2 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠦᠬᠦ | ᠣᠷᠣᠨ ᠤ ᠠᠶᠤᠯᠭᠦᠢ ᠦᠢᠯᠡᠳᠪᠦᠷᠢᠯᠡᠯ ᠪᠠ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ | ᠤᠨᠲᠠᠷᠠᠭᠠᠬᠤ ᠠᠵᠢᠯ ᠤᠨ ᠸᠢᠳᠢᠣ᠋ ᠬᠤᠷᠠᠯ ᠬᠤᠷᠠᠯᠳᠤᠭᠤᠯᠪᠠ᠃ ᠸᠠᠩ ᠯᠢ ᠰᠢᠶᠠ ᠬᠤᠷᠠᠯ ᠳᠤ ᠣᠷᠣᠯᠴᠠᠭᠰᠠᠨ | ᠪᠥᠭᠡᠳ ᠶᠠᠷᠢᠶ᠎ᠠ ᠲᠠᠯᠪᠢᠵᠤ᠂ ᠬᠤᠸᠠᠩ ᡁᠢ ᠴᠢᠶᠠᠩ ᠬᠤᠷᠠᠯ ᠢ ᠡᠷᠬᠢᠯᠡᠵᠦ᠂ ᠵᠠᠰᠠᠭ ᠤᠨ ᠣᠷᠳᠣᠨ ᠤ ᠤᠳᠤᠷᠢᠳᠬᠤ | ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠠᠢ᠃ | ᠬᠤᠷᠠᠯ ᠠᠴᠠ ᠪᠥᠬᠦ ᠤᠯᠤᠰ ᠤᠨ ᠠᠶᠤᠯᠭᠦᠶ ᠦᠢᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ | ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠸᠢᠳᠢᠣ᠋ ᠬᠤᠷᠠᠯ ᠤᠨ ᠵᠣᠷᠢᠭ ᠰᠠᠨᠠᠭ᠎ᠠ᠂ ︽ᠠᠶᠤᠯᠭᠦᠶ | ᠦᠢᠯᠡᠳᠪᠦᠷᠢᠯᠡᠯ ᠤᠨ ᠠᠰᠠᠭᠤᠳᠠᠯ ᠢ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ | ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠤᠨ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠶᠤᠯᠭᠦᠶ | ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠵᠠᠷᠯᠠᠯ︾ ᠢ ᠤᠯᠠᠮᠵᠢᠯᠠᠵᠤ᠂ 2024 ᠣᠨ ᠤ ᠪᠥᠬᠦ ᠣᠷᠣᠨ ᠤ | ᠠᠶᠤᠯᠭᠦᠶ ᠦᠢᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠭᠰᠠᠨ | ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠤ᠂ ᠣᠳᠣᠬᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠲᠤᠮᠳᠠ | ᠲᠤᠯᠭᠠᠷᠠᠵᠤ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠵᠠᠳᠠᠯᠵᠤ᠂ 2025 ᠣᠨ ᠤ ᠭᠤᠤᠯᠳᠠᠯᠭ᠎ᠠ ᠲᠠᠢ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠪᠠ ᠣᠶ ᠰᠢᠭᠤᠶ ᠨᠤᠲᠤᠭ | ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠠᠶᠤᠯᠭᠦᠶ ᠦᠢᠯᠡᠳᠪᠦᠷᠢᠯᠡᠯ ᠭᠡᠬᠦ ᠡᠨᠡ ᠬᠦ ᠬᠥᠪᠴᠢ ᠶᠢ ᠴᠠᠭ ᠢᠮᠠᠭᠲᠠ | ᠴᠢᠩᠭᠠᠯᠠᠨ᠂ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠪᠠᠷ ᠭᠠᠷᠳᠠᠴᠠ | ᠪᠣᠯᠭᠠᠵᠤ᠂ ᠠᠶᠤᠯᠭᠦᠶ ᠦᠢᠯᠡᠳᠪᠦᠷᠢᠯᠡᠯ ᠤᠨ ᠰᠠᠭᠤᠷᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠶ᠃ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ | ᠤᠨᠢᠨ ᠳᠡᠭᠡᠷ᠎ᠡ ᠨᠢ ᠠᠰᠠᠭᠤᠳᠠᠯ ᠢ ᠵᠠᠳᠠᠯᠵᠤ᠂ ᠪᠢᠳᠡᠭᠦᠦ ᠭᠤᠭᠴᠤᠭ᠎ᠠ ᠪᠠᠷ ᠠᠬᠢᠭᠤᠯᠵᠤ᠂ ᠶᠠᠭᠠᠬᠢᠭᠰᠠᠨ ᠴᠤ | ᠠᠰᠠᠭᠤᠳᠠᠯ ᠢ ᠰᠶᠢᠳᠪᠦᠷᠢᠯᠡᠬᠦ ᠦᠭᠡᠢ ᠪᠠᠷ ᠬᠠᠶᠠᠵᠤ ᠪᠣᠯᠬᠤ ᠦᠭᠡᠢ᠃ ᠠᠶᠤᠯ ᠲᠦᠭᠰᠢᠭᠦᠷᠢ ᠶᠢᠨ ᠬᠡᠮ ᠰᠣᠭᠤᠭ ᠢ | ᠵᠠᠰᠠᠬᠤ ᠠᠵᠢᠯ ᠢ ᠴᠢᠩᠭ᠎ᠠ ᠠᠳᠬᠤᠵᠤ᠂ ᠨᠡᠶᠢᠲᠡᠯᠢᠭ ᠬᠡᠷᠡᠭ ᠤᠨ ᠵᠢᠱᠢᠶ᠎ᠡ ᠠᠴᠠ ᠰᠤᠷᠭᠠᠮᠵᠢ ᠠᠪᠴᠤ᠂ | ᠰᠤᠷᠭᠠᠭᠤᠯᠢ ᠶᠢᠨ ᠬᠦᠷᠢᠶ᠎ᠡ᠂ ᠨᠠᠰᠤᠲᠠᠨ ᠢ ᠠᠰᠠᠷᠠᠬᠤ ᠬᠦᠷᠢᠶᠡᠯᠡᠩ᠂ ᠥᠨᠳᠥᠷ ᠪᠠᠷᠢᠯᠭ᠎ᠠ ᠵᠡᠷᠭᠡ ᠭᠤᠤᠯᠳᠠᠯᠭ᠎ᠠ ᠲᠠᠢ | ᠲᠠᠯᠠᠪᠤᠷ ᠭᠠᠵᠠᠷ ᠪᠣᠯᠤᠨ ︽ᠶᠢᠰᠦᠨ ᠵᠢᠵᠢᠭ ᠲᠠᠯᠠᠪᠤᠷ ᠭᠠᠵᠠᠷ︾ ᠢ ᠴᠢᠩᠭ᠎ᠠ ᠠᠩᠬᠠᠷᠴᠤ᠂ ᠪᠠᠷᠢᠯᠭ᠎ᠠ ᠶᠢᠨ | ᠳᠤᠯᠠᠭᠠᠨ ᠢ ᠪᠠᠳᠤᠯᠠᠬᠤ ᠮᠠᠲ᠋ᠧᠷᠢᠶᠠᠯ᠂ ᠦᠨᠳᠦᠰᠦᠨ ᠱᠠᠲᠤᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ᠂ | ᠠᠷᠠᠳ ᠤᠨ ᠠᠭᠠᠷ ᠤᠨ ᠲᠡᠭᠡᠭᠡᠪᠦᠷᠢ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠂ ᠠᠭᠤᠷᠬᠠᠶ ᠵᠡᠷᠭᠡ | ᠭᠤᠤᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠶᠠᠪᠤᠳᠠᠯ︾ | ᠤᠨ ᠪᠥᠬᠦ ᠬᠡᠯᠬᠢᠶᠡᠨ ᠤ ᠴᠡᠭᠴᠡᠯᠡᠨ ᠵᠠᠰᠠᠯᠲᠠ ᠶᠢ ᠴᠢᠩᠭᠠᠳᠬᠠᠵᠤ᠂ ᠡᠬᠢ ᠡᠭᠦᠰᠦᠯ ᠢ ᠨᠢ ᠨᠠᠷᠢᠯᠢᠭ ᠵᠢᠭᠰᠠᠭᠠᠨ | ᠪᠠᠶᠢᠴᠠᠭᠠᠵᠤ᠂ ᠲᠦᠷᠢᠮ ᠢ ᠲᠡᠭᠦᠯᠳᠡᠷᠵᠢᠭᠦᠯᠵᠦ᠂ ︽ᠵᠢᠵᠢᠭ ᠬᠡᠮ ᠰᠣᠭᠤᠭ︾ ᠢ ᠶᠠᠭᠠᠬᠢᠭᠰᠠᠨ ᠴᠤ ︽ᠲᠤᠮᠤ ᠠᠳᠡᠯ | ︾ ᠪᠣᠯᠭᠠᠨ ᠬᠤᠪᠢᠷᠠᠭᠤᠯᠵᠤ ᠪᠣᠯᠬᠤ ᠥᠬᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠮᠠᠨ ᠤ ᠣᠷᠣᠨ ᠤᠳᠠᠯ ᠥᠬᠡᠶ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ | ᠲᠦᠢᠮᠡᠷ ᠢ ᠰᠡᠷᠭᠡᠶᠢᠯᠡᠨ ᠤᠨᠲᠠᠷᠠᠭᠠᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠬᠤ ᠪᠤᠯᠤᠨ᠎ᠠ᠂ ︽ᠰᠡᠷᠭᠡᠶᠢᠯᠡᠬᠦ︾ | ᠪᠠ ︽ᠬᠠᠮᠢᠶᠠᠷᠬᠤ︾ ᠶᠢ ᠳᠣᠪᠤᠶᠢᠯᠭᠠᠨ᠂ ᠶᠡᠭᠡ ᠬᠢᠩᠭᠠᠨ ᠳᠠᠪᠠᠭ᠎ᠠ ᠶᠢᠨ ᠣᠶ ᠰᠢᠭᠤᠶ ᠨᠤᠲᠤᠭ ᠪᠡᠯᠴᠢᠭᠡᠷ ᠤᠨ | ᠲᠦᠢᠮᠡᠷ ᠢ ᠰᠡᠷᠭᠡᠶᠢᠯᠡᠨ ᠤᠨᠲᠠᠷᠠᠭᠠᠬᠤ ᠵᠢᠱᠢᠶ᠎ᠡ ᠦᠵᠡᠭᠦᠯᠬᠦ ᠣᠷᠣᠨ ᠢ ᠲᠦᠷᠭᠡᠨ ᠪᠠᠶᠢᠭᠤᠯᠵᠤ᠂ ᠣᠶ ᠰᠢᠭᠤᠢ ᠶᠢᠨ | ᠳᠠᠷᠤᠭ᠎ᠠ᠂ ᠭᠠᠯ ᠲᠦᠢᠮᠡᠷ ᠢ ᠰᠡᠷᠭᠡᠶᠢᠯᠡᠭᠴᠢ ᠵᠡᠷᠭᠡ ᠦᠨᠳᠦᠰᠦᠨ ᠱᠠᠲᠤᠨ ᠤ ᠬᠥᠮᠦᠰ ᠤᠨ ᠬᠦᠴᠦᠨ ᠢ ᠭᠦᠢᠴᠡᠳ | ᠪᠠᠳᠠᠷᠠᠭᠤᠯᠤᠨ᠂ ᠬᠡᠭᠡᠷ᠎ᠡ ᠭᠠᠳᠠᠨᠠᠬᠢ ᠲᠦᠢᠮᠡᠷ ᠤᠨ ᠡᠬᠢ ᠰᠤᠷᠪᠤᠯᠵᠢ ᠶᠢ ᠴᠢᠩᠭ᠎ᠠ ᠰᠡᠷᠭᠡᠶᠢᠯᠡᠨ ᠴᠢᠩᠭ᠎ᠠ ᠬᠠᠮᠢᠶᠠᠷᠴᠤ᠂ | ᠠᠭᠤᠯᠠ ᠶᠢ ᠪᠠᠲᠤ ᠰᠠᠬᠢᠵᠤ᠂ ᠬᠥᠮᠦᠨ ᠢ ᠰᠠᠶᠢᠳᠤᠷ ᠬᠠᠷᠠᠵᠤ᠂ ᠭᠠᠯ ᠲᠦᠢᠮᠡᠷ ᠢ ᠰᠠᠶᠢᠳᠤᠷ ᠬᠠᠮᠢᠶᠠᠷᠬᠤ ᠬᠡᠷᠡᠭᠲᠡᠶ᠃ | ᠡᠷᠲᠡ ᠢᠯᠡᠷᠡᠭᠦᠯᠬᠦ᠂ ᠡᠷᠲᠡ ᠰᠢᠢᠳᠪᠦᠷᠢᠯᠡᠬᠦ ᠶᠢ ᠪᠡᠶᠡᠯᠡᠭᠦᠯᠵᠦ᠂ ᠭᠤᠤᠯᠳᠠᠯᠭ᠎ᠠ ᠲᠠᠢ ᠰᠢᠭᠤᠶᠢᠲᠤ ᠣᠷᠣᠨ ᠣᠶ | ᠰᠢᠭᠤᠶ ᠶᠢᠨ ᠲᠠᠯᠠᠪᠠᠶ᠂ ᠵᠠᠩᠭᠢᠯᠠᠭ᠎ᠠ ᠶᠢᠨ ᠪᠠᠶᠢᠷᠢ ᠴᠡᠭ ᠢ ᠬᠢᠨᠠᠨ ᠬᠡᠮᠵᠢᠵᠦ ᠲᠣᠭᠤᠷᠢᠨ ᠪᠠᠶᠢᠴᠠᠭᠠᠬᠤ ᠪᠠᠨ | ᠴᠢᠩᠭᠠᠳᠬᠠᠵᠤ᠂ ᠲᠦᠢᠮᠡᠷ ᠭᠠᠷᠬᠤ ᠦᠶ᠎ᠡ ᠳᠤ ᠲᠦᠷᠭᠡᠨ ᠴᠤᠭᠯᠠᠷᠠᠨ ᠬᠦᠳᠡᠯᠦᠯᠴᠡᠵᠤ᠂ ᠪᠠᠭ᠎ᠠ ᠪᠠᠶᠢᠬᠤ ᠦᠶ᠎ᠠ ᠳᠤᠨᠢ | ᠲᠠᠷᠤᠢ ᠶᠡᠭᠡ ᠬᠦᠴᠦᠨ ᠢ ᠲᠦᠪᠯᠡᠷᠡᠬᠦᠯᠵᠤ᠂ ᠨᠢᠭᠡ ᠯᠡ ᠤᠳᠠᠭ᠎ᠠ ᠳᠤ ᠪᠦᠷᠢᠮᠦᠰᠦᠨ ᠤᠨᠳᠠᠷᠠᠭᠠᠬᠤ ᠬᠡᠷᠡᠭᠲᠡᠶ ᠭᠡᠵᠦ | ᠵᠢᠭᠠᠵᠤ ᠭᠠᠷᠭᠠᠪᠠ᠃ | ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢᠨ ᠬᠡᠯᠬᠢᠶ᠎ᠡ ᠪᠠᠨ | ᠴᠢᠩᠭᠠᠳᠬᠠᠵᠤ᠂ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠠᠮᠤᠷ ᠲᠦᠪᠰᠢᠨ ᠲᠣᠭᠲᠠᠭᠤᠨ ᠤ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠦᠨᠡᠨ ᠬᠦ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | |