︽ᠡᠯᠡᠰᠦᠷᠬᠡᠭᠵᠢᠭᠰᠡᠨ ᠨᠤᠲᠤᠭ ᠪᠡᠯᠴᠢᠭᠡᠷ ᠢ ᠵᠠᠰᠠᠬᠤ ᠮᠡᠷᠭᠡᠵᠢᠯ ᠤᠨ ᠳᠦᠷᠢᠮ︾ ᠨᠢ ᠡᠯᠡᠰᠦᠷᠬᠡᠭᠵᠢᠭᠰᠡᠨ ᠨᠤᠲᠤᠭ ᠪᠡᠯᠴᠢᠭᠡᠷ ᠢ ᠰᠡᠷᠭᠦᠭᠡᠬᠦ ᠳᠤ ᠮᠡᠷᠭᠡᠵᠢᠯ ᠤᠨ ᠳᠡᠮᠵᠢᠯᠭᠡ ᠬᠠᠩᠭᠠᠨ᠎ᠠ
ᠨᠡᠶᠢᠲᠡᠯᠡᠭᠰᠡᠨ ᠴᠠᠭ᠄
2025/2/24
    ᠰᠤᠷᠪᠤᠯᠵᠢᠯᠠᠭᠴᠢ ᠮᠧᠩ ᠼᠤᠤ ᠪᠦᠯᠦᠭᠯᠡᠯ ᠠᠴᠠ ᠣᠶᠢᠯᠠᠭᠠᠭᠰᠠᠨ ᠢᠶᠠᠷ᠂ ᠲᠣᠰ ᠺᠣᠮᠫᠠᠨᠢ ᠶᠢᠨ ᠪᠦᠯᠬᠦᠮ ᠤᠨ ᠡᠷᠭᠢᠯᠡᠨ ᠨᠠᠶᠢᠷᠠᠭᠤᠯᠤᠭᠰᠠᠨ ︽ᠡᠯᠡᠰᠦᠷᠬᠡᠭᠵᠢᠭᠰᠡᠨ ᠨᠤᠲᠤᠭ ᠪᠡᠯᠴᠢᠭᠡᠷ ᠢ ᠵᠠᠰᠠᠬᠤ ᠮᠡᠷᠭᠡᠵᠢᠯ ᠤᠨ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ ᠲᠦᠷᠦᠭᠦᠬᠡᠨ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠥᠬᠦ ᠤᠯᠤᠰ ᠤᠨ 40 ᠵᠦᠶ᠋ᠯ ᠤᠨ ᠣᠶ ᠰᠢᠭᠤᠶ ᠶᠢᠨ ᠠᠵᠢᠯ ᠲᠥᠷᠥᠯ ᠤᠨ ᠪᠠᠷᠢᠮᠵᠢᠶ᠎ᠠ ᠶᠢᠨ ᠵᠢᠭᠰᠠᠭᠠᠯᠲᠠ ᠳᠤ ᠣᠷᠣᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠤᠯᠬᠤ ᠳᠤ ᠨᠠᠩ ᠪᠥᠬᠦ ᠲᠠᠯ᠎ᠠ ᠶᠢᠨ ᠮᠡᠷᠭᠡᠵᠢᠯ ᠤᠨ ᠳᠡᠮᠵᠢᠯᠭᠡ ᠬᠠᠩᠭᠠᠪᠠ᠃    ᠣᠶᠢᠷ᠎ᠠ ᠶᠢᠨ ᠵᠢᠯ ᠳᠤ᠂ ︽ᠲᠦᠷᠢᠮ︾ ᠢ ᠲᠤᠭᠤᠷᠪᠢᠬᠤ ᠪᠦᠯᠬᠦᠮ ᠥᠪᠥᠷ ᠮᠣᠩᠭᠤᠯ᠂ ᠰᠧᠴᠦᠸᠠᠨ᠂ ᠬᠥᠬᠡᠨᠠᠭᠤᠷ᠂ ᠲᠥᠪᠡᠳ ᠵᠡᠷᠭᠡ ᠭᠠᠵᠠᠷ ᠲᠤ ᠣᠯᠠᠨ ᠤᠳᠠᠭ᠎ᠠ ᠪᠠᠶᠢᠴᠠᠭᠠᠨ ᠰᠤᠳᠤᠯᠤᠯᠲᠠ ᠬᠢᠵᠦ᠂ ᠡᠯᠡᠰᠦᠷᠬᠡᠭᠵᠢᠭᠰᠡᠨ ᠪᠡᠯᠴᠢᠭᠡᠷ ᠢ ᠵᠠᠰᠠᠬᠤ ᠮᠡᠷᠭᠡᠵᠢᠯ ᠤᠨ ᠰᠢᠰᠲ᠋ᠧᠮ ᠢ ᠪᠠᠶᠢᠭᠤᠯᠵᠤ᠂ ᠢᠨᠵᠧᠨᠧᠷᠢᠩ ᠤᠨ ᠠᠵᠢᠯ ᠤᠨ ᠮᠡᠷᠭᠡᠵᠢᠯ ᠤᠨ ᠪᠣᠯᠵᠣᠯᠲᠤ ᠲᠤᠭ᠎ᠠ ᠶᠢ ᠵᠢᠷᠤᠮᠵᠢᠭᠤᠯᠪᠠ᠃ ︽ᠳᠦᠷᠢᠮ︾ ᠳᠤ ᠡᠯᠡᠰᠦᠷᠬᠡᠭᠵᠢᠭᠰᠡᠨ ᠨᠤᠲᠤᠭ ᠪᠡᠯᠴᠢᠭᠡᠷ ᠢ ᠬᠥᠩᠭᠡᠨ ᠡᠯᠡᠰᠦᠷᠬᠡᠭᠵᠢᠭᠰᠡᠨ᠂ ᠳᠤᠮᠳᠠ ᠵᠡᠷᠭᠡ ᠶᠢᠨ ᠡᠯᠡᠰᠦᠷᠬᠡᠭᠵᠢᠭᠰᠡᠨ᠂ ᠬᠦᠨᠳᠦ ᠡᠯᠡᠰᠦᠷᠬᠡᠭᠵᠢᠭᠰᠡᠨ᠂ ᠰᠠᠯᠬᠢᠨ ᠳᠤ ᠢᠳᠡᠭᠳᠡᠭᠰᠡᠨ ᠨᠦᠬᠡ ᠵᠡᠷᠭᠡ ᠲᠥᠷᠥᠯ ᠬᠡᠯᠪᠡᠷᠢ ᠪᠣᠯᠭᠠᠨ ᠬᠤᠪᠢᠶᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠵᠣᠬᠢᠴᠠᠩᠭᠤᠶ ᠠᠷᠭ᠎ᠠ ᠬᠡᠮᠵᠢᠶ᠎ᠡ ᠠᠪᠴᠤ᠂ ᠢᠨᠵᠧᠨᠧᠷᠢᠩ ᠪᠠ ᠠᠮᠢᠳᠤ ᠪᠣᠳᠠᠰ ᠤᠨ ᠠᠷᠭ᠎ᠠ ᠬᠡᠮᠵᠢᠶ᠎ᠡ ᠶᠢ ᠬᠠᠷᠢᠯᠴᠠᠨ ᠤᠶᠠᠯᠳᠤᠭᠤᠯᠤᠭᠰᠠᠨ ᠶᠡᠷᠦᠩᠬᠡᠶᠢᠯᠡᠨ ᠵᠠᠰᠠᠬᠤ ᠵᠠᠭᠪᠤᠷ ᠢ ᠪᠣᠶ ᠪᠣᠯᠭᠠᠵᠤ᠂ ᠡᠯᠡᠰᠦᠷᠬᠡᠭᠵᠢᠭᠰᠡᠨ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠯᠭᠦᠨ ᠰᠡᠷᠭᠦᠬᠦ ᠳᠤ ᠰᠢᠰᠲ ᠧᠮ ᠲᠠᠢ᠂ ᠬᠡᠷᠡᠭᠵᠢᠭᠦᠯᠦᠭᠦᠰᠢᠲᠡᠶ ᠴᠢᠨᠠᠷ ᠢᠶᠠᠷ ᠴᠢᠩᠭ᠎ᠠ ᠠᠵᠢᠯᠯᠠᠭᠠᠨ ᠤ ᠴᠤᠪᠤᠷᠠᠯ ᠪᠠ ᠠᠷᠭ᠎ᠠ ᠶᠢ ᠬᠠᠩᠭᠠᠵᠤ ᠪᠣᠯᠤᠨ᠎ᠠ᠃ ᠣᠳᠣᠬᠠᠨ ᠳᠤ᠂ ᠬᠠᠮᠢᠶ᠎ᠠ ᠪᠥᠬᠦᠶ ᠮᠡᠷᠭᠡᠵᠢᠯ ᠢ ᠨᠢᠭᠡᠨᠲᠡ ᠬᠤᠷᠴᠢᠨ ᠤ ᠡᠯᠡᠰᠦᠷᠬᠡᠭ ᠭᠠᠵᠠᠷ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ᠂ ᠮᠤᠤᠠᠤᠰᠤ ᠶᠢᠨ ᠡᠯᠡᠰᠦᠷᠬᠡᠭ ᠭᠠᠵᠠᠷ᠂ ᠦᠵᠦᠮᠦᠴᠢᠨ ᠤ ᠡᠯᠡᠰᠦᠷᠬᠡᠭ ᠭᠠᠵᠠᠷ ᠵᠡᠷᠭᠡ ᠠᠮᠢ ᠠᠬᠤᠶ ᠶᠢ ᠵᠠᠰᠠᠨ ᠰᠡᠷᠭᠦᠭᠡᠬᠦ ᠲᠥᠷᠥᠯ  ᠵᠦᠢᠯ ᠳᠤ ᠬᠡᠷᠡᠭᠯᠡᠵᠦ᠂ ᠴᠥᠮ ᠰᠠᠶᠢᠨ ᠰᠠᠶᠢᠬᠠᠨ ᠵᠠᠰᠠᠨ ᠰᠡᠷᠭᠦᠭᠡᠬᠦ ᠦᠷ᠎ᠡ ᠪᠦᠲᠦᠮᠵᠢ ᠶᠢ ᠣᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号