2 ᠰᠠᠷ᠎ᠠ ᠶᠢᠨ 19 ᠤ ᠡᠳᠦᠷ ᠠᠴᠠ 21 ᠤ ᠡᠳᠦᠷ ᠪᠣᠯᠲᠠᠯ᠎ᠠ᠂ ᠲᠥᠪ ᠤᠨ ᠨᠠᠮ ᠤᠨ ᠰᠤᠷᠭᠠᠭᠤᠯᠢ ︵ | ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠶᠠᠮᠤᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠲᠥᠷᠥ ᠶᠢᠨ | ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ | ᠂ ᠪᠥᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠬᠠᠮᠲᠤᠷᠠᠨ ᠪᠥᠬᠦ ᠤᠯᠤᠰ ᠤᠨ ᠲᠡᠮᠦᠷᠯᠢᠭ | ᠬᠠᠶᠢᠯᠤᠭᠤᠯᠬᠤ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠸᠢᠳᠢᠣ᠋ ᠪᠣᠯᠪᠠᠰᠤᠷᠠᠯ ᠤᠨ ᠠᠩᠭᠢ ᠡᠷᠭᠢᠯᠡᠪᠡ᠃ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠶᠠᠮᠤᠨ ᠤ ᠨᠠᠮ ᠤᠨ ᠬᠤᠷᠢᠶᠠᠨ ᠤ ᠱᠦᠵᠢ᠂ ᠶᠠᠮᠤᠨ ᠤ ᠰᠠᠶᠢᠳ ᠸᠠᠩ ᠰᠢᠶᠠᠩ ᠰᠢ᠂ ᠲᠥᠪ ᠤᠨ | ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠡᠳᠦᠷ ᠲᠤᠲᠤᠮ ᠤᠨ | ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠵᠠᠬᠢᠷᠤᠯ ︵ᠳᠡᠳ᠋ ᠵᠠᠬᠢᠷᠤᠯ︶ ᠰᠢᠶᠧ ᠴᠦᠨ ᠲᠤᠤ ᠰᠤᠷᠤᠯᠭ᠎ᠠ | ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ | ᠪᠣᠯᠪᠠᠰᠤᠷᠠᠯ ᠤᠨ ᠠᠩᠭᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ | ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠶ ᠰᠤᠷᠤᠯᠴᠠᠨ | ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠲᠡᠮᠦᠷᠯᠢᠭ ᠬᠠᠶᠢᠯᠤᠭᠤᠯᠬᠤ ᠠᠵᠤ ᠠᠬᠤᠶᠢᠯᠠᠯ ᠤᠨ ᠠᠮᠤᠷ ᠲᠦᠪᠰᠢᠨ | ᠬᠥᠭᠵᠢᠯᠲᠡ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠠᠵᠤ ᠠᠬᠤᠶᠢᠯᠠᠯ ᠤᠨ | ᠭᠤᠤᠯ ᠬᠠᠷᠢᠭᠤᠴᠠᠯᠭᠠᠲᠠᠨ ᠤ ᠠᠮᠤᠷ ᠲᠦᠪᠰᠢᠨ ᠤ ᠤᠯᠠᠭᠠᠨ ᠱᠤᠭᠤᠮ ᠤᠨ ᠤᠬᠠᠮᠰᠠᠷ ᠪᠠ ᠦᠨᠳᠦᠰᠦ ᠠᠴᠠ ᠨᠢ | ᠵᠠᠰᠠᠵᠤ ᠪᠣᠭᠤᠮᠲᠠ ᠰᠢᠪᠲᠤᠯᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠤᠯᠤᠰ ᠤᠨ ᠲᠡᠮᠦᠷᠯᠢᠭ | ᠬᠠᠶᠢᠯᠤᠭᠤᠯᠬᠤ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠪᠰᠢᠨ ᠤ | ᠳᠡᠭᠡᠭᠰᠢᠯᠡᠯᠲᠡ ᠶᠢ ᠠᠬᠢᠭᠤᠯᠵᠤ᠂ ᠬᠦᠨᠳᠦ ᠣᠨᠴᠠ ᠶᠡᠭᠡ ᠠᠳᠡᠯ ᠢ ᠡᠷᠡᠰ ᠰᠡᠷᠭᠡᠶᠢᠯᠡᠨ ᠬᠤᠷᠢᠭᠯᠠᠵᠤ᠂ ᠠᠵᠤ ᠠᠬᠤᠶ | ᠨᠡᠶᠢᠭᠡᠮ ᠤᠨ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠣᠶ ᠪᠣᠯᠭᠠᠵᠤ ᠥᠭᠪᠡ᠃ | ᠲᠥᠪ ᠤᠨ ᠨᠠᠮ ᠤᠨ ᠰᠤᠷᠭᠠᠭᠤᠯᠢ ᠶᠢᠨ ᠭᠤᠤᠯ ᠬᠢᠴᠢᠶᠡᠯ ᠤᠨ ᠲᠢᠩᠬᠢᠮ + ᠮᠤᠵᠢ ᠬᠤᠲᠠ ᠶᠢᠨ ᠨᠠᠮ ᠤᠨ | ᠰᠤᠷᠭᠠᠭᠤᠯᠢ ᠶᠢᠨ ᠬᠤᠪᠢᠶᠠᠷᠢ ᠬᠢᠴᠢᠶᠡᠯ ᠤᠨ ᠲᠢᠩᠬᠢᠮ ᠤᠨ ᠬᠡᠯᠪᠡᠷᠢ ᠪᠠᠷ ᠳᠠᠮᠵᠢᠭᠤᠯᠤᠨ᠂ ᠪᠥᠬᠦ ᠤᠯᠤᠰ ᠲᠤ | 2145 ᠲᠡᠮᠦᠷᠯᠢᠭ ᠬᠠᠶᠢᠯᠤᠭᠤᠯᠬᠤ ᠠᠵᠤ ᠠᠬᠤᠶᠢᠯᠠᠯ᠂ 3413 ᠥᠩᠭᠡᠲᠦ ᠲᠡᠮᠦᠷᠯᠢᠭ ᠪᠣᠯᠪᠠᠰᠤᠷᠠᠭᠤᠯᠬᠤ ᠠᠵᠤ | ᠠᠬᠤᠶᠢᠯᠠᠯ᠂ 12441 ᠲᠡᠮᠦᠷᠯᠢᠭ ᠴᠢᠳᠬᠤᠬᠤ ᠠᠵᠤ ᠠᠬᠤᠶᠢᠯᠠᠯ ᠤᠨ ︽ᠨᠢᠭᠡᠳᠦᠭᠡᠷ ᠬᠠᠷᠢᠭᠤᠴᠠᠯᠭᠠᠲᠠᠨ︾ ᠪᠠ | 1489 ᠬᠤᠯᠪᠣᠭᠳᠠᠯ ᠪᠥᠬᠦᠶ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠢ ᠵᠡᠷᠭᠡ ᠳᠤᠨᠢ | ᠪᠣᠯᠪᠠᠰᠤᠷᠠᠭᠤᠯᠵᠤ᠂ ᠨᠡᠶᠢᠲᠡ 1948 ᠬᠥᠮᠦᠨ ᠪᠣᠯᠪᠠ᠃ ᠪᠣᠯᠪᠠᠰᠤᠷᠠᠯ ᠤᠨ ᠠᠩᠭᠢ ᠪᠢᠰᠢᠷᠡᠨ ᠵᠢᠷᠦᠬᠡᠰᠢᠶᠡᠬᠦ ᠶᠢ | ᠮᠡᠳᠡᠨ᠎ᠡ᠂ ᠲᠣᠳᠣᠷᠬᠠᠶ ᠬᠠᠷᠢᠭᠤᠴᠠᠯᠭ᠎ᠠ᠂ ᠲᠦᠭᠰᠢᠭᠦᠷᠢ ᠶᠢ ᠡᠵᠡᠮᠳᠡᠬᠦ᠂ ᠴᠢᠳᠠᠪᠤᠷᠢ ᠪᠠᠨ ᠳᠡᠭᠡᠭᠰᠢᠯᠡᠭᠦᠯᠬᠦ︾ ᠪᠠᠷ | ᠭᠤᠤᠯ ᠰᠡᠳᠦᠪ ᠪᠣᠯᠭᠠᠨ᠎ᠠ᠂ ᠲᠣᠬᠢᠷᠠᠭᠤᠯᠬᠤ ᠦᠵᠡᠯ ᠰᠠᠨᠠᠭᠠᠨ ᠤ ᠣᠨᠣᠯ᠂ ᠬᠠᠤᠯᠢ ᠪᠠᠷ ᠵᠠᠰᠠᠬᠤ ᠬᠠᠷᠢᠭᠤᠴᠠᠯᠭ᠎ᠠ᠂ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠡᠷᠡᠭ ᠤᠨ ᠵᠢᠱᠢᠶ᠎ᠡ ᠶᠢᠨ ᠰᠣᠯᠢᠯᠴᠠᠭ᠎ᠠ ᠳᠥᠷᠪᠡᠨ ᠲᠠᠯ᠎ᠠ ᠶᠢᠨ | ᠬᠢᠴᠢᠶᠡᠯ ᠤᠨ ᠠᠭᠤᠯᠭ᠎ᠠ᠂ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ | ᠰᠤᠷᠭᠠᠭᠤᠯᠢ︶ ᠲᠣᠬᠢᠷᠠᠭᠤᠯᠤᠨ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ | ᠤᠳᠤᠷᠢᠳᠤᠯᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠲᠥᠷᠥ ᠶᠢᠨ | ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠥᠪᠯᠡᠯ ᠤᠨ | ᠬᠤᠯᠪᠣᠭᠳᠠᠯ ᠪᠦᠬᠦᠢ ᠵᠤᠷᠭᠠᠨ ᠲᠣᠪᠴᠢᠶᠠᠨ ᠤ ᠬᠠᠷᠢᠭᠤᠴᠠᠯᠭᠠᠲᠠᠨ ᠪᠠ ᠠᠵᠢᠯ ᠲᠥᠷᠥᠯ ᠤᠨ ᠬᠦᠷᠢᠶᠡᠨ ᠤ ᠲᠤᠰᠬᠠᠶ | ᠮᠡᠷᠭᠡᠵᠢᠯᠲᠡᠨ᠂ ᠲᠣᠮᠣ ᠬᠡᠯᠪᠡᠷᠢ ᠶᠢᠨ ᠲᠡᠮᠦᠷᠯᠢᠭ ᠬᠠᠶᠢᠯᠤᠭᠤᠯᠬᠤ ᠠᠵᠤ ᠠᠬᠤᠶᠢᠯᠠᠯ ᠤᠨ ᠬᠠᠷᠢᠭᠤᠴᠠᠯᠭᠠᠲᠠᠨ᠂ | ᠲᠡᠮᠦᠷᠯᠢᠭ ᠬᠠᠶᠢᠯᠤᠭᠤᠯᠬᠤ ᠬᠠᠮᠢᠶ᠎ᠠ ᠪᠦᠬᠦᠢ ᠠᠶᠤᠯᠭᠦᠶ ᠦᠢᠯᠡᠳᠪᠦᠷᠢᠯᠡᠯ ᠤᠨ ᠬᠠᠤᠯᠢ ᠲᠣᠭᠲᠠᠭᠠᠯ ᠲᠥᠷᠥ ᠶᠢᠨ | ᠪᠣᠳᠣᠯᠭ᠎ᠠ ᠶᠢᠨ ᠲᠠᠶᠢᠯᠤᠮᠵᠢ᠂ ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠱᠠᠭᠠᠷᠳᠠᠯᠭ᠎ᠠ ᠶᠢ ᠶᠠᠷᠢᠨ᠎ᠠ᠂ ᠨᠡᠶᠢᠲᠡᠯᠢᠭ ᠠᠳᠡᠯ ᠤᠨ ᠰᠤᠷᠭᠠᠮᠵᠢ ᠶᠢ ᠳᠠᠬᠢᠨ ᠪᠣᠳᠣᠯᠬᠢᠯᠠᠬᠤ᠂ ᠠᠮᠤᠷ ᠲᠦᠪᠰᠢᠨ ᠤ | ᠬᠠᠮᠢᠶᠠᠷᠤᠯᠲᠠ ᠶᠢᠨ ᠰᠠᠶᠢᠨ ᠰᠠᠶᠢᠬᠠᠨ ᠦᠢᠯᠡᠳᠦᠯᠭᠡ ᠶᠢ ᠬᠤᠪᠢᠶᠠᠯᠴᠠᠨ᠎ᠠ᠃ ᠰᠤᠷᠤᠯᠭᠠᠲᠠᠳ ᠤᠨ ᠨᠡᠶᠢᠳᠡᠮ | ᠲᠤᠰᠬᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠯ ᠤᠨ ᠭᠤᠤᠯ ᠰᠡᠳᠦᠪ ᠨᠢ ᠢᠯᠡ ᠲᠣᠳᠣ᠂ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠨᠢ ᠡᠷᠬᠡ ᠰᠦᠷ ᠲᠠᠢ᠂ ᠠᠭᠤᠯᠭ᠎ᠠ ᠶᠢᠨ ᠲᠠᠶᠢᠯᠤᠮᠵᠢ ᠨᠢ ᠭᠦᠨᠵᠡᠭᠡᠶ᠂ ᠬᠡᠷᠡᠭ ᠤᠨ | ᠵᠢᠱᠢᠶ᠎ᠡ ᠶᠢᠨ ᠵᠠᠳᠠᠯᠤᠯᠲᠠ ᠨᠢ ᠭᠦᠨᠵᠡᠭᠡᠶ᠂ ᠠᠵᠢᠯ ᠤᠨ ᠱᠠᠭᠠᠷᠳᠠᠯᠭ᠎ᠠ ᠨᠢ ᠪᠣᠳᠠᠲᠠᠶ ᠪᠠᠶᠢᠵᠤ᠂ ᠲᠡᠮᠦᠷᠯᠢᠭ | ᠬᠠᠶᠢᠯᠤᠭᠤᠯᠬᠤ ᠠᠵᠤ ᠠᠬᠤᠶᠢᠯᠠᠯ ᠤᠨ ᠠᠶᠤᠯ ᠥᠬᠡᠶ ᠦᠢᠯᠡᠳᠪᠦᠷᠢᠯᠡᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠪᠠᠨ ᠦᠨᠡᠨ ᠬᠦ ᠨᠠᠶᠢᠳᠠᠪᠤᠷᠢᠵᠢᠭᠤᠯᠬᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ | ᠲᠥᠯᠥᠪᠵᠢᠭᠦᠯᠬᠦ᠂ ᠰᠢᠨ᠎ᠡ ᠴᠠᠭ ᠦᠶ᠎ᠡ ᠶᠢᠨ ᠲᠡᠮᠦᠷᠯᠢᠭ ᠬᠠᠶᠢᠯᠤᠭᠤᠯᠬᠤ ᠠᠵᠤ ᠠᠬᠤᠶᠢᠯᠠᠯ ᠤᠨ ᠠᠶᠤᠯ ᠥᠬᠡᠶ | ᠦᠢᠯᠡᠳᠪᠦᠷᠢᠯᠡᠯ ᠤᠨ ᠠᠵᠢᠯ ᠤᠨ ᠬᠠᠷᠠᠯᠲᠠ ᠪᠠ ᠡᠭᠦᠷᠭᠡ ᠱᠠᠭᠠᠷᠳᠠᠯᠭ᠎ᠠ ᠶᠢ ᠡᠵᠡᠮᠳᠡᠬᠦ᠂ ᠠᠵᠢᠯ ᠦᠢᠯᠡᠰ ᠤᠨ | ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠳᠤ ᠴᠢᠬᠤᠯᠠ ᠠᠬᠢᠭᠤᠯᠬᠤ ᠦᠢᠯᠡᠳᠦᠯ ᠲᠠᠢ ᠶᠤᠮ᠃ | ᠲᠡᠮᠦᠷᠯᠢᠭ ᠪᠣᠯᠪᠠᠰᠤᠷᠠᠭᠤᠯᠬᠤ ᠳᠤ ᠬᠤᠯᠪᠣᠭᠳᠠᠭᠰᠠᠨ ᠲᠥᠪ ᠤᠨ ᠠᠵᠤ ᠠᠬᠤᠶᠢᠯᠠᠯ ᠤᠨ ᠭᠤᠤᠯ | ᠬᠠᠷᠢᠭᠤᠴᠠᠯᠭᠠᠲᠠᠨ ᠨᠥᠬᠦᠳ᠂ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ᠂ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠲᠥᠷᠥ ᠶᠢᠨ ᠶᠠᠪᠤᠳᠠᠯ ᠤᠨ ᠬᠤᠷᠢᠶᠠᠨ ᠤ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠪᠥᠬᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠤᠯᠪᠣᠭᠳᠠᠯ ᠪᠥᠬᠦᠶ ᠵᠤᠷᠭᠠᠨ ᠲᠣᠪᠴᠢᠶ᠎ᠠ ᠶᠢᠨ ᠬᠠᠷᠢᠭᠤᠴᠠᠯᠭᠠᠲᠠᠨ | ᠨᠥᠬᠦᠳ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ᠂ ᠡᠯ᠎ᠡ ᠮᠤᠵᠢ ᠶᠢᠨ ᠱᠠᠲᠤᠨ ᠤ ᠨᠠᠮ ᠤᠨ ᠰᠤᠷᠭᠠᠭᠤᠯᠢ ︵ | ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ ᠬᠥᠮᠦᠨ ᠤ ᠬᠦᠴᠦᠨ ᠤ ᠡᠬᠢ ᠪᠠᠶᠠᠯᠢᠭ ᠤᠨ ᠪᠠᠲᠤᠯᠠᠭ᠎ᠠ᠂ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠡᠯ᠎ᠡ ᠮᠤᠵᠢ ᠶᠢᠨ ᠱᠠᠲᠤᠨ ᠤ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ | ᠬᠢᠴᠢᠶᠡᠯ ᠤᠨ ᠲᠢᠩᠬᠢᠮ ᠳᠤ ᠬᠤᠯᠪᠣᠭᠳᠠᠯ ᠪᠥᠬᠦᠶ ᠠᠵᠢᠯᠯᠠᠭ᠎ᠠ ᠳᠤ ᠣᠷᠣᠯᠴᠠᠪᠠ᠃ |