ᠪᠦᠬᠦ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ
ᠨᠡᠶᠢᠲᠡᠯᠡᠭᠰᠡᠨ ᠴᠠᠭ᠄
2025/2/26
    2 ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ᠂ ᠪᠥᠬᠦ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ᠃ ᠬᠤᠷᠠᠯ ᠠᠴᠠ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠪᠣᠯᠤᠨ ᠪᠦᠬᠦ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2024 ᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠳ᠋ᠦᠩᠨᠡᠵᠦ᠂ ᠣᠳᠣᠬᠠᠨ ᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠶᠢ ᠵᠠᠳᠠᠯᠵᠤ᠂ 2025 ᠣᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ ᠰᠠᠶᠢᠳ ᠰᠦᠩ ᠶᠤᠸᠠᠨ ᠮᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ᠂ 2024 ᠣᠨ ᠳᠤ᠂ ᠶᠠᠮᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠵᠥᠪ ᠴᠢᠭᠯᠡᠯ ᠢᠶᠠᠷ ᠤᠳᠤᠷᠢᠳᠤᠮᠵᠢ ᠪᠣᠯᠭᠠᠬᠤ ᠶᠢ ᠪᠠᠲᠤ ᠡᠵᠡᠮᠳᠡᠵᠦ᠂ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠳᠤ ᠪᠦᠬᠦ ᠬᠦᠴᠦ ᠪᠠᠷ ᠢᠶᠠᠨ ᠦᠢᠯᠡᠴᠢᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠦᠢᠯᠡᠰ ᠤᠨ ᠪᠦᠬᠦ ᠲᠠᠯ᠎ᠠ ᠳᠤ ᠦᠢᠯᠡᠴᠢᠯᠡᠵᠦ᠂ ᠤᠨᠤᠯ ᠤᠨ ᠵᠡᠪᠰᠡᠭᠯᠡᠯ ᠢ ᠨᠡᠩ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠵᠥᠪ ᠲᠠᠯ᠎ᠠ ᠶᠢᠨ ᠤᠬᠠᠭᠤᠯᠭ᠎ᠠ ᠶᠢ ᠨᠡᠩ ᠠᠮᠢᠳᠤᠯᠢᠭᠵᠢᠭᠤᠯᠵᠤ᠂ ᠶᠠᠷᠢᠶ᠎ᠠ ᠬᠡᠯᠡᠯᠴᠡᠭᠡᠨ ᠤ ᠵᠢᠯᠤᠭᠤᠳᠤᠯᠭ᠎ᠠ ᠶᠢ ᠨᠡᠩ ᠲᠦᠷᠭᠡᠨ ᠬᠦᠴᠦᠲᠡᠢ ᠪᠣᠯᠭᠠᠵᠤ᠂ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠨᠡᠩ ᠰᠢᠨ᠎ᠡ ᠡᠭᠦᠳᠦᠯᠲᠡ ᠲᠠᠢ ᠪᠣᠯᠭᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠰᠡᠷᠭᠡᠶᠢᠯᠡᠯᠲᠡ ᠶᠢᠨ ᠱᠤᠭᠤᠮ ᠢ ᠨᠡᠩ ᠪᠠᠬᠢᠵᠢᠭᠦᠯᠵᠦ᠂ ᠡᠯ᠎ᠡ ᠵᠦᠢᠯ ᠤᠨ ᠠᠵᠢᠯ ᠰᠢᠨ᠎ᠡ ᠦᠷ᠎ᠡ ᠪᠦᠲᠦᠮᠵᠢ ᠰᠢᠨ᠎ᠡ ᠠᠬᠢᠴᠠ ᠲᠠᠢ ᠪᠣᠯᠪᠠ᠃    ᠬᠤᠷᠠᠯ ᠠᠴᠠ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠳᠤ ᠰᠠᠭᠤᠷᠢ ᠲᠠᠯᠪᠢᠬᠤ ᠵᠠᠩᠭᠢᠯᠠᠭ᠎ᠠ ᠶᠢᠨ ᠵᠢᠯ ᠪᠣᠯᠤᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠤᠶ᠎ᠠ᠂ ᠪᠦᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠪᠣᠯᠤᠨ ᠪᠦᠬᠦ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠲᠣᠭᠤᠷᠢᠨ ᠳᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠬᠡᠷᠡᠭᠲᠡᠶ᠂ ᠨᠡᠭᠡᠭᠡᠨ ᠤᠷᠤᠭᠰᠢᠯᠠᠬᠤ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠵᠥᠪ ᠲᠠᠯ᠎ᠠ ᠶᠢᠨ ᠤᠬᠠᠭᠤᠯᠭ᠎ᠠ ᠶᠢ ᠬᠦᠴᠦᠯᠡᠨ ᠴᠢᠩᠭᠠᠳᠬᠠᠬᠤ ᠬᠡᠷᠡᠭᠲᠡᠶ᠂ ᠭᠡᠨᠡᠳᠲᠡ ᠶᠢᠨ ᠬᠡᠷᠡᠭ ᠤᠨ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠴᠢᠩᠭᠠᠳᠬᠠᠨ᠎ᠠ᠂ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ᠎ᠡ᠂ ᠰᠠᠭᠤᠷᠢ ᠪᠠᠨ ᠲᠠᠰᠤᠷᠠᠯᠲᠠ ᠦᠭᠡᠢ ᠪᠠᠬᠢᠵᠢᠭᠦᠯᠵᠦ ᠴᠢᠳᠠᠪᠤᠷᠢ ᠪᠠᠨ ᠳᠡᠭᠡᠭᠰᠢᠯᠡᠭᠦᠯᠦᠨ᠎ᠡ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢᠨ ᠲᠥᠯᠥᠭᠡ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮᠵᠢ ᠪᠣᠯᠤᠨ ᠴᠢᠳᠠᠪᠤᠷᠢ ᠶᠢᠨ ᠣᠳᠣᠬᠢᠴᠢᠯᠠᠯᠲᠠ ᠶᠢ ᠭᠦᠨᠵᠡᠭᠡᠶ ᠲᠦᠯᠬᠢᠨ ᠠᠬᠢᠭᠤᠯᠬᠤ ᠬᠡᠷᠡᠭᠲᠡᠶ᠂ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠬᠠᠩᠭᠠᠨ᠎ᠠ᠂ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ᠂ ᠶᠠᠷᠢᠶ᠎ᠠ ᠬᠡᠯᠡᠯᠴᠡᠭᠡᠨ ᠤ ᠬᠦᠴᠦᠲᠡᠶ ᠳᠡᠮᠵᠢᠯᠭᠡ ᠪᠠ ᠠᠰᠢᠭᠲᠠᠶ ᠰᠣᠶᠣᠯ ᠤᠨ ᠨᠥᠬᠦᠴᠡᠯ  ᠢ ᠬᠠᠩᠭᠠᠨ᠎ᠠ᠃        ᠬᠤᠷᠠᠯ ᠠᠴᠠ 2025 ᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠭᠤᠤᠯᠳᠠᠯᠭ᠎ᠠ ᠶᠢ ᠶᠠᠷᠢᠯᠴᠠᠪᠠ᠃ ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ ᠲᠣᠪᠴᠢᠶ᠎ᠠ᠂ ᠲᠢᠶᠠᠨᠵᠢᠨ᠂ ᠵᠢᠶᠠᠩᠰᠦ᠂ ᠾᠧᠨᠠᠨ᠂ ᠭᠤᠸᠠᠩᠳᠦ᠋ᠩ᠂ ᠭᠠᠨᠰᠦ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ︵ᠲᠣᠪᠴᠢᠶ᠎ᠠ︶ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠡᠮᠨᠡᠯᠭᠡ ᠶᠢᠨ ᠬᠤᠷᠢᠶ᠎ᠠ ᠰᠠᠨᠠᠯ ᠢᠶᠠᠨ ᠰᠣᠯᠢᠯᠴᠠᠬᠤ ᠦᠭᠡ ᠬᠡᠯᠡᠪᠡ᠃    ᠤᠯᠤᠰ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ᠂ ᠤᠯᠤᠰ ᠤᠨ ᠠᠭᠤᠷᠬᠠᠶ ᠶᠢᠨ ᠠᠶᠤᠯᠭᠦᠶ  ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ ᠲᠣᠪᠴᠢᠶ᠎ᠠ᠂ ᠡᠯ᠎ᠡ ᠮᠤᠵᠢ ᠶᠢᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ︵ᠲᠣᠪᠴᠢᠶ᠎ᠠ︶᠂ ᠶᠠᠮᠤᠨ ᠤ ᠪᠠᠶᠢᠭᠤᠯᠭ᠎ᠠ ᠶᠢᠨ ᠵᠤᠷᠭᠠᠨ ᠲᠣᠪᠴᠢᠶ᠎ᠠ᠂ ᠬᠠᠮᠢᠶ᠎ᠠ ᠪᠥᠬᠦᠶ ᠠᠵᠢᠯ  ᠦᠢᠯᠡᠰ ᠤᠨ ᠨᠢᠭᠡᠴᠢ ᠪᠣᠯᠤᠨ ᠶᠠᠮᠤᠨ ᠤ ᠬᠠᠷᠢᠶ᠎ᠠ ᠰᠣᠨᠢᠨ ᠮᠡᠳᠡᠭᠡ ᠬᠡᠪᠯᠡᠯ ᠤᠨ ᠨᠢᠭᠡᠴᠢ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号