ᠤᠨ ᠵᠢᠷᠤᠮᠵᠢᠯ ᠤᠨ ᠶᠣᠰᠣᠭᠠᠷ ᠬᠠᠮᠠᠭᠠᠯᠠᠬᠤ ᠠᠷᠭ᠎ᠠ | ᠬᠡᠮᠵᠢᠶ᠎ᠡ ᠠᠪᠴᠤ᠂ ᠬᠥᠷᠥᠰᠥ ᠰᠢᠷᠣᠢ ᠢᠳᠡᠭᠳᠡᠬᠦ᠂ ᠬᠥᠷᠥᠰᠥ ᠰᠢᠷᠣᠢ ᠶᠢᠨ ᠴᠢᠨᠠᠷ ᠮᠠᠭᠤᠵᠢᠷᠠᠬᠤ ᠪᠠ ᠠᠮᠤᠷ | ᠲᠦᠪᠰᠢᠨ ᠪᠤᠰᠤ ᠲᠠᠯᠳᠠ ᠭᠡᠮ ᠭᠠᠷᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ | ᠵᠥᠭᠡᠭᠡᠪᠦᠷᠢᠯᠡᠬᠦ ᠳᠤ ᠪᠠᠨ ᠵᠥᠭᠡᠭᠡᠪᠦᠷᠢᠯᠡᠬᠦ ᠵᠠᠮ ᠱᠤᠭᠤᠮ ᠢ ᠵᠦᠢ ᠵᠣᠬᠢᠰᠲᠠᠢ ᠲᠣᠬᠢᠷᠠᠭᠤᠯᠵᠤ᠂ ᠵᠣᠷᠢᠭᠰᠠᠨ | ᠭᠠᠵᠠᠷ ᠲᠤ ᠪᠠᠨ ᠨᠢᠭᠡ ᠯᠡ ᠤᠳᠠᠭ᠎ᠠ ᠳᠤ ᠵᠥᠭᠡᠭᠡᠪᠦᠷᠢᠯᠡᠨ ᠬᠦᠷᠭᠡᠬᠦ ᠠᠷᠭ᠎ᠠ ᠮᠠᠶ᠋ᠢᠭ ᠢᠶᠠᠷ ᠵᠥᠭᠡᠭᠡᠪᠦᠷᠢᠯᠡᠵᠦ᠂ | ᠵᠥᠭᠡᠭᠡᠪᠦᠷᠢᠯᠡᠬᠦ ᠶᠠᠪᠤᠴᠠ ᠳᠤ ᠬᠥᠷᠥᠰᠥ ᠰᠢᠷᠣᠢ ᠶᠢᠨ ᠢᠳᠡᠭᠳᠡᠯ ᠪᠠ ᠲᠣᠭᠤᠰᠣ ᠰᠢᠷᠣᠢ ᠶᠢᠨ ᠪᠣᠬᠢᠷᠲᠤᠯ ᠢ | ᠰᠡᠷᠭᠡᠶᠢᠯᠡᠬᠦ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠢ᠃ | ᠳᠥᠷᠪᠡᠳᠦᠭᠡᠷ ᠪᠦᠯᠦᠭ ᠬᠢᠨᠠᠯᠲᠠ ᠲᠠᠯᠪᠢᠬᠤ ᠪᠠ ᠬᠠᠮᠢᠶᠠᠷᠬᠤ | ᠬᠤᠷᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ | ᠬᠥᠷᠥᠰᠥ ᠶᠢ ᠮᠠᠯᠲᠠᠨ ᠠᠪᠴᠤ ᠠᠰᠢᠭᠯᠠᠬᠤ ᠠᠵᠢᠯ ᠳᠤ ᠬᠢᠨᠠᠯᠲᠠ ᠲᠠᠯᠪᠢᠬᠤ ᠪᠠ ᠬᠠᠮᠢᠶᠠᠷᠬᠤ ᠪᠠᠨ ᠴᠢᠩᠭᠠᠳᠬᠠᠬᠤ | ᠬᠡᠷᠡᠭᠲᠡᠢ᠃ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠠᠮᠢᠶ᠎ᠠ ᠪᠦᠬᠦᠢ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠷ᠎ᠠ ᠬᠥᠷᠥᠰᠥᠲᠦ ᠭᠠᠵᠠᠷ ᠤᠨ | ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠭᠰᠠᠨ ᠪᠠᠶᠢᠳᠠᠯ ᠳᠤ ᠲᠣᠭᠲᠠᠮᠠᠯ | ᠬᠤᠭᠤᠴᠠᠭ᠎ᠠ ᠲᠠᠢ ᠪᠠᠷ ᠬᠢᠨᠠᠯᠲᠠ ᠲᠠᠯᠪᠢᠨ ᠪᠠᠶᠢᠴᠠᠭᠠᠵᠤ᠂ ᠵᠢᠯ ᠪᠦᠷᠢ ᠶᠢᠨ ᠵᠢᠯ ᠤᠨ ᠡᠴᠦᠰ ᠲᠤ ᠠᠶᠢᠮᠠᠭ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠰᠠᠯᠠᠭ᠎ᠠ ᠮᠥᠴᠢᠷ ᠠᠴᠠ ᠲᠣᠰ ᠲᠣᠰ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ᠂ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠲᠤ ᠪᠠᠶᠢᠴᠠᠭᠠᠭᠰᠠᠨ | ᠪᠠᠶᠢᠳᠠᠯ ᠢᠶᠠᠨ ᠮᠡᠳᠡᠭᠦᠯᠬᠦ ᠬᠡᠷᠡᠭᠲᠡᠢ᠃ | ᠬᠤᠷᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ | ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ | ᠬᠠᠷᠢᠭᠤᠴᠠᠵᠤ᠂ ᠲᠤᠰ ᠭᠠᠵᠠᠷ ᠣᠷᠣᠨ ᠤ ᠪᠠᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ | ᠬᠥᠷᠥᠰᠥ ᠶᠢ ᠮᠠᠯᠲᠠᠨ ᠠᠪᠴᠤ ᠠᠰᠢᠭᠯᠠᠬᠤ ᠠᠵᠢᠯ ᠳᠠᠬᠢ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠭᠠᠵᠠᠷ ᠣᠷᠣᠨ ᠤ ᠬᠠᠷ᠎ᠠ ᠬᠥᠷᠥᠰᠥᠲᠦ ᠭᠠᠵᠠᠷ ᠤᠨ | ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠵᠤ ᠠᠪᠤᠭᠰᠠᠨ ᠮᠡᠳᠡᠭᠡ ᠵᠠᠩᠭᠢ ᠪᠠᠨ ᠴᠠᠭ ᠲᠤᠬᠠᠢ ᠳᠤ ᠨᠢ | ᠨᠡᠶᠢᠭᠡᠮ ᠳᠤ ᠨᠡᠶᠢᠲᠡᠯᠡᠬᠦ ᠶᠢᠨ ᠬᠠᠮᠲᠤ᠂ ᠬᠠᠮᠢᠶ᠎ᠠ ᠪᠦᠬᠦᠢ ᠨᠢᠭᠡᠴᠢ ᠯᠦᠭᠡ ᠮᠡᠳᠡᠭᠡ ᠵᠠᠩᠭᠢ ᠪᠠᠨ ᠬᠠᠮᠲᠤ ᠪᠠᠷ | ᠭᠥᠷᠳᠡᠬᠦ ᠶᠢ ᠴᠢᠩᠭᠠᠳᠬᠠᠬᠤ ᠬᠡᠷᠡᠭᠲᠡᠢ᠃ | ᠲᠠᠪᠤᠳᠤᠭᠠᠷ ᠪᠦᠯᠦᠭ ᠳᠠᠭᠠᠯᠳᠤᠭᠤᠯᠤᠯ ᠳᠦᠷᠢᠮ | ᠬᠤᠷᠢᠨ ᠳᠣᠯᠣᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ ᠬᠡᠷᠡᠭᠵᠢᠭᠦᠯᠬᠦ ᠶᠠᠪᠤᠴᠠ ᠳᠠᠬᠢ ᠪᠣᠳᠠᠲᠠᠢ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2024 ᠣᠨ ᠤ 12 ᠳ᠋ᠤᠭᠠᠷ ᠰᠠᠷ᠎ᠠ ᠶᠢᠨ 29 ᠤ ᠡᠳᠦᠷ ᠳᠠᠷᠤᠮᠠᠯᠯᠠᠨ ᠲᠠᠷᠬᠠᠭᠠᠪᠠ | |