ᠬᠥᠯᠥᠨ ᠪᠤᠶᠢᠷ ᠬᠤᠲᠠ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠨᠢ ᠰᠢᠢᠳᠪᠦᠷᠢᠯᠡᠨ ᠥᠭᠴᠡᠶ
ᠨᠡᠶᠢᠲᠡᠯᠡᠭᠰᠡᠨ ᠴᠠᠭ᠄
2025/2/28
    ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢᠨ ᠬᠠᠮᠢᠶ᠎ᠠ ᠪᠦᠬᠦᠢ ᠠᠵᠢᠯ ᠢ ᠤᠯᠠᠮ ᠨᠢᠭᠡ ᠠᠯᠬᠤᠮ ᠨᠠᠢᠳᠠᠪᠤᠷᠢᠵᠢᠭᠤᠯᠬᠤ᠂ ᠮᠠᠨ ᠤ ᠬᠤᠲᠠ ᠶᠢᠨ ᠣᠨᠴᠠ ᠲᠥᠷᠥᠯ ᠤᠨ ᠠᠵᠢᠯ ᠤᠨ ᠬᠥᠮᠦᠰ ᠤᠨ ᠪᠣᠯᠪᠠᠰᠤᠷᠠᠭᠤᠯᠤᠯ ᠤᠨ ᠰᠢᠯᠭᠠᠯᠲᠠ ᠶᠢᠨ ᠳᠠᠰᠬᠠᠯ ᠤᠨ ᠲᠥᠷᠥᠯ ᠵᠦᠢᠯ ᠪᠦᠷᠢᠨ ᠪᠤᠰᠤ  ᠪᠠᠶᠢᠭ᠎ᠠ ᠬᠤᠭᠤᠰᠣᠨ ᠢ ᠨᠥᠬᠦᠪᠥᠷᠢᠯᠡᠬᠦ ᠶᠢᠨ ᠲᠤᠰᠠᠳᠠ᠂ ᠬᠥᠯᠥᠨ ᠪᠤᠶᠢᠷ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠢᠳᠡᠪᠬᠢᠲᠡᠢ ᠲᠥᠯᠥᠪᠯᠡᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ︽ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ︾ ᠵᠠᠭᠪᠤᠷ  ᠢ ᠬᠡᠷᠡᠭᠯᠡᠨ᠂ ᠬᠥᠯᠥᠨ ᠪᠦᠷ ᠤᠨ ᠠᠵᠢᠯ ᠮᠡᠷᠭᠡᠵᠢᠯ ᠤᠨ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠤᠨ ᠬᠥᠯᠥᠨ ᠪᠦᠷ ᠤᠨ ᠣᠨᠴᠠ ᠲᠥᠷᠥᠯ ᠤᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠤᠨ ᠰᠤᠷᠭᠠᠭᠤᠯᠢ ᠶᠢᠨ ᠬᠢᠵᠠᠭᠠᠷᠲᠤ ᠺᠣᠮᠫᠠᠨᠢ ᠳᠤ ᠠᠶᠤᠯᠲᠠᠶ ᠬᠢᠮᠢ ᠶᠢᠨ ᠪᠣᠳᠠᠰ ᠤᠨ ᠬᠡᠰᠡᠭ ᠣᠨᠴᠠ ᠲᠥᠷᠥᠯ ᠤᠨ ᠠᠵᠢᠯ ᠤᠨ ᠪᠣᠯᠪᠠᠰᠤᠷᠠᠭᠤᠯᠤᠯ ᠤᠨ ᠰᠢᠯᠭᠠᠯᠲᠠ ᠶᠢᠨ ᠲᠥᠷᠥᠯ  ᠵᠦᠢᠯ ᠢ ᠰᠢᠨ᠎ᠡ ᠪᠠᠷ ᠨᠡᠮᠡᠭᠳᠡᠭᠦᠯᠪᠡ᠃    2024 ᠣᠨ ᠳᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ ᠬᠦᠴᠦᠨ ᠢᠶᠠᠨ ᠵᠣᠬᠢᠶᠠᠨ ᠪᠠᠶᠢᠭᠤᠯᠤᠨ ᠠᠵᠤ ᠠᠬᠤᠶᠢᠯᠠᠯ ᠳᠤ ᠭᠦᠨᠵᠡᠭᠡᠶᠢᠷᠡᠨ᠂ ᠠᠶᠤᠯ ᠥᠬᠡᠶ ᠦᠢᠯᠡᠳᠪᠦᠷᠢᠯᠡᠯ ᠤᠨ ᠪᠣᠯᠪᠠᠰᠤᠷᠠᠭᠤᠯᠤᠯ ᠰᠢᠯᠭᠠᠯᠲᠠ ᠶᠢᠨ ᠠᠵᠢᠯ ᠤᠨ ᠲᠤᠬᠠᠶ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠠᠵᠤ ᠠᠬᠤᠶᠢᠯᠠᠯ ᠤᠨ ᠲᠤᠰᠬᠠᠭᠰᠠᠨ ᠮᠠᠨ ᠤ ᠬᠤᠲᠠ ᠶᠢᠨ ᠠᠶᠤᠯ ᠥᠬᠡᠶ ᠦᠢᠯᠡᠳᠪᠦᠷᠢᠯᠡᠯ ᠤᠨ ᠣᠨᠴᠠ ᠲᠥᠷᠥᠯ ᠤᠨ ᠠᠵᠢᠯ ᠤᠨ ᠪᠣᠯᠪᠠᠰᠤᠷᠠᠭᠤᠯᠤᠯ ᠤᠨ ᠲᠥᠷᠥᠯ ᠢᠯᠭᠠᠯ ᠨᠢ ᠪᠦᠷᠢᠨ ᠪᠤᠰᠤ᠂ ᠠᠵᠤ ᠠᠬᠤᠶᠢᠯᠠᠯ ᠤᠨ ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠶᠢ ᠬᠠᠷᠠᠬᠠᠨ ᠪᠦᠷᠢᠮᠦᠰᠦᠨ ᠬᠠᠩᠭᠠᠵᠤ ᠳᠡᠶᠢᠯᠬᠦ ᠥᠬᠡᠶ᠂ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠢᠴᠢ ᠨᠡᠭᠦᠷᠡᠰᠦᠨ ᠤ ᠪᠤᠰᠤ ᠠᠭᠤᠷᠬᠠᠶ ᠶᠢᠨ ᠲᠥᠷᠥᠯ ᠤᠨ ᠬᠡᠰᠡᠭ ᠣᠨᠴᠠ ᠲᠥᠷᠥᠯ ᠤᠨ ᠠᠵᠢᠯ ᠤᠨ ᠲᠥᠷᠥᠯ ᠢᠯᠭᠠᠯ ᠨᠢ ᠪᠤᠰᠤᠳ ᠠᠶᠢᠮᠠᠭ ᠬᠤᠲᠠ ᠪᠤᠶᠤ ᠭᠠᠳᠠᠷ ᠮᠤᠵᠢ ᠶᠢᠨ ᠪᠣᠯᠪᠠᠰᠤᠷᠠᠭᠤᠯᠤᠯ ᠳᠤ ᠬᠦᠷᠴᠦ ᠭᠡᠷᠡᠴᠢ ᠠᠪᠬᠤ ᠴᠢᠬᠤᠯᠠᠲᠠᠶ ᠪᠠᠶᠢᠵᠤ᠂ ᠠᠵᠤ ᠠᠬᠤᠶᠢᠯᠠᠯ ᠤᠨ ᠳᠠᠷᠤᠭᠠᠰᠤ ᠶᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠪᠡ᠃ ᠠᠵᠤ ᠠᠬᠤᠶᠢᠯᠠᠯ ᠤᠨ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ᠂ ᠬᠥᠯᠥᠨ ᠪᠤᠶᠢᠷ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠨᠢ ᠵᠠᠬ᠎ᠠ ᠳᠡᠯᠭᠡᠭᠦᠷ ᠤᠨ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠯᠦᠭᠡ ᠢᠳᠡᠪᠬᠢᠲᠡᠶ ᠪᠠᠷ ᠨᠡᠪᠲᠡᠷᠡᠯᠴᠡᠨ ᠵᠣᠬᠢᠴᠠᠭᠤᠯᠵᠤ᠂ ᠳᠡᠭᠡᠳᠦ ᠱᠠᠲᠤᠨ ᠤ ᠳᠡᠮᠵᠢᠯᠭᠡ ᠶᠢ ᠣᠯᠤᠭᠰᠠᠨ ᠪᠥᠭᠡᠳ ᠪᠣᠯᠪᠠᠰᠤᠷᠠᠭᠤᠯᠤᠯ ᠤᠨ ᠪᠠᠶᠢᠭᠤᠯᠤᠮᠵᠢ ᠪᠠ ᠭᠤᠤᠯᠳᠠᠯᠭ᠎ᠠ ᠲᠠᠢ ᠠᠵᠤ ᠠᠬᠤᠶᠢᠯᠠᠯ ᠯᠤᠭ᠎ᠠ ᠣᠯᠠᠨ ᠤᠳᠠᠭ᠎ᠠ ᠵᠣᠯᠭᠠᠭᠤᠯᠵᠤ᠂ ︽ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ︾ ᠠᠷᠭ᠎ᠠ ᠮᠠᠶ᠋ᠢᠭ ᠢ ᠠᠪᠴᠤ᠂ ᠬᠥᠯᠥᠨ ᠪᠤᠶᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠢᠭᠡᠳ ᠬᠥᠯᠥᠨ ᠪᠤᠶᠢᠷ ᠤᠨ ᠶᠢᠨ ᠰᠢᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠬᠠᠮᠲᠤᠷᠠᠯᠴᠠᠭ᠎ᠠ ᠲᠣᠭᠲᠠᠬᠤ ᠶᠢ ᠢᠳᠡᠪᠬᠢᠲᠡᠶ ᠠᠬᠢᠭᠤᠯᠬᠤ ᠶᠢᠨ ᠬᠠᠮᠲᠤ ᠠᠵᠢᠯ ᠢᠶᠠᠨ ᠠᠬᠢᠭᠤᠯᠬᠤ ᠶᠠᠪᠤᠴᠠ ᠳᠤ ᠮᠥᠷᠳᠡᠨ ᠵᠢᠯᠣᠭᠤᠳᠴᠤ᠂ ᠲᠥᠷᠥᠯ ᠵᠦᠶ᠋ᠯ ᠨᠡᠮᠡᠭᠳᠡᠭᠦᠯᠬᠦ ᠠᠵᠢᠯ ᠢ ᠡᠷᠲᠡᠬᠡᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠪᠠ᠃ ᠣᠯᠠᠨ ᠲᠠᠯ᠎ᠠ ᠶᠢᠨ ᠴᠢᠷᠮᠠᠶᠢᠯᠭ᠎ᠠ ᠪᠠᠷ ᠳᠡᠮᠵᠢᠨ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠬᠢᠮᠢ ᠶᠢᠨ ᠠᠵᠤ ᠦᠢᠯᠡᠳᠪᠦᠷᠢ  ᠶᠢᠨ ᠠᠦ᠋ᠲ᠋ᠣᠴᠢᠯᠠᠭᠰᠠᠨ ᠡᠵᠡᠮᠳᠡᠯ ᠤᠨ ᠬᠡᠮᠵᠢᠭᠦᠷᠯᠢᠭ ᠤᠨ ᠠᠵᠢᠯ᠂ ᠨᠡᠶᠢᠯᠡᠯᠭᠡ ᠰᠢᠪᠲᠦᠷ ᠤᠨ ᠭᠠᠷ ᠤᠷᠠᠯᠠᠯ ᠤᠨ ᠠᠵᠢᠯ᠂ ᠢᠰᠦᠯᠳᠦᠭᠦᠯᠬᠦ ᠭᠠᠷ ᠤᠷᠠᠯᠠᠯ ᠤᠨ ᠠᠵᠢᠯ᠂ ᠬᠥᠯᠳᠡᠭᠡᠬᠦ ᠪᠠ ᠠᠭᠠᠷ ᠲᠣᠬᠢᠷᠠᠭᠤᠯᠤᠭᠴᠢ ᠶᠢᠨ ᠲᠥᠬᠦᠭᠡᠷᠦᠮᠵᠢ ᠶᠢᠨ ᠠᠵᠢᠯᠯᠠᠭᠠᠨ ᠤ ᠠᠵᠢᠯ᠂ ᠬᠥᠯᠳᠡᠭᠡᠬᠦ ᠪᠠ ᠠᠭᠠᠷ ᠲᠣᠬᠢᠷᠠᠭᠤᠯᠤᠭᠴᠢ ᠶᠢᠨ ᠲᠥᠬᠦᠭᠡᠷᠦᠮᠵᠢ ᠶᠢ ᠤᠭᠰᠠᠷᠠᠵᠤ ᠰᠡᠯᠪᠢᠨ ᠵᠠᠰᠠᠬᠤ ᠠᠵᠢᠯ ᠵᠡᠷᠭᠡ 5 ᠪᠣᠯᠪᠠᠰᠤᠷᠠᠭᠤᠯᠤᠯ ᠤᠨ ᠲᠥᠷᠥᠯ ᠢᠯᠭᠠᠯ ᠢ ᠨᠡᠮᠡᠵᠦ ᠳᠣᠭᠢᠷᠠᠭᠤᠯᠪᠠ᠃ ᠬᠥᠯᠥᠨ ᠪᠤᠶᠢᠷ ᠤᠨ ᠲᠧ ᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠰᠤᠷᠭᠠᠭᠤᠯᠢ ᠶᠢᠨ ᠬᠢᠵᠠᠭᠠᠷᠲᠤ ᠺᠣᠮᠫᠠᠨᠢ ᠬᠤᠸᠠᠷ ᠫᠤᠤᠵᠢᠩ ᠤᠨ ᠣᠨᠴᠠ ᠲᠥᠷᠥᠯ ᠤᠨ ᠠᠵᠢᠯ ᠤᠨ ᠪᠣᠯᠪᠠᠰᠤᠷᠠᠯ ᠤᠨ ᠲᠥᠷᠥᠯ ᠵᠦᠢᠯ ᠢ ᠨᠡᠮᠡᠪᠡ᠃ 2025 ᠣᠨ ᠤ 2 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠵᠥᠪᠰᠢᠶᠡᠷᠡᠯ ᠢᠶᠠᠷ ᠪᠣᠯᠪᠠᠰᠤᠷᠠᠭᠤᠯᠤᠯ ᠤᠨ ᠰᠢᠯᠭᠠᠯᠲᠠ ᠶᠢᠨ ᠲᠠᠩᠰᠠᠨ ᠨᠣᠮᠧᠷ ᠢ ᠨᠡᠭᠡᠭᠡᠵᠦ᠂ ᠣᠲᠣ ᠨᠢᠭᠡᠨᠲᠡ ᠪᠣᠯᠪᠠᠰᠤᠷᠠᠭᠤᠯᠤᠯ ᠤᠨ ᠠᠵᠢᠯ ᠢ ᠬᠡᠪ ᠤᠨ ᠪᠠᠶᠢᠳᠠᠯ ᠢᠶᠠᠷ ᠥᠷᠨᠢᠭᠦᠯᠵᠦ᠂ ᠮᠠᠨ ᠤ ᠬᠤᠲᠠ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠣᠨᠴᠠ ᠲᠥᠷᠥᠯ ᠤᠨ ᠠᠵᠢᠯ ᠬᠢᠭᠰᠡᠳ ᠤᠨ ᠪᠣᠯᠪᠠᠰᠤᠷᠠᠭᠤᠯᠤᠯ ᠤᠨ ᠭᠠᠵᠠᠷ ᠬᠤᠯᠠ᠂ ᠭᠡᠷᠡᠴᠢ ᠠᠪᠬᠤ ᠳᠤ ᠬᠦᠴᠢᠷᠲᠡᠶ ᠪᠠᠶᠢᠬᠤ ᠪᠣᠳᠠᠲᠠᠶ ᠬᠦᠴᠢᠷᠳᠡᠯ ᠢ ᠪᠦᠲᠦᠮᠵᠢᠲᠡᠶ  ᠰᠢᠢᠳᠪᠦᠷᠢᠯᠡᠪᠡ᠃    ᠲᠠᠷᠠᠭᠠᠴᠢ ᠶᠢᠨ ᠠᠯᠬᠤᠮ ᠳᠤ᠂ ᠪᠢᠳᠡ ᠮᠠᠨ ᠤ ᠬᠤᠲᠠ ᠶᠢᠨ ᠠᠶᠤᠯ ᠥᠬᠡᠶ  ᠦᠢᠯᠡᠳᠪᠦᠷᠢᠯᠡᠯ ᠤᠨ ᠪᠣᠯᠪᠠᠰᠤᠷᠠᠭᠤᠯᠤᠯ ᠤᠨ ᠠᠵᠢᠯ ᠤᠨ ᠪᠣᠳᠠᠲᠤ ᠪᠠᠶᠢᠳᠠᠯ ᠳᠤ ᠴᠢᠭᠯᠡᠭᠦᠯᠦᠨ᠂ ᠠᠵᠢᠯ ᠤᠨ ᠳᠤᠮᠳᠠᠬᠢ ᠲᠦᠭᠵᠢᠷᠡᠯ᠂ ᠬᠦᠴᠢᠷᠳᠡᠯ ᠢ ᠭᠦᠨᠵᠡᠭᠡᠶ ᠰᠤᠳᠤᠯᠵᠤ᠂ ᠪᠣᠯᠪᠠᠰᠤᠷᠠᠭᠤᠯᠤᠯ ᠤᠨ ᠪᠠᠶᠢᠭᠤᠯᠤᠮᠵᠢ ᠬᠢᠭᠡᠳ ᠰᠢᠯᠭᠠᠯᠲᠠ ᠶᠢᠨ ᠴᠡᠭ ᠤᠨ ᠵᠢᠩᠬᠢᠨᠢᠴᠢᠯᠡᠬᠦ ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠮᠠᠨ ᠤ ᠬᠤᠲᠠ ᠶᠢᠨ ᠣᠨᠴᠠ ᠲᠥᠷᠥᠯ ᠤᠨ ᠠᠵᠢᠯ ᠬᠢᠭᠰᠡᠳ ᠤᠨ ᠪᠣᠯᠪᠠᠰᠤᠷᠠᠭᠤᠯᠤᠯ ᠤᠨ ᠰᠢᠯᠭᠠᠯᠲᠠ ᠶᠢᠨ ᠳᠠᠰᠬᠠᠯ ᠤᠨ ᠲᠥᠷᠥᠯ ᠢᠯᠭᠠᠯ ᠢ ᠠᠯᠬᠤᠮ ᠠᠯᠬᠤᠮ ᠢᠶᠠᠷ ᠨᠡᠮᠡᠭᠳᠡᠭᠦᠯᠵᠦ᠂ ᠪᠦᠯᠦᠭ ᠤᠳᠠᠭ᠎ᠠ ᠬᠤᠪᠢᠶᠠᠨ᠂ ᠲᠥᠷᠥᠯ ᠢᠯᠭᠠᠯ ᠬᠤᠪᠢᠶᠠᠵᠤ᠂ ᠠᠵᠤ ᠠᠬᠤᠶᠢᠯᠠᠯ ᠤᠨ ᠪᠣᠯᠪᠠᠰᠤᠷᠠᠭᠤᠯᠤᠯ ᠳᠤᠮᠳᠠᠬᠢ ᠪᠣᠳᠠᠲᠠᠶ ᠬᠦᠴᠢᠷᠳᠡᠯ ᠢ ᠠᠯᠬᠤᠮ ᠠᠯᠬᠤᠮ ᠢᠶᠠᠷ  ᠰᠢᠢᠳᠪᠦᠷᠢᠯᠡᠨ᠎ᠡ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号