ᠶᠡᠷᠦᠩᠬᠡᠢ ᠱᠦᠵᠢ ᠰᠢ ᠶᠢᠨ ᠫᠢᠩ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠬᠠᠢ | ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠳᠡᠭᠡᠳᠦ ᠱᠠᠲᠤᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ | ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠪᠠ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠰᠡᠷᠭᠡᠶᠢᠯᠡᠨ | ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢᠨ ᠲᠥᠯᠥᠭᠡ᠂ 2 ᠰᠠᠷ᠎ᠠ ᠶᠢᠨ 13 ᠤ ᠡᠳᠦᠷ᠂ | ᠪᠠᠶᠠᠨᠨᠠᠭᠤᠷ ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ 2025 ᠣᠨ ᠤ ᠪᠦᠬᠦ | ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠪᠦᠬᠦ | ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ 2024 ᠣᠨ ᠤ ᠪᠦᠬᠦ ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ ᠪᠦᠬᠦ ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠳᠤ ᠲᠤᠯᠭᠠᠷᠠᠵᠤ ᠪᠠᠶᠢᠭ᠎ᠠ ᠪᠠᠶᠢᠳᠠᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂ 2025 | ᠣᠨ ᠤ ᠪᠦᠬᠦ ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠲᠤᠬᠢᠷᠠᠭᠤᠯᠤᠨ | ᠪᠠᠶᠢᠷᠢᠯᠠᠭᠤᠯᠪᠠ᠃ | | | ᠬᠤᠷᠠᠯ ᠠᠴᠠ᠂ ᠦᠨᠡᠨ ᠠᠴᠠ ᠵᠥᠪ ᠢ ᠡᠷᠢᠵᠦ ᠵᠢᠮ᠎ᠡ ᠶᠣᠰᠣ ᠶᠢ ᠵᠢᠷᠤᠮᠯᠠᠨ᠂ ︽ᠶᠢᠰᠦᠨ ᠠᠵᠢᠯᠯᠠᠭ᠎ᠠ︾ ᠪᠠᠷ | ᠵᠢᠯᠣᠭᠤᠳᠤᠮᠵᠢ ᠪᠣᠯᠭᠠᠵᠤ᠂ ᠶᠢᠰᠦᠨ ᠲᠠᠯ᠎ᠠ ᠶᠢᠨ ᠭᠤᠤᠯᠳᠠᠯᠭ᠎ᠠ ᠲᠠᠢ ᠠᠵᠢᠯ ᠢ ᠪᠥᠬᠦ ᠲᠠᠯ᠎ᠠ ᠪᠠᠷ ᠳᠠᠶᠢᠴᠢᠯᠠᠨ ᠦᠷ᠎ᠡ | ᠪᠦᠲᠦᠮᠵᠢ ᠭᠠᠷᠭᠠᠵᠤ᠂ ᠥᠨᠳᠥᠷ ᠲᠦᠪᠰᠢᠨ ᠪᠥᠬᠦᠶ ᠠᠮᠤᠷ ᠲᠦᠪᠰᠢᠨ ᠢᠶᠠᠷ ᠴᠢᠨᠠᠷ ᠰᠠᠶᠢᠲᠠᠶ ᠬᠥᠭᠵᠢᠯᠲᠡ ᠶᠢ | ᠪᠠᠲᠤᠯᠠᠬᠤ ᠬᠡᠷᠡᠭᠲᠡᠶ᠃ ᠨᠢᠭᠡ ᠳᠤ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ | ᠪᠦᠷᠢᠨᠰᠢᠭᠦᠯᠬᠦ ᠠᠵᠢᠯᠯᠠᠭ᠎ᠠ ᠪᠠᠷ ᠵᠢᠯᠣᠭᠤᠳᠤᠮᠵᠢ ᠪᠣᠯᠭᠠᠵᠤ᠂ ᠡᠯ᠎ᠡ ᠲᠠᠯ᠎ᠠ ᠶᠢᠨ ᠬᠢᠨ ᠬᠠᠷᠢᠭᠤᠴᠠᠯᠭ᠎ᠠ ᠪᠠᠨ ᠮᠡᠳᠡᠵᠦ | ᠬᠠᠷᠢᠭᠤᠴᠠᠯᠭ᠎ᠠ ᠪᠠᠨ ᠲᠣᠳᠣᠷᠬᠠᠶᠢᠯᠠᠬᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠥᠬᠦ ᠲᠠᠯ᠎ᠠ ᠪᠠᠷ | ᠰᠠᠶᠢᠲᠤᠷ ᠠᠳᠬᠤᠬᠤ ᠬᠡᠷᠡᠭᠲᠡᠶ︔ ᠬᠤᠶᠠᠷ ᠲᠤ ︽ᠨᠠᠢᠮᠠᠨ ᠶᠡᠭᠡ ᠠᠵᠢᠯᠯᠠᠭ᠎ᠠ︾ ᠶᠢ ᠭᠦᠨᠵᠡᠭᠡᠶᠢᠷᠡᠭᠦᠯᠦᠨ | ᠠᠬᠢᠭᠤᠯᠬᠤ ᠪᠠᠷ ᠤᠳᠤᠷᠢᠳᠤᠮᠵᠢ ᠪᠣᠯᠭᠠᠵᠤ᠂ ᠠᠶᠤᠯᠭᠦᠶ ᠤᠨᠦᠢᠯᠡᠳᠪᠦᠷᠢᠯᠡᠯ ᠢ ᠦᠨᠳᠦᠰᠦ ᠠᠴᠠ ᠨᠢ ᠵᠠᠰᠠᠬᠤ | ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠪᠥᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠶ︔ | ᠭᠤᠷᠪᠠ ᠳᠤ ︽ᠵᠢᠷᠭᠤᠭᠠᠨ ᠨᠢᠭᠡ︾ ᠶᠢᠨ ᠠᠵᠢᠯ ᠤᠨ ᠲᠣᠭᠲᠠᠴᠠ ᠶᠢᠨ ᠠᠵᠢᠯᠯᠠᠭ᠎ᠠ ᠶᠢ ᠰᠢᠯᠢᠳᠡᠭᠵᠢᠭᠦᠯᠦᠨ | ᠲᠡᠭᠦᠯᠳᠡᠷᠵᠢᠭᠦᠯᠬᠦ ᠪᠠᠷ ᠤᠳᠤᠷᠢᠳᠤᠮᠵᠢ ᠪᠣᠯᠭᠠᠵᠤ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠮᠤᠷ | ᠲᠦᠪᠰᠢᠨ ᠤ ᠴᠡᠭᠴᠡᠯᠡᠨ ᠵᠠᠰᠠᠯᠲᠠ ᠶᠢ ᠪᠥᠬᠦ ᠲᠠᠯ᠎ᠠ ᠪᠠᠷ ᠰᠠᠶᠢᠲᠤᠷ ᠠᠳᠬᠤᠨ᠎ᠠ︔ ᠳᠥᠷᠪᠡ ᠳᠤ ︽ᠵᠢᠷᠭᠤᠭᠠᠨ | ᠣᠨᠴᠠᠯᠢᠭ ᠵᠢᠷᠭᠤᠭᠠᠨ ᠲᠤᠰᠬᠠᠶ ᠮᠡᠷᠭᠡᠵᠢᠯ︾ ᠤᠨ ᠦᠨᠳᠦᠰᠦᠨ ᠠᠴᠠ ᠨᠢ ᠵᠠᠰᠠᠬᠤ ᠠᠵᠢᠯᠯᠠᠭ᠎ᠠ ᠳᠤ ᠰᠢᠨ᠎ᠡ ᠶᠢ | ᠡᠭᠦᠳᠦᠨ ᠬᠡᠷᠡᠭᠵᠢᠭᠦᠯᠬᠦ ᠪᠠᠷ ᠬᠥᠲᠥᠯᠦᠮᠵᠢ ᠪᠣᠯᠭᠠᠵᠤ᠂ ᠮᠠᠨ ᠤ ᠬᠤᠲᠠ ᠶᠢᠨ ᠠᠮᠠᠷᠬᠠᠨ ᠡᠭᠦᠰᠬᠦ ᠠᠳᠡᠯ ᠤᠨ | ᠬᠦᠷᠢᠶᠡᠨ ᠳᠠᠬᠢ ᠦᠨᠳᠦᠰᠦᠨ ᠠᠴᠠ ᠨᠢ ᠵᠠᠰᠠᠬᠤ ᠰᠢᠪᠲᠤᠯᠤᠯᠲᠠ ᠶᠢ ᠪᠥᠬᠦ ᠲᠠᠯ᠎ᠠ ᠪᠠᠷ ᠰᠠᠶᠢᠲᠤᠷ ᠠᠳᠬᠤᠬᠤ | ᠬᠡᠷᠡᠭᠲᠡᠶ︔ ᠲᠠᠪᠤ ᠳᠤ᠂ ︽ᠱᠠᠯᠠᠪᠳᠠᠭᠤᠯᠤᠨ ᠱᠠᠭᠠᠷᠳᠠᠵᠤ ᠬᠠᠪᠰᠤᠷᠬᠤ ᠶᠢ ᠨᠢᠭᠡ ᠴᠤᠬᠴᠠᠵᠢᠭᠤᠯᠬᠤ︾ ᠠᠵᠤ | ᠠᠬᠤᠶᠢᠯᠠᠯ ᠢ ᠬᠠᠪᠰᠤᠷᠬᠤ ᠠᠵᠢᠯᠯᠠᠭ᠎ᠠ ᠶᠢ ᠪᠠᠶᠢᠩᠭᠤ ᠥᠷᠨᠢᠭᠦᠯᠬᠦ ᠪᠠᠷ ᠵᠢᠯᠣᠭᠤᠳᠤᠮᠵᠢ ᠪᠣᠯᠭᠠᠵᠤ᠂ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠦᠬᠦ ᠲᠠᠯ᠎ᠠ ᠪᠠᠷ ᠰᠠᠶᠢᠲᠤᠷ | ᠠᠳᠬᠤᠬᠤ ᠬᠡᠷᠡᠭᠲᠡᠢ︔ ᠵᠢᠷᠭᠤᠭ᠎ᠠ ᠳᠤ ︽ᠵᠢᠷᠭᠤᠭᠠᠨ ᠰᠢᠰᠲ᠋ᠧᠮᠵᠢ︾ ᠶᠢᠨ ᠠᠵᠢᠯᠯᠠᠭ᠎ᠠ ᠶᠢ ᠳᠡᠯᠭᠡᠷᠡᠭᠦᠯᠦᠨ | ᠬᠡᠷᠡᠭᠯᠡᠬᠦ ᠪᠠᠷ ᠤᠳᠤᠷᠢᠳᠤᠮᠵᠢ ᠪᠣᠯᠭᠠᠵᠤ᠂ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ | ᠪᠠᠶᠢᠭᠤᠯᠤᠯᠲᠠ ᠶᠢ ᠪᠥᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠶ︔ ᠲᠤᠯᠤᠭ᠎ᠠ ᠳᠤ᠂ ︽ᠠᠷᠪᠠᠨ ᠲᠠᠪᠤᠳᠤᠭᠠᠷ | ᠲᠠᠪᠤᠨ ᠵᠢᠯ︾ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠲᠣᠭᠲᠠᠭᠠᠬᠤ ᠠᠵᠢᠯᠯᠠᠭ᠎ᠠ ᠪᠠᠷ | ᠵᠢᠯᠣᠭᠤᠳᠤᠮᠵᠢ ᠪᠣᠯᠭᠠᠵᠤ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ᠂ ᠨᠥᠭᠡᠴᠡᠯᠡᠬᠦ᠂ ᠪᠦᠳᠦᠭᠡᠨ | ᠪᠠᠶᠢᠭᠤᠯᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ︔ ᠨᠠᠢᠮᠠ ᠳᠤ ︽3 + 3︾ ᠶᠢᠨ ᠤᠬᠠᠭᠤᠯᠭ᠎ᠠ | ᠬᠥᠮᠦᠵᠢᠯ ᠤᠨ ᠵᠠᠭᠪᠤᠷ ᠤᠨ ᠠᠵᠢᠯᠯᠠᠭ᠎ᠠ ᠶᠢ ᠭᠦᠨᠵᠡᠭᠡᠶᠢᠷᠡᠭᠦᠯᠬᠦ ᠪᠠᠷ ᠤᠳᠤᠷᠢᠳᠤᠮᠵᠢ ᠪᠣᠯᠭᠠᠵᠤ᠂ ᠠᠮᠤᠷ ᠲᠦᠪᠰᠢᠨ ᠤ | ᠬᠡᠪ ᠪᠣᠯᠪᠠᠰᠤᠷᠠᠯ ᠤᠨ ᠴᠢᠳᠠᠪᠤᠷᠢ ᠶᠢᠨ ᠳᠡᠭᠡᠭᠰᠢᠯᠡᠯᠲᠡ ᠶᠢ ᠪᠦᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ︔ | ᠶᠢᠰᠦ ᠳᠤ᠂ ᠤᠨᠴᠠᠯᠢᠬᠳᠤ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠤᠨ ᠪᠠᠶᠢᠭᠤᠯᠤᠯᠲᠠ ᠶᠢᠨ | ᠠᠵᠢᠯᠯᠠᠭ᠎ᠠ ᠪᠠᠷ ᠵᠢᠯᠣᠭᠤᠳᠤᠮᠵᠢ ᠪᠣᠯᠭᠠᠵᠤ᠂ ᠨᠠᠮ ᠤᠨ ᠪᠠᠶᠢᠭᠤᠯᠤᠯᠲᠠ ᠪᠣᠯᠤᠨ ᠪᠠᠴᠢᠮ ᠪᠠᠶᠢᠳᠠᠯ ᠢ ᠠᠷᠭᠠᠴᠠᠭᠠᠬᠤ | ᠲᠤᠬᠠᠶᠢᠯᠠᠭᠰᠠᠨ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠬᠤ ᠶᠢ ᠭᠦᠨᠵᠡᠭᠡᠢ ᠠᠭᠤᠰᠤᠯᠴᠠᠭᠤᠯᠤᠨ ᠬᠠᠮᠲᠤ ᠪᠠᠷ | ᠤᠷᠤᠭᠰᠢᠯᠠᠭᠤᠯᠤᠨ᠎ᠠ᠃ | ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠤᠳᠤᠷᠢᠳᠬᠤ ᠪᠠᠭ ᠤᠨ | ᠪᠦᠷᠢᠯᠳᠦᠬᠦᠨ᠂ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ | ᠬᠠᠷᠢᠭᠤᠴᠠᠯᠭᠠᠲᠠᠨ ᠨᠥᠬᠦᠳ᠂ ᠡᠯ᠎ᠡ ᠪᠠᠶᠢᠴᠠᠭᠠᠨ ᠰᠤᠳᠤᠯᠤᠭᠴᠢ᠂ ᠡᠯ᠎ᠡ ᠬᠤᠰᠢᠭᠤ ᠰᠢᠶᠠᠨ ᠲᠣᠭᠤᠷᠢᠭ ᠤᠨ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠪᠠᠶᠠᠨᠨᠠᠭᠤᠷ ᠤᠨ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠠᠵᠤ ᠠᠬᠤᠶ ᠶᠢᠨ ᠬᠥᠭᠵᠢᠯᠲᠡ ᠶᠢᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ | ᠨᠥᠬᠦᠳ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ | ᠪᠥᠬᠦ ᠠᠵᠢᠯᠲᠠᠨ᠂ ᠬᠤᠶᠠᠳᠤᠭᠠᠷ ᠳᠡᠰ ᠤᠨ ᠨᠢᠭᠡᠴᠢ ᠶᠢᠨ ᠳᠡᠳ᠋ ᠰᠠᠯᠠᠭᠠᠨ ᠲᠠᠰ ᠠᠴᠠ ᠳᠡᠭᠡᠭᠰᠢᠬᠢ ᠺᠠᠳ᠋ᠷ ᠬᠤᠷᠠᠯ ᠳᠤ | ᠣᠷᠣᠯᠴᠠᠪᠠ᠃ |