ᠦᠨᠳᠦᠰᠦᠨ ᠬᠠᠤᠯᠢ ᠶᠣᠰᠣᠭᠠᠷ ᠬᠠᠤᠯᠢ ᠲᠣᠭᠲᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠦᠷᠢᠮ ᠲᠣᠭᠲᠠᠴᠠ ᠶᠢ ᠪᠦᠷᠢᠨᠰᠢᠭᠦᠯᠦᠨ᠎ᠡ
ᠨᠡᠶᠢᠲᠡᠯᠡᠭᠰᠡᠨ ᠴᠠᠭ᠄
2025/2/26
    ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠤᠯᠤᠰ ᠣᠷᠣᠨ ᠤ ᠤᠬᠠᠮᠰᠠᠷ᠂ ᠠᠷᠠᠳ ᠢᠷᠭᠡᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠢ ᠨᠢ ᠴᠢᠩᠭᠠᠳᠬᠠᠬᠤ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠴᠢᠬᠤᠯᠠ ᠠᠭᠤᠯᠭ᠎ᠠ ᠮᠥᠨ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠬᠢᠨᠠᠨ ᠶᠠᠷᠢᠯᠴᠠᠵᠤ ᠪᠠᠲᠤᠯᠠᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠳᠤ᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠬᠠᠤᠯᠢ ᠶᠢ ᠲᠣᠭᠲᠠᠭᠠᠨ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠦᠷᠢᠮ ᠲᠣᠭᠲᠠᠴᠠ ᠶᠢ ᠪᠦᠷᠢᠨᠰᠢᠭᠦᠯᠦᠨ᠎ᠡ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠷᠠᠭᠤᠯᠤᠨ᠎ᠠ︾᠂ ᠡᠭᠦᠨ ᠤ ᠬᠠᠮᠲᠤ ︽ᠦᠨᠳᠦᠰᠦᠨ ᠬᠠᠤᠯᠢ ᠪᠠᠷ ᠭᠤᠣᠯ ᠪᠣᠯᠭᠠᠭᠰᠠᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠂ ᠦᠨᠳᠦᠰᠦᠨ ᠬᠠᠤᠯᠢ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢ ᠪᠠᠲᠤᠯᠠᠬᠤ ᠳᠦᠷᠢᠮ ᠤᠨ ᠰᠢᠰᠲ᠋ᠧᠮ ᠢ ᠪᠦᠷᠢᠨᠰᠢᠬᠦᠯᠦᠨ᠎ᠠ᠂ ᠦᠨᠳᠦᠰᠦᠨ ᠬᠠᠤᠯᠢ ᠶᠢ ᠬᠡᠷᠡᠭᠵᠢᠭᠦᠯᠦᠭᠰᠡᠨ ᠪᠠᠶᠢᠳᠠᠯ ᠢ ᠮᠡᠳᠡᠭᠦᠯᠬᠦ ᠲᠦᠷᠢᠮ ᠢ ᠪᠠᠶᠢᠭᠤᠯᠤᠨ᠎ᠠ︾᠂ ︽ᠬᠠᠤᠯᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠲᠠᠶᠢᠯᠪᠤᠷᠢᠯᠠᠯᠲᠠ ᠶᠢ ᠨᠢᠭᠡᠳᠦᠯᠲᠡᠢ ᠲᠥᠯᠥᠪᠵᠢᠭᠦᠯᠦᠨ᠎ᠡ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠢᠩᠭᠠᠳᠬᠠᠨ᠎ᠠ᠂ ᠰᠢᠨ᠎ᠡ ᠪᠠᠷ ᠬᠥᠭᠵᠢᠭᠰᠡᠨ ᠬᠦᠷᠢᠶ᠎ᠡ᠂ ᠭᠠᠳᠠᠭᠠᠳᠤ ᠳᠤ ᠬᠤᠯᠪᠣᠭᠳᠠᠬᠤ ᠬᠦᠷᠢᠶᠡᠨ ᠳᠠᠬᠢ ᠬᠠᠤᠯᠢ ᠲᠣᠭᠲᠠᠭᠠᠯᠲᠠ᠂ ᠦᠨᠳᠦᠰᠦᠨ ᠬᠠᠤᠯᠢ ᠳᠤ ᠨᠡᠶᠢᠴᠡᠬᠦ ᠴᠢᠨᠠᠷ ᠤᠨ ᠬᠢᠨᠠᠨ ᠪᠠᠶᠢᠴᠠᠭᠠᠯᠲᠠ ᠶᠢ ᠲᠡᠭᠦᠯᠳᠡᠷᠵᠢᠭᠦᠯᠦᠨ᠎ᠡ᠂ ᠳᠠᠩᠰᠠᠯᠠᠵᠤ ᠬᠢᠨᠠᠨ ᠪᠠᠶᠢᠴᠠᠭᠠᠬᠤ ᠳᠦᠷᠢᠮ᠂ ᠬᠠᠤᠯᠢ ᠲᠣᠭᠲᠠᠭᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ︾᠃ 2024 ᠣᠨ ᠤ 9 ᠰᠠᠷ᠎ᠠ ᠳᠤ ᠬᠤᠷᠠᠯᠳᠤᠭᠰᠠᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠠᠴᠠ᠂ ︽ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠴᠢᠳᠠᠪᠤᠷᠢ ᠪᠠ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠠᠳᠡ ᠬᠡᠯᠡᠵᠦ ᠪᠠᠶᠢᠭ᠎ᠠ ︽ᠬᠠᠤᠯᠢ ᠶᠣᠰᠣᠭᠠᠷ︾ ᠭᠡᠳᠡᠭ ᠤᠨ ᠬᠠᠮᠤᠭ ᠤᠨ ᠦᠨᠳᠦᠰᠦᠨ ᠵᠦᠢᠯ ᠪᠣᠯ ᠳᠠᠷᠤᠢ ᠦᠨᠳᠦᠰᠦᠨ ᠬᠠᠤᠯᠢ ᠶᠢ ᠦᠨᠳᠦᠰᠦᠯᠡᠬᠦ ᠶᠠᠪᠤᠳᠠᠯ ᠪᠣᠯᠤᠨ᠎ᠠ᠃ ᠦᠨᠳᠦᠰᠦᠨ ᠬᠠᠤᠯᠢ ᠶᠣᠰᠣᠭᠠᠷ ᠬᠠᠤᠯᠢ ᠲᠣᠭᠲᠠᠭᠠᠬᠤ ᠵᠠᠷᠴᠢᠮ ᠢ ᠲᠤᠭᠤᠰᠢᠯᠠᠭᠤᠯᠵᠤ᠂ ᠦᠨᠳᠦᠰᠦᠨ ᠬᠠᠤᠯᠢ ᠳᠤ ᠨᠡᠶᠢᠴᠡᠬᠦ ᠡᠰᠡᠬᠦ ᠶᠢ ᠬᠢᠨᠠᠨ ᠪᠠᠶᠢᠴᠠᠭᠠᠬᠤ᠂ ᠲᠠᠩᠰᠠᠯᠠᠵᠤ ᠬᠢᠨᠠᠨ ᠪᠠᠶᠢᠴᠠᠭᠠᠬᠤ ᠲᠦᠷᠢᠮ ᠢ ᠲᠡᠭᠦᠯᠳᠡᠷᠵᠢᠭᠦᠯᠦᠨ᠂ ᠦᠨᠳᠦᠰᠦᠲᠡᠨ ᠤ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ ᠪᠦᠷᠢᠨᠰᠢᠬᠦᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠠᠬᠢᠴᠠ ᠳᠤᠮᠳᠠ᠂ ᠤᠯᠤᠰ ᠣᠷᠣᠨ ᠤ ᠤᠬᠠᠮᠰᠠᠷ᠂ ᠠᠷᠠᠳ ᠢᠷᠭᠡᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠤᠨ ᠨᠢᠭᠡᠳᠦᠯᠲᠦ ᠴᠢᠨᠠᠷ ᠪᠠ ᠵᠢᠷᠤᠮᠵᠢᠯ ᠤᠨ ᠴᠢᠨᠠᠷ ᠢ ᠴᠢᠩᠭᠠᠳᠬᠠᠬᠤ ᠬᠡᠷᠡᠭᠲᠡᠢ᠃    ᠤᠯᠤᠰ ᠤᠨ ᠤᠬᠠᠮᠰᠠᠷ ᠢᠶᠠᠨ ᠴᠢᠩᠭᠠᠳᠬᠠᠨ᠎ᠠ᠄ ᠦᠨᠳᠦᠰᠦᠨ ᠬᠠᠤᠯᠢ ᠳᠤ ︽ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠦᠨ᠎ᠡ︾ ᠭᠡᠵᠦ ᠲᠣᠳᠣᠷᠬᠠᠢ ᠳᠤᠷᠠᠳᠴᠤ᠂ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠭᠤᠣᠯ ᠬᠠᠷᠠᠯᠲᠠ ᠶᠢ ᠲᠣᠳᠣᠷᠬᠠᠢ ᠵᠢᠭᠠᠵᠤ ᠭᠠᠷᠭᠠᠪᠠ     ᠤᠯᠤᠰ ᠤᠨ ᠤᠬᠠᠮᠰᠠᠷ ᠪᠣᠯ ᠠᠷᠠᠳ ᠢᠷᠭᠡᠨ ᠤ ᠬᠠᠷᠢᠶᠠᠯᠠᠭᠳᠠᠬᠤ ᠤᠯᠤᠰ  ᠳᠠᠭᠠᠨ ᠬᠠᠷᠢᠶᠠᠯᠠᠭᠳᠠᠬᠤ ᠰᠡᠳᠬᠢᠯᠭᠡ ᠂ ᠮᠡᠳᠡᠷᠡᠬᠦ ᠰᠡᠳᠬᠢᠯᠭᠡ ᠮᠥᠨ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠴᠢᠭᠯᠡᠯ ᠢ ᠪᠠᠲᠤ ᠴᠣᠭᠴᠠᠯᠠᠬᠤ ᠤᠯᠤᠰ ᠤᠨ ᠤᠬᠠᠮᠰᠠᠷ ᠭᠡᠳᠡᠭ ᠨᠢ ᠭᠤᠣᠯᠳᠠᠭᠤ ᠴᠢᠰᠤᠨ ᠰᠦᠯᠪᠡᠭᠡ ᠠᠭᠤᠰᠤᠯᠴᠠᠭᠰᠠᠨ᠂ ᠢᠲᠡᠭᠡᠯ ᠪᠢᠰᠢᠷᠡᠯ ᠠᠳᠠᠯᠢ᠂ ᠰᠣᠶᠣᠯ ᠨᠡᠪᠲᠡᠷᠡᠯᠴᠡᠭᠰᠡᠨ᠂ ᠠᠵᠤ ᠠᠬᠤᠢ ᠬᠠᠷᠢᠯᠴᠠᠨ ᠲᠦᠰᠢᠯᠴᠡᠭᠰᠡᠨ᠂ ᠬᠠᠶᠢᠷ᠎ᠠ ᠰᠡᠳᠬᠢᠯᠭᠡ ᠬᠠᠷᠢᠯᠴᠠᠨ ᠳᠣᠲᠣᠨᠣ ᠪᠣᠯᠤᠭᠰᠠᠨ ᠵᠡᠷᠭᠡ ᠨᠡᠶᠢᠲᠡᠯᠢᠭ ᠴᠢᠨᠠᠷᠲᠠᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠲᠠᠰᠤᠷᠠᠯᠳᠡ ᠦᠭᠡᠢ ᠳᠣᠲᠣᠭᠠᠳᠤ ᠳᠠᠭᠠᠨ ᠡᠭᠦᠰᠦᠭᠰᠡᠨ ︽ᠶᠡᠭᠡ ᠭᠡᠷ ᠪᠦᠯᠢ︾  ᠳᠡᠭᠡᠨ ᠬᠤᠷᠭᠤᠳᠠᠬᠤ ᠰᠡᠳᠬᠢᠯᠭᠡ᠂ ᠤᠯᠤᠰ ᠤᠨ ᠡᠷᠬᠡ ᠮᠡᠳᠡᠯ ᠵᠣᠭᠰᠣᠯᠲᠠ᠂ ᠲᠡᠦᠬᠡ ᠶᠢᠨ ᠢᠲᠡᠭᠡᠯ᠂ ᠪᠡᠶ᠎ᠡ ᠶᠢᠨ ᠭᠠᠷᠤᠯ ᠤᠨ ᠮᠡᠳᠡᠷᠡᠮᠵᠢ᠂ ᠤᠶᠤᠨ ᠰᠠᠨᠠᠭᠠᠨ ᠤ ᠬᠠᠷᠢᠶᠠᠯᠠᠯ ᠵᠢᠴᠢ ᠠᠵᠢᠯᠯᠠᠭ᠎ᠠ ᠶᠢᠨ ᠴᠢᠭᠯᠡᠯ ᠵᠡᠷᠭᠡ ᠤᠯᠠᠨ ᠲᠠᠯᠠᠲᠤ ᠣᠶᠢᠯᠠᠭᠠᠭᠳᠠᠬᠤᠨ ᠤ ᠶᠡᠷᠦᠩᠬᠡᠶᠢᠯᠡᠭᠰᠡᠨ ᠪᠠᠶᠢᠳᠠᠯ ᠢ ᠵᠢᠭᠠᠵᠤ ᠪᠠᠶᠢᠨ᠎ᠠ᠃    ᠤᠯᠤᠰ ᠤᠨ ᠤᠬᠠᠮᠰᠠᠷ ᠢᠶᠠᠨ ᠴᠢᠩᠭᠠᠳᠬᠠᠬᠤ ᠳᠤ ᠬᠠᠮᠲᠤ ᠶᠢᠨ ᠥᠷᠲᠡᠭ ᠤᠨ ᠬᠦᠰᠡᠯᠡᠩ ᠪᠠ ᠪᠣᠳᠠᠲᠠᠶ ᠠᠴᠢᠶᠠᠯᠠᠬᠤ ᠪᠡᠶᠡᠴᠢ ᠴᠣᠭᠴᠠ ᠶᠢ ᠲᠣᠳᠣᠷᠬᠠᠶᠢᠯᠠᠬᠤ ᠴᠢᠬᠤᠯᠠᠲᠠᠶ᠃ ︽ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ︾ ᠶᠢ ᠨᠠᠮ ᠤᠨ ᠲᠦᠷᠢᠮ ᠪᠠ ᠦᠨᠳᠦᠰᠦᠨ ᠬᠠᠤᠯᠢ ᠳᠤ ᠪᠢᠴᠢᠵᠦ ᠣᠷᠣᠭᠤᠯᠤᠭᠰᠠᠨ ᠨᠢ ᠤᠯᠤᠰ ᠠᠴᠠ ᠲᠦᠷᠦ ᠶᠢᠨ ᠨᠠᠮ ᠪᠠ ᠦᠨᠳᠦᠰᠦᠨ ᠬᠠᠤᠯᠢ ᠭᠡᠬᠦ ᠬᠤᠶᠠᠷ ᠳᠠᠪᠬᠤᠷᠭ᠎ᠠ ᠳᠤ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ ᠵᠠᠷᠴᠢᠮ ᠢ ᠲᠣᠳᠣᠷᠬᠠᠶᠢᠯᠠᠵᠤ᠂ ︽ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ︾ ᠨᠢ ᠳᠠᠪᠬᠤᠷ ᠬᠠᠮᠤᠭ ᠤᠨ ᠳᠡᠭᠡᠳᠦ ᠵᠢᠷᠤᠮᠵᠢᠯ ᠤᠨ ᠠᠴᠢ ᠬᠤᠯᠪᠣᠭᠳᠠᠯ ᠲᠠᠢ ᠪᠣᠯᠤᠭᠰᠠᠨ ᠢ ᠬᠠᠷᠠᠭᠤᠯᠵᠤ᠂ ᠪᠠᠰᠠ ᠡᠯ᠎ᠡ ᠦᠨᠳᠦᠰᠦᠲᠡᠨ ᠤ ᠠᠷᠠᠳ ᠲᠦᠮᠡᠨ ᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠬᠠᠮᠲᠤ ᠶᠢᠨ ᠬᠦᠰᠡᠯᠡᠩ ᠢ ᠢᠯᠡᠳᠬᠡᠭᠰᠡᠨ ᠪᠠᠶᠢᠨ᠎ᠠ᠃ ᠦᠨᠳᠦᠰᠦᠨ ᠬᠠᠤᠯᠢ ᠶᠢᠨ ᠣᠷᠣᠰᠢᠯ ᠳᠤ ︽ᠪᠦᠯᠬᠦᠮᠳᠡᠵᠦ ᠪᠣᠯᠬᠤ ᠬᠦᠴᠦᠨ ᠪᠦᠬᠦᠨ ᠲᠠᠢ ᠪᠦᠯᠬᠦᠮᠳᠡᠵᠦ︾᠂ ᠥᠷᠭᠡᠨ ᠳᠡᠯᠭᠡᠷ ᠡᠭᠡ ᠣᠷᠣᠨᠴᠢ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠵᠦ᠂ ᠤᠯᠤᠰ ᠣᠷᠣᠨ ᠤ ᠦᠵᠡᠯ ᠤᠬᠠᠮᠰᠠᠷ ᠤᠨ ᠠᠴᠢᠶᠠᠯᠠᠬᠤ ᠪᠡᠶᠡᠴᠢ ᠴᠣᠭᠴᠠ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠡᠭᠦᠷᠭᠡ ᠶᠢᠨ ᠪᠡᠶᠡᠴᠢ ᠴᠣᠭᠴᠠ᠂ ᠤᠯᠤᠰ ᠣᠷᠣᠨ ᠤ ᠦᠵᠡᠯ ᠤᠬᠠᠮᠰᠠᠷ ᠲᠤ ᠪᠠᠭᠲᠠᠵᠤ ᠪᠠᠶᠢᠭ᠎ᠠ ᠡᠭᠡ ᠣᠷᠣᠨ ᠤ ᠨᠢᠭᠡᠳᠦᠯ ᠢ ᠬᠠᠮᠠᠭᠠᠯᠠᠬᠤ᠂ ᠤᠯᠤᠰ ᠣᠷᠣᠨ ᠤ ᠬᠠᠮᠲᠤ ᠶᠢᠨ ᠲᠠᠨᠢᠯᠲᠠ ᠶᠢ ᠴᠢᠩᠭᠠᠳᠬᠠᠬᠤ᠂ ᠡᠭᠡ ᠣᠷᠣᠨᠴᠢ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠠᠪᠤᠳᠠᠯ ᠢ ᠲᠣᠳᠣᠷᠬᠠᠢ ᠪᠣᠯᠭᠠᠭᠰᠠᠨ ᠪᠥᠭᠡᠳ ᠡᠭᠦᠨ ᠤ ᠤᠯᠠᠮ ᠠᠴᠠ ᠲᠡᠭᠦᠨ ᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠪᠣᠯᠭᠠᠨ ᠳᠡᠭᠡᠭᠰᠢᠯᠡᠭᠦᠯᠦᠭᠰᠡᠨ ᠪᠠᠶᠢᠨ᠎ᠠ᠃    ᠤᠯᠤᠰ ᠤᠨ ᠤᠬᠠᠮᠰᠠᠷ ᠢᠶᠠᠨ ᠴᠢᠩᠭᠠᠳᠬᠠᠬᠤ ᠳᠤ ᠦᠨᠳᠦᠰᠦᠨ ᠬᠠᠤᠯᠢ ᠶᠢᠨ ᠪᠠᠲᠤᠯᠠᠭ᠎ᠠ ᠶᠢ ᠴᠢᠩᠭᠠᠳᠬᠠᠬᠤ ᠴᠢᠬᠤᠯᠠᠲᠠᠢ᠃ ᠤᠯᠤᠰ ᠣᠷᠣᠨ ᠤ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠨᠢ ᠤᠯᠤᠰ ᠣᠷᠣᠨ ᠤ ᠤᠬᠠᠮᠰᠠᠷ ᠪᠣᠯᠤᠭᠰᠠᠨ ᠤ ᠤᠷᠢᠲᠠᠯ ᠮᠥᠨ᠂ ᠪᠠᠰᠠ ᠴᠤ ᠤᠯᠠᠨ ᠦᠨᠳᠦᠰᠦᠲᠡᠨ ᠲᠠᠢ ᠨᠢᠭᠡᠳᠦᠭᠰᠡᠨ ᠤᠯᠤᠰ ᠤᠨ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ᠂ ᠠᠷᠠᠳ ᠢᠷᠭᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠠᠷᠠᠳ ᠢᠷᠭᠡᠨ ᠤ ᠤᠯᠤᠰ ᠣᠷᠣᠨ ᠤ ᠵᠥᠪᠰᠢᠶᠡᠷᠡᠯ ᠢ ᠨᠡᠮᠡᠭᠳᠡᠭᠦᠯᠬᠦ ᠬᠠᠷᠠᠯᠲᠠ ᠪᠠ ᠬᠠᠤᠯᠢ ᠪᠠᠷ ᠵᠠᠰᠠᠬᠤ ᠵᠠᠷᠴᠢᠮ ᠮᠥᠨ᠂ ᠦᠨᠳᠦᠰᠦᠨ ᠬᠠᠤᠯᠢ ᠨᠢ ᠲᠡᠭᠦᠨ ᠳᠤ ᠪᠣᠳᠠᠲᠠᠢ ᠵᠢᠷᠤᠮᠵᠢᠯ ᠤᠨ ᠴᠢᠨᠠᠷᠲᠠᠢ ᠪᠠᠲᠤᠯᠠᠭ᠎ᠠ ᠬᠠᠩᠭᠠᠵᠤ᠂ ᠠᠷᠠᠳ ᠢᠷᠭᠡᠨ ᠤ ᠡᠭᠦᠷᠭᠡᠯᠡᠵᠦ ᠪᠠᠶᠢᠭ᠎ᠠ ᠶᠠᠮᠠᠷᠪᠠ ᠦᠨᠳᠦᠰᠦᠲᠡᠨ ᠢ ᠭᠠᠳᠠᠭᠤᠷᠴᠢᠯᠠᠬᠤ ᠪᠠ ᠳᠠᠷᠤᠯᠠᠬᠤ ᠶᠢ ᠴᠠᠭᠠᠵᠠᠯᠠᠬᠤ᠂ ᠦᠨᠳᠦᠰᠦᠲᠡᠨ ᠤ ᠪᠦᠯᠬᠦᠮᠳᠡᠯ ᠢ ᠡᠪᠳᠡᠬᠦ ᠪᠠ ᠦᠨᠳᠦᠰᠦᠲᠡᠨ ᠤ ᠬᠠᠭᠠᠴᠠᠯ ᠭᠠᠷᠭᠠᠬᠤ ᠦᠢᠯᠡ ᠠᠵᠢᠯᠯᠠᠭ᠎ᠠ ᠶᠢ ᠴᠠᠭᠠᠵᠠᠯᠠᠬᠤ ᠵᠡᠷᠭᠡ ᠡᠭᠦᠷᠭᠡ ᠶᠢ ᠲᠣᠳᠣᠷᠬᠠᠶᠢᠯᠠᠪᠠ᠃    ᠠᠷᠠᠳ ᠢᠷᠭᠡᠳ ᠤᠨ ᠤᠬᠠᠮᠰᠠᠷ ᠢ ᠴᠢᠩᠭᠠᠳᠬᠠᠨ᠎ᠠ᠄ ᠦᠨᠳᠦᠰᠦᠨ ᠬᠠᠤᠯᠢ ᠳᠤ ᠠᠯᠢᠪᠠ ᠡᠷᠬᠡ ᠠᠷᠠᠳ ᠲᠦᠮᠡᠨ ᠤ ᠬᠢ ᠭᠡᠵᠦ ᠲᠣᠭᠲᠠᠭᠠᠵᠤ᠂ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠪᠦᠯᠬᠦᠮᠳᠡᠯ ᠤᠨ ᠬᠤᠯᠪᠣᠭᠠᠰᠤ ᠶᠢ ᠨᠢᠭᠲᠠᠷᠠᠭᠤᠯᠪᠠ     ᠠᠷᠠᠳ ᠢᠷᠭᠡᠨ ᠤ ᠤᠬᠠᠮᠰᠠᠷ ᠭᠡᠳᠡᠭ ᠨᠢ ᠭᠤᠣᠯᠳᠠᠭᠤ ᠨᠡᠶᠢᠭᠡᠮ ᠤᠨ ᠪᠦᠷᠢᠯᠳᠦᠬᠦᠨ ᠤ ᠥᠪᠡᠷ ᠤᠨ ᠪᠡᠶ᠎ᠡ ᠪᠠ ᠪᠤᠰᠤᠳ ᠤᠨ ᠠᠷᠠᠳ ᠢᠷᠭᠡᠨ ᠤ ᠬᠢᠷᠢ ᠬᠡᠮ ᠵᠢᠴᠢ ᠲᠡᠭᠦᠨ ᠤ ᠦᠷᠳᠡᠭ ᠢ ᠣᠶᠢᠯᠠᠭᠠᠵᠤ ᠮᠡᠳᠡᠷᠡᠬᠦ ᠶᠢ ᠵᠢᠭᠠᠵᠤ ᠪᠠᠶᠢᠨ᠎ᠠ᠃ ᠤᠳᠤ ᠦᠶ᠎ᠡ ᠶᠢᠨ ᠴᠢᠨᠠᠷᠲᠠᠢ ᠠᠷᠠᠳ ᠢᠷᠭᠡᠨ ᠤ ᠤᠬᠠᠮᠰᠠᠷ ᠭᠡᠳᠡᠭ ᠨᠢ ᠭᠤᠣᠯᠳᠠᠭᠤ ᠦᠨᠳᠦᠰᠦᠲᠡᠨ ᠨᠦᠭᠦᠳ ᠤᠨ ᠠᠷᠠᠳ ᠢᠷᠭᠡᠨ ᠤ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠶᠠᠪᠤᠴᠠ ᠳᠤ᠂ ᠪᠡᠶᠡᠴᠢ ᠴᠣᠭᠴᠠ ᠶᠢᠨ ᠪᠡᠶ᠎ᠡ ᠬᠡᠮ ᠤᠨ ᠬᠠᠷᠢᠴᠠᠭ᠎ᠠ ᠪᠠ ᠤᠯᠤᠰ ᠤᠨ ᠤᠯᠤᠰ ᠲᠦᠷᠦ ᠶᠢᠨ ᠮᠡᠳᠡᠷᠡᠮᠵᠢ ᠳᠤ ᠰᠠᠭᠤᠷᠢᠯᠠᠨ᠂ ᠦᠨᠳᠦᠰᠦᠨ ᠬᠠᠤᠯᠢ ᠠᠴᠠ ᠣᠯᠭᠤᠭᠰᠠᠨ ᠡᠷᠬᠡ ᠶᠢ ᠬᠡᠷᠡᠭᠵᠢᠭᠦᠯᠵᠦ᠂ ᠦᠨᠳᠦᠰᠦᠨ ᠬᠠᠤᠯᠢ ᠳᠤ ᠲᠣᠭᠲᠠᠭᠠᠭᠰᠠᠨ ᠡᠭᠦᠷᠭᠡ ᠶᠢ ᠭᠦᠢᠴᠡᠳᠬᠡᠬᠦ ᠡᠷᠬᠡ ᠬᠠᠷᠢᠭᠤᠴᠠᠯᠭ᠎ᠠ ᠶᠢ ᠨᠢᠭᠡᠳᠬᠡᠭᠰᠡᠨ ᠡᠵᠡᠨ ᠬᠥᠮᠦᠨ ᠤ ᠤᠬᠠᠮᠰᠠᠷ ᠢ ᠵᠢᠭᠠᠵᠤ ᠪᠠᠶᠢᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠭᠠᠭᠰᠠᠨ ᠠᠷᠠᠳ ᠢᠷᠭᠡᠨ ᠤ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠬᠤ ᠶᠢ ᠴᠢᠬᠤᠯᠠᠴᠢᠯᠠᠵᠤ᠂ ᠠᠷᠠᠳ ᠲᠦᠮᠡᠨ ᠤ ᠪᠡᠶ᠎ᠡ ᠶᠢᠨ ᠭᠠᠷᠤᠯ ᠲᠠᠢ ᠳᠡᠭᠡᠳᠦ ᠬᠡᠮᠵᠢ᠊ ᠡᠶ᠎ᠡ ᠪᠠᠷ ᠳᠠᠪᠬᠤᠴᠠᠭᠤᠯᠵᠤ᠂ ᠥᠷᠥᠨᠡᠳᠠᠬᠢᠨ ᠤ ᠦᠨᠳᠦᠰᠦᠲᠡᠨ ᠤ ᠤᠯᠤᠰ ᠤᠨ ᠦᠭᠡ ᠶᠠᠷᠢᠶᠠᠨ ᠳᠠᠬᠢ ︽ᠬᠤᠪᠢ ᠶᠢᠨ ᠡᠷᠬᠡ︾ ᠪᠣᠯᠤᠨ ︽ᠬᠠᠮᠲᠤᠯᠢᠭ ᠤᠨ ᠰᠢᠢᠳᠪᠦᠷᠢᠲᠦ ᠪᠤᠳᠤᠯᠭ᠎ᠠ︾ ᠶᠢᠨ ᠤᠨᠤᠯ ᠤᠨ ᠵᠠᠭᠠᠭᠯᠠᠯ ᠢ ᠰᠢᠪᠲᠤᠯᠵᠤ᠂ ︽ᠬᠤᠪᠢ ᠶᠢᠨ ᠡᠷᠬᠡ ᠴᠢᠯᠥᠭᠡ︾ ᠪᠣᠯᠤᠨ ︽ᠬᠠᠮᠲᠤ ᠶᠢᠨ ᠴᠣᠭᠴᠠ ᠶᠢᠨ ᠡᠮᠬᠢ ᠳᠢᠭᠯᠢᠮ︾ ᠤᠨ ᠬᠠᠤᠯᠢ ᠵᠦᠢ ᠶᠢᠨ ᠦᠷᠳᠡᠭ ᠤᠨ ᠲᠠᠯ᠎ᠠ ᠶᠢᠨ ᠢᠯᠭᠠᠭ᠎ᠠ ᠶᠢ ᠵᠣᠬᠢᠴᠠᠭᠤᠯᠵᠤ᠂ ᠪᠣᠳᠠᠭᠠᠯᠢ ᠪᠡᠶ᠎ᠡ᠂ ᠦᠨᠳᠦᠰᠦᠲᠡᠨ᠂ ᠨᠡᠶᠢᠭᠡᠮ᠂ ᠤᠯᠤᠰ ᠤᠨ ︽ᠠᠷᠠᠳ ᠲᠦᠮᠡᠨ︾ ᠤ ᠪᠡᠶ᠎ᠡ ᠶᠢᠨ ᠭᠠᠷᠤᠯ ᠤᠨ ᠤᠬᠠᠮᠰᠠᠷ ᠪᠣᠯᠤᠨ ᠪᠦᠯᠬᠦᠮᠳᠡᠯ ᠤᠨ ᠬᠤᠯᠪᠣᠭᠠᠰᠤ ᠪᠣᠯᠵᠠᠢ᠃    ᠠᠷᠠᠳ ᠢᠷᠭᠡᠳ ᠤᠨ ᠦᠵᠡᠯ ᠤᠬᠠᠮᠰᠠᠷ ᠢ ᠴᠢᠩᠭᠠᠳᠬᠠᠬᠤ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠮᠥᠨ ᠴᠢᠨᠠᠷ ᠤᠨ ᠰᠢᠨᠵᠢ ᠴᠢᠨᠠᠷ ᠢ ᠲᠣᠳᠣᠷᠬᠠᠶᠢᠯᠠᠬᠤ ᠴᠢᠬᠤᠯᠠᠲᠠᠢ ᠶᠤᠮ᠃ ᠦᠨᠳᠦᠰᠦᠨ ᠬᠠᠤᠯᠢ ᠳᠤ ︽ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠢ ᠪᠠᠷᠢᠮᠲᠠᠯᠠᠨ᠎ᠠ︾᠂ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠢᠪᠠ ᠡᠷᠬᠡ ᠪᠣᠯ ᠠᠷᠠᠳ ᠲᠦᠮᠡᠨ ᠤ ᠬᠢ ᠶᠤᠮ︾ ᠭᠡᠵᠦ ᠲᠣᠭᠲᠠᠭᠠᠭᠰᠠᠨ ᠨᠢ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠰᠢᠨᠵᠢ ᠴᠢᠨᠠᠷ ᠪᠣᠯ ᠠᠵᠢᠯᠴᠢᠨ ᠠᠩᠬᠢ ᠶᠢᠨ ᠤᠳᠤᠷᠢᠳᠤᠭᠰᠠᠨ᠂ ᠠᠵᠢᠯᠴᠢᠨ ᠲᠠᠷᠢᠶᠠᠴᠢᠨ ᠤ ᠬᠤᠯᠪᠣᠭ᠎ᠠ ᠪᠠᠷ ᠰᠠᠭᠤᠷᠢ ᠪᠣᠯᠭᠠᠭᠰᠠᠨ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭᠲᠤ ᠨᠡᠶᠢᠭᠡᠮ ᠵᠢᠷᠤᠮᠲᠤ ᠤᠯᠤᠰ ᠮᠥᠨ᠂ ᠲᠦᠷᠦ ᠶᠢᠨ ᠡᠷᠬᠡ ᠶᠢᠨ ᠭᠤᠣᠯ ᠴᠣᠭᠴᠠ ᠪᠣᠯ ᠠᠷᠠᠳ ᠲᠦᠮᠡᠨ ᠮᠥᠨ ᠭᠡᠳᠡᠭ ᠢ ᠲᠣᠳᠣᠷᠬᠠᠶᠢᠯᠠᠭᠰᠠᠨ ᠪᠠᠶᠢᠨ᠎ᠠ᠃ ᠦᠨᠳᠦᠰᠦᠨ ᠬᠠᠤᠯᠢ ᠳᠤ ᠠᠷᠠᠳ ᠲᠦᠮᠡᠨ ᠤ ᠡᠷᠬᠡ ᠮᠡᠳᠡᠯ ᠤᠨ ᠬᠠᠤᠯᠢ ᠶᠣᠰᠣᠴᠢ ᠴᠢᠨᠠᠷ ᠢ ᠲᠣᠭᠲᠠᠭᠠᠵᠤ᠂ ᠠᠷᠠᠳ ᠢᠷᠭᠡᠨ ᠪᠠ ᠠᠷᠠᠳ ᠲᠦᠮᠡᠨ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠵᠢᠴᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠤᠨ ᠲᠡᠦᠬᠡ ᠰᠣᠶᠣᠯ ᠤᠨ ᠤᠯᠠᠷᠢᠯ ᠬᠤᠪᠢᠰᠤᠯ ᠪᠠ ᠬᠠᠤᠯᠢ ᠪᠠᠷ ᠵᠠᠰᠠᠬᠤ ᠡᠷᠬᠡ ᠶᠢᠨ ᠦᠢᠯᠡᠳᠦᠯᠭᠡ ᠳᠤᠮᠳᠠ ᠨᠢᠭᠡᠳᠦᠯᠲᠡᠢ ᠪᠥᠭᠡᠳ ᠨᠢᠭᠡᠳᠦᠯᠲᠡᠢ ᠪᠠᠷ ᠭᠡᠷ᠎ᠡ ᠪᠠᠶᠢᠭᠤᠯᠵᠤ᠂ ᠬᠤᠶᠠᠭᠤᠯᠠ ᠶᠢ ᠪᠡᠶ᠎ᠡ ᠭᠡᠮ ᠤᠨ ᠰᠠᠨᠠᠭ᠎ᠠ ᠠᠬᠤᠢ ᠶᠢᠨ ᠲᠠᠯ᠎ᠠ ᠪᠠᠷ ᠪᠡᠶᠡᠴᠢ ᠴᠣᠭᠴᠠ ᠶᠢᠨ ᠬᠠᠮᠲᠤ ᠪᠠᠷ ᠣᠷᠣᠰᠢᠬᠤ ᠴᠢᠨᠠᠷ ᠲᠠᠢ ᠮᠥᠷᠲᠡᠭᠡᠨ ᠪᠠᠰᠠ ᠬᠠᠤᠯᠢ ᠵᠦᠢ ᠶᠢᠨ ᠨᠡᠶᠢᠲᠡ ᠶᠢᠨ ᠭᠡᠷ᠎ᠡ ᠲᠠᠢ ᠴᠢᠨᠠᠷ ᠲᠠᠢ ᠪᠣᠯᠭᠠᠵᠠᠢ᠃    ᠠᠷᠠᠳ ᠢᠷᠭᠡᠨ ᠤ ᠦᠵᠡᠯ ᠤᠬᠠᠮᠰᠠᠷ ᠢ ᠴᠢᠩᠭᠠᠳᠬᠠᠬᠤ ᠳᠤ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠳᠤ ᠰᠠᠭᠤᠷᠢᠯᠠᠨ ᠨᠡᠶᠢᠲᠡ ᠶᠢᠨ ᠭᠡᠷ᠎ᠡ ᠲᠣᠭᠲᠠᠭᠠᠬᠤ ᠴᠢᠬᠤᠯᠠᠲᠠᠶ᠃ ᠦᠨᠳᠦᠰᠦᠲᠡᠨ ᠤ ᠬᠠᠷᠢᠴᠠᠭᠠᠨ ᠤ ᠮᠥᠨ ᠴᠢᠨᠠᠷ ᠪᠣᠯ ᠠᠳᠠᠯᠢ ᠪᠤᠰᠤ ᠦᠨᠳᠦᠰᠦᠲᠡᠨ ᠤ ᠬᠤᠭᠤᠷᠣᠨᠳᠣᠬᠢ ᠬᠠᠮᠲᠤᠯᠢᠭ ᠤᠨ ᠬᠠᠷᠢᠴᠠᠭ᠎ᠠ ᠮᠥᠨ᠂ ᠬᠠᠮᠲᠤᠯᠢᠭ ᠤᠨ ᠬᠠᠷᠢᠴᠠᠭᠠᠨ ᠤ ᠰᠢᠨᠵᠢ ᠴᠢᠨᠠᠷ ᠨᠢ ᠦᠨᠳᠦᠰᠦᠲᠡᠨ ᠤ ᠪᠦᠷᠢᠯᠳᠦᠬᠦᠨ ᠪᠣᠳᠠᠭᠠᠯᠢ ᠪᠡᠶ᠎ᠡ ᠳᠤ ᠨᠥᠯᠥᠭᠡ ᠦᠵᠡᠭᠦᠯᠳᠡᠭ᠃ ᠦᠨᠳᠦᠰᠦᠨ ᠬᠠᠤᠯᠢ ᠳᠤ ᠲᠣᠭᠲᠠᠭᠠᠭᠰᠠᠨ ᠦᠨᠳᠦᠰᠦᠲᠡᠨ ᠨᠦᠭᠦᠳ ᠡᠷᠬᠡ ᠲᠡᠭᠰᠢ ᠪᠠᠶᠢᠬᠤ ᠮᠥᠨ ᠴᠢᠨᠠᠷ ᠪᠣᠯ ᠦᠨᠳᠦᠰᠦᠲᠡᠨ ᠨᠦᠭᠦᠳ ᠤᠨ ᠡᠷᠬᠡ ᠪᠠ ᠡᠭᠦᠷᠭᠡ ᠡᠷᠬᠡ ᠲᠡᠭᠰᠢ ᠪᠠᠶᠢᠬᠤ ᠶᠠᠪᠤᠳᠠᠯ ᠮᠥᠨ᠂ ᠦᠨᠳᠦᠰᠦᠨ ᠬᠠᠤᠯᠢ ᠳᠤ ᠲᠣᠭᠲᠠᠭᠠᠭᠰᠠᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠪᠠᠯ ᠰᠠᠶ᠋ᠢ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠴᠢᠳᠠᠨ᠎ᠠ᠃    ᠬᠠᠤᠯᠢ ᠪᠠᠷ ᠵᠠᠰᠠᠬᠤ ᠤᠬᠠᠮᠰᠠᠷ ᠢᠶᠠᠨ ᠴᠢᠩᠭᠠᠳᠬᠠᠨ᠎ᠠ᠄ ᠦᠨᠳᠦᠰᠦᠨ ᠬᠠᠤᠯᠢ ᠳᠤ ᠦᠨᠳᠦᠰᠦᠲᠡᠨ ᠨᠦᠭᠦᠳ ᠴᠥᠮ ᠡᠷᠬᠡ ᠲᠡᠭᠰᠢ ᠪᠠᠶᠢᠬᠤ ᠶᠢ ᠲᠣᠭᠲᠠᠭᠠᠵᠤ᠂ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠣᠭᠲᠠᠴᠠ ᠶᠢ ᠲᠣᠭᠲᠠᠭᠠᠪᠠ     ᠬᠠᠤᠯᠢ ᠪᠠᠷ ᠵᠠᠰᠠᠬᠤ ᠤᠬᠠᠮᠰᠠᠷ ᠪᠣᠯ ᠵᠣᠬᠢᠴᠠᠩᠭᠤᠢ ᠪᠡᠶᠡᠴᠢ ᠴᠣᠭᠴᠠ ᠶᠢᠨ ᠬᠠᠤᠯᠢ ᠴᠠᠭᠠᠵᠠ ᠶᠢᠨ ᠤᠯᠠᠷᠢᠯ ᠬᠤᠪᠢᠰᠤᠯ ᠪᠠ ᠬᠠᠤᠯᠢ ᠪᠠᠷ ᠵᠠᠰᠠᠬᠤ ᠠᠵᠢᠯᠯᠠᠭᠠᠨ ᠤ ᠲᠤᠬᠠᠢ ᠲᠠᠨᠢᠯᠲᠠ ᠣᠶᠢᠯᠠᠭᠠᠭᠳᠠᠬᠤᠨ᠂ ᠦᠷᠳᠡᠭ ᠤᠨ ᠬᠠᠨᠳᠤᠰᠢ᠂ ᠮᠡᠳᠡᠯᠭᠡ ᠶᠢᠨ ᠰᠢᠰᠲ᠋ᠧᠮ᠂ ᠰᠡᠳᠬᠢᠬᠦᠢ ᠶᠢᠨ ᠵᠠᠭᠪᠤᠷ ᠵᠡᠷᠭᠡ ᠶᠢᠨ ᠶᠡᠷᠦᠩᠬᠡᠢ ᠨᠡᠷᠡᠶᠢᠳᠦᠯ ᠮᠥᠨ᠂ ᠵᠢᠷᠤᠮᠵᠢᠯ ᠤᠨ ᠴᠢᠨᠠᠷ᠂ ᠵᠢᠷᠤᠮ ᠤᠨ ᠴᠢᠨᠠᠷ ᠪᠠ ᠡᠷᠬᠡ ᠰᠦᠷᠲᠦ ᠴᠢᠨᠠᠷ ᠤᠨ ᠨᠢᠭᠡᠳᠦᠯ ᠢ ᠴᠢᠬᠤᠯᠠᠴᠢᠯᠠᠳᠠᠭ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠭᠠᠭᠰᠠᠨ ᠬᠠᠤᠯᠢ ᠪᠠᠷ ᠵᠠᠰᠠᠬᠤ ᠤᠬᠠᠮᠰᠠᠷ ᠢ ᠪᠠᠲᠤ ᠪᠠᠬᠢ ᠪᠣᠢ ᠪᠣᠯᠭᠠᠵᠤ᠂ ᠡᠯ᠎ᠡ ᠪᠡᠶᠡᠴᠢ ᠴᠣᠭᠴᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠶᠠᠪᠤᠴᠠ ᠳᠤ ᠦᠨᠳᠦᠰᠦᠨ ᠬᠠᠤᠯᠢ ᠬᠠᠤᠯᠢ ᠵᠦᠢ ᠶᠢᠨ ᠰᠠᠭᠤᠷᠢ ᠪᠠ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠳᠤ ᠰᠠᠭᠤᠷᠢᠯᠠᠨ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢ ᠪᠠᠷ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠠᠯᠠᠲᠤ ᠨᠡᠶᠢᠭᠡᠮ ᠤᠨ ᠬᠦᠷᠢᠶᠡᠨ ᠳᠤ ᠬᠠᠤᠯᠢ ᠪᠠᠷ ᠵᠠᠰᠠᠬᠤ ᠰᠡᠳᠬᠢᠬᠦᠢ ᠪᠠ ᠠᠷᠭ᠎ᠠ ᠮᠠᠶ᠋ᠢᠭ ᠢ ᠬᠡᠷᠡᠭᠯᠡᠨ ᠦᠨᠳᠦᠰᠦᠲᠡᠨ ᠤ ᠬᠠᠷᠢᠯᠴᠠᠭᠠᠨ ᠤ ᠦᠢᠯᠡ ᠠᠵᠢᠯᠯᠠᠭ᠎ᠠ᠂ ᠵᠣᠬᠢᠴᠠᠩᠭᠤᠢ ᠡᠷᠬᠡ ᠠᠰᠢᠭ ᠢ ᠲᠡᠩᠴᠡᠭᠦᠷᠢᠰᠢᠭᠦᠯᠬᠦ ᠴᠢᠳᠠᠪᠤᠷᠢ ᠪᠠᠨ ᠲᠠᠰᠣᠷᠠᠯᠳᠠ ᠥᠭᠡᠢ ᠴᠢᠩᠭᠠᠳᠬᠠᠵᠤ᠂ ᠡᠭᠦᠨ ᠤ ᠤᠯᠠᠮ ᠠᠴᠠ ᠨᠡᠩ ᠪᠦᠷᠢᠨ ᠲᠡᠭᠦᠯᠳᠡᠷ ᠬᠠᠤᠯᠢ ᠴᠠᠭᠠᠵᠠ ᠶᠢᠨ ᠵᠢᠷᠤᠮᠵᠢᠯ ᠤᠨ ᠰᠢᠰᠲ᠋ᠧᠮ᠂ ᠨᠡᠩ ᠥᠨᠳᠥᠷ ᠪᠦᠲᠦᠮᠵᠢᠲᠡᠢ ᠬᠠᠤᠯᠢ ᠪᠠᠷ ᠵᠠᠰᠠᠬᠤ ᠶᠢ ᠬᠡᠷᠡᠭᠵᠢᠭᠦᠯᠬᠦ ᠰᠢᠰᠲ᠋ᠧᠮ᠂ ᠨᠡᠩ ᠨᠢᠭᠲᠠ ᠴᠢᠩᠭ᠎ᠠ ᠬᠠᠤᠯᠢ ᠪᠠᠷ ᠵᠠᠰᠠᠬᠤ ᠬᠢᠨᠠᠯᠲᠠ ᠶᠢᠨ ᠰᠢᠰᠲ᠋ᠧᠮ᠂ ᠨᠡᠩ ᠬᠦᠴᠦᠲᠡᠢ ᠬᠠᠤᠯᠢ ᠪᠠᠷ ᠵᠠᠰᠠᠬᠤ ᠪᠠᠲᠤᠯᠠᠭ᠎ᠠ ᠶᠢᠨ ᠰᠢᠰᠲ᠋ᠧᠮ ᠢ ᠪᠣᠢ ᠪᠣᠯᠭᠠᠬᠤ ᠶᠢ ᠱᠠᠭᠠᠷᠳᠠᠨ᠎ᠠ᠃    ᠬᠠᠤᠯᠢᠵᠢᠯ ᠤᠨ ᠤᠬᠠᠮᠰᠠᠷ ᠢ ᠴᠢᠩᠭᠠᠳᠬᠠᠬᠤ ᠳᠤ ᠦᠨᠳᠦᠰᠦᠲᠡᠨ ᠨᠦᠭᠦᠳ ᠡᠷᠬᠡ ᠲᠡᠭᠰᠢ ᠪᠠᠶᠢᠬᠤ ᠶᠢ ᠪᠠᠷᠢᠮᠲᠠᠯᠠᠬᠤ ᠪᠠᠷ ᠬᠠᠷᠠᠯᠲᠠ ᠴᠢᠭᠯᠡᠯ ᠪᠣᠯᠭᠠᠬᠤ ᠬᠡᠷᠡᠭᠲᠡᠢ᠃ ᠦᠨᠳᠦᠰᠦᠲᠡᠨ ᠨᠦᠭᠦᠳ ᠡᠷᠬᠡ ᠲᠡᠭᠰᠢ ᠪᠠᠶᠢᠬᠤ ᠪᠣᠯ ᠰᠢᠨ᠎ᠡ ᠳᠤᠮᠳᠠᠳᠤ ᠤᠯᠤᠰ ᠤᠨ ᠤᠯᠤᠰ ᠢᠶᠠᠨ ᠪᠠᠶᠢᠭᠤᠯᠬᠤ ᠦᠨᠳᠦᠰᠦᠨ ᠵᠠᠷᠴᠢᠮ ᠤᠨ ᠨᠢᠭᠡ ᠮᠥᠨ᠃ ᠦᠨᠳᠦᠰᠦᠨ ᠬᠠᠤᠯᠢ ᠶᠢᠨ ᠣᠷᠣᠰᠢᠯ ᠤᠨ ᠪᠦᠬᠦᠯᠢ ᠴᠣᠭᠴᠠ ᠶᠢᠨ ᠲᠠᠶᠢᠯᠪᠤᠷᠢᠯᠠᠯᠲᠠ ᠪᠣᠯᠤᠨ ᠦᠨᠳᠦᠰᠦᠨ ᠬᠠᠤᠯᠢ ᠶᠢᠨ ᠬᠠᠮᠢᠶ᠎ᠠ ᠪᠦᠬᠦᠢ ᠲᠣᠭᠲᠠᠭᠠᠯ ᠲᠠᠢ ᠤᠶᠠᠯᠳᠤᠭᠤᠯᠵᠤ ᠦᠵᠡᠪᠡᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ︽ᠠᠷᠠᠳ ᠲᠦᠮᠡᠨ ᠢᠶᠠᠷ ᠭᠤᠣᠯ ᠪᠣᠯᠭᠠᠬᠤ︾ ᠲᠦᠷᠦ ᠪᠠᠷᠢᠬᠤ ᠣᠶᠢᠯᠠᠭᠠᠭᠳᠠᠬᠤᠨ᠂ ︽ᠦᠨᠳᠦᠰᠦᠲᠡᠨ ᠨᠦᠭᠦᠳ ᠡᠷᠬᠡ ᠲᠡᠭᠰᠢ ᠪᠠᠶᠢᠬᠤ︾ ᠪᠠᠷ ᠦᠷᠳᠡᠭ ᠤᠨ ᠬᠥᠭᠡᠭᠡᠴᠡᠯᠳᠦᠯ ᠪᠣᠯᠭᠠᠭᠰᠠᠨ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠵᠠᠷᠴᠢᠮ ᠵᠢᠴᠢ ᠬᠡᠷᠡᠭᠵᠢᠭᠦᠯᠬᠦ ᠠᠷᠭ᠎ᠠ ᠬᠡᠮᠵᠢ᠊ ᠡᠶ᠎ᠡ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠳᠣᠲᠣᠷᠠᠬᠢ ᠵᠣᠬᠢᠴᠠᠩᠭᠤᠢ ᠭᠤᠣᠯ ᠴᠣᠭᠴᠠ ᠶᠢᠨ ᠬᠠᠤᠯᠢᠵᠢᠯ ᠤᠨ ᠰᠡᠳᠬᠢᠬᠦᠢ ᠪᠠᠷ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠤᠷᠢᠲᠠᠯ ᠪᠣᠯᠤᠨ᠎ᠠ᠃    ᠬᠠᠤᠯᠢ ᠪᠠᠷ ᠵᠠᠰᠠᠬᠤ ᠤᠬᠠᠮᠰᠠᠷ ᠢᠶᠠᠨ ᠴᠢᠩᠭᠠᠳᠬᠠᠬᠤ ᠳᠤ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠬᠠᠤᠯᠢ ᠪᠠᠷ ᠵᠠᠰᠠᠬᠤ ᠦᠷᠳᠡᠭ ᠤᠨ ᠰᠢᠰᠲ᠋ᠧᠮ ᠢ ᠪᠠᠶᠢᠭᠤᠯᠤᠨ ᠲᠠᠶᠢᠯᠪᠤᠷᠢᠯᠠᠬᠤ ᠴᠢᠬᠤᠯᠠᠲᠠᠢ᠃ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠲᠥᠷᠥ ᠶᠢᠨ ᠪᠣᠳᠣᠯᠭ᠎ᠠ ᠶᠢ ᠲᠣᠭᠲᠠᠭᠤᠨ ᠡᠷᠬᠡ ᠰᠦᠷᠲᠦ ᠴᠢᠨᠠᠷᠲᠠᠶ ᠦᠨᠳᠦᠰᠦᠨ ᠬᠠᠤᠯᠢ ᠶᠢᠨ ᠵᠢᠷᠤᠮᠵᠢᠯ ᠵᠢᠴᠢ ᠢᠵᠢ ᠪᠥᠷᠢᠳᠦᠭᠰᠡᠨ ᠬᠠᠤᠯᠢ ᠴᠠᠭᠠᠵᠠ ᠶᠢᠨ ᠪᠢᠴᠢᠭ ᠪᠣᠯᠭᠠᠨ ᠳᠡᠭᠡᠭᠰᠢᠯᠡᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢ ᠨᠠᠮ ᠤᠨ ᠲᠦᠷᠢᠮ ᠤᠨ ᠪᠠᠶᠢᠭᠤᠯᠤᠯᠲᠠ ᠵᠢᠴᠢ ᠰᠠᠶᠢᠨ ᠬᠠᠤᠯᠢ ᠰᠠᠶᠢᠨ ᠵᠠᠰᠠᠯᠲᠠ ᠶᠢᠨ ᠵᠠᠮ ᠳᠤ ᠣᠷᠣᠭᠤᠯᠬᠤ ᠶᠢᠨ ᠬᠠᠮᠲᠤ ᠨᠢᠭᠡᠨᠲᠡ ᠪᠠᠶᠢᠭ᠎ᠠ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠳᠤ ᠦᠨᠳᠦᠰᠦᠨ ᠬᠠᠤᠯᠢ ᠶᠢᠨ ᠥᠷᠲᠡᠭ ᠤᠨ ᠬᠡᠪ ᠵᠠᠭᠪᠤᠷ ᠲᠤ ᠨᠡᠶᠢᠴᠡᠭᠰᠡᠨ ᠰᠢᠰᠲ᠋ᠧᠮ ᠲᠠᠢ ᠡᠮᠬᠢᠯᠡᠯᠲᠡ ᠪᠠ ᠵᠠᠰᠠᠪᠤᠷᠢ ᠣᠷᠣᠭᠤᠯᠵᠤ ᠲᠡᠭᠦᠯᠳᠡᠷᠵᠢᠭᠦᠯᠬᠦ ᠶᠢᠨ ᠤᠯᠠᠮ ᠢᠶᠠᠷ ᠨᠠᠮ ᠤᠨ ᠤᠳᠤᠷᠢᠳᠤᠯᠭ᠎ᠠ ᠳᠤᠤᠷ᠎ᠠ ᠦᠨᠳᠦᠰᠦᠲᠡᠨ ᠨᠦᠭᠦᠳ ᠬᠠᠮᠲᠤ ᠪᠠᠷ ᠡᠷᠬᠡ ᠮᠡᠳᠡᠵᠦ ᠡᠵᠡᠨ ᠰᠠᠭᠤᠬᠤ ᠪᠠ ᠬᠠᠤᠯᠢ ᠪᠠᠷ ᠤᠯᠤᠰ ᠢᠶᠠᠨ ᠵᠠᠰᠠᠬᠤ ᠶᠢᠨ ᠣᠷᠭᠠᠨᠢᠭ ᠨᠢᠭᠡᠳᠦᠯ ᠢ ᠪᠡᠶᠡᠯᠡᠭᠦᠯᠬᠦ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号