ᠣᠷᠳᠣᠰ᠄ ᠲᠤᠭ 500 ᠺᠢᠯᠤᠸᠤᠯᠲ ᠤᠨ ᠴᠠᠬᠢᠯᠭᠠᠨ ᠬᠦᠷᠭᠡᠬᠦ ᠬᠤᠪᠢᠰᠬᠠᠬᠤ ᠢᠨᠵᠧᠨᠧᠷᠢᠩ ᠢ ᠤᠷᠤᠭᠰᠢᠲᠠᠶ ᠬᠢᠨᠠᠨ ᠵᠥᠪᠰᠢᠶᠡᠷᠡᠪᠡ
ᠨᠡᠶᠢᠲᠡᠯᠡᠭᠰᠡᠨ ᠴᠠᠭ᠄
2025/2/28
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠣᠷᠳᠣᠰ ᠤᠨ ᠴᠠᠬᠢᠯᠭᠠᠨ ᠬᠠᠩᠭᠠᠬᠤ ᠺᠣᠮᠫᠠᠨᠢ ᠶᠢᠨ ᠲᠤᠭ 500 ᠺᠢᠯᠤᠸᠤᠯᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠵᠢᠩᠬᠢᠨᠢ ᠪᠠᠷ ᠬᠢᠨᠠᠨ ᠵᠥᠪᠰᠢᠶᠡᠷᠡᠪᠡ᠂ ᠡᠨᠡ ᠨᠢ ᠲᠣᠰ ᠢᠨᠵᠧᠨᠧᠷᠢᠩ ᠪᠥᠬᠦ ᠲᠠᠯ᠎ᠠ ᠪᠠᠷ ᠬᠡᠷᠡᠭᠵᠢᠭᠦᠯᠬᠦ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃ ᠲᠣᠰ ᠲᠥᠷᠥᠯ  ᠵᠦᠢᠯ ᠢ ᠬᠢᠨᠠᠨ ᠵᠥᠪᠰᠢᠶᠡᠷᠡᠭᠰᠡᠨ ᠨᠢ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠳᠤ ᠴᠢᠬᠤᠯᠠ ᠲᠤᠯᠭᠠᠭᠤᠷᠢᠯᠠᠯ ᠬᠠᠩᠭᠠᠭᠰᠠᠨ ᠢᠶᠠᠷ ᠪᠠᠷᠠᠬᠤ ᠥᠬᠡᠶ᠂ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠨᠧᠷᠭᠢ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃    ᠲᠤᠭ 500 ᠺᠢᠯᠤᠸᠤᠯᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠴᠠᠬᠢᠯᠭᠠᠨ ᠬᠦᠴᠦᠨ ᠤ ᠬᠥᠭᠵᠢᠯᠲᠡ ᠶᠢᠨ ᠲᠥᠯᠥᠪᠵᠢᠭᠦᠯᠭᠡ ᠶᠢᠨ ᠴᠢᠬᠤᠯᠠ ᠲᠦᠷᠦᠯ ᠵᠦᠢᠯ ᠤᠨ ᠨᠢᠭᠡ ᠪᠣᠯᠤᠨ᠎ᠠ᠂ ᠪᠠᠰᠠ ᠴᠤ ᠤᠯᠤᠰ ᠤᠨ ︽ᠪᠠᠷᠠᠭᠤᠨ ᠣᠷᠣᠨ ᠤ ᠴᠠᠬᠢᠯᠭᠠᠨ ᠢ ᠵᠡᠭᠦᠨᠰᠢ ᠬᠦᠷᠭᠡᠬᠦ︾ ᠪᠠᠶᠢᠯᠳᠤᠬᠤ ᠪᠤᠳᠤᠯᠭ᠎ᠠ ᠶᠢᠨ ᠵᠠᠩᠭᠢᠯᠠᠭ᠎ᠠ ᠶᠢᠨ ᠪᠦᠷᠢᠯᠳᠦᠬᠦᠨ ᠬᠡᠰᠡᠭ ᠪᠣᠯᠤᠨ᠎ᠠ᠃ ᠢᠨᠵᠧᠨᠧᠷᠢᠩ ᠨᠢ ᠦᠦᠰᠢᠨ ᠬᠤᠰᠢᠭᠤᠨ ᠳᠤ  ᠪᠠᠶᠢᠨ᠎ᠠ᠂ ᠶᠡᠷᠦᠩᠬᠡᠶ ᠪᠡᠯᠡ ᠣᠷᠣᠭᠤᠯᠤᠯᠲᠠ ᠨᠢ 5 . 8 ᠳ᠋ᠦᠩᠰᠢᠭᠤᠷ ᠲᠥᠭᠦᠷᠢᠭ᠂ ᠲᠤᠰ ᠢᠨᠵᠧᠨᠧᠷᠢᠩ ᠤᠨ ᠪᠦᠲᠦᠭᠡᠨ ᠪᠠᠢᠭᠤᠯᠤᠯᠲᠠ ᠨᠢ ᠴᠢᠬᠤᠯᠠ ᠠᠴᠢ ᠬᠤᠯᠪᠣᠭᠳᠠᠯ ᠲᠠᠢ᠃ ᠨᠢᠭᠡ ᠳᠤ ᠣᠷᠣᠨ ᠪᠦᠰᠡ ᠶᠢᠨ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠵᠦ᠂ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠳᠤ ᠬᠦᠴᠦᠨ ᠨᠡᠮᠡᠷᠢᠯᠡᠨ᠎ᠡ᠃ ᠣᠷᠳᠣᠰ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠰᠠᠯᠬᠢᠨ ᠡᠨᠧᠷᠭᠢ᠂ ᠨᠡᠷᠡᠨ ᠡᠨᠧᠷᠭᠢ ᠵᠡᠷᠭᠡ ᠳᠠᠬᠢᠨ ᠡᠭᠦᠰᠴᠦ ᠪᠣᠯᠬᠤ ᠡᠨᠧᠷᠭᠢ ᠶᠢᠨ ᠡᠬᠢ ᠪᠠᠶᠠᠯᠢᠭ ᠡᠯᠪᠡᠭ ᠪᠣᠯᠪᠠᠴᠤ ᠤᠷᠲᠤ ᠬᠤᠭᠤᠴᠠᠭᠠᠨ ᠤ ᠲᠤᠷᠰᠢ ᠭᠠᠳᠠᠭᠰᠢ ᠬᠦᠷᠭᠡᠬᠦ ᠨᠡᠪᠲᠡᠷᠡᠯ ᠵᠠᠮ ᠬᠦᠷᠦᠯᠴᠡᠬᠦ ᠦᠭᠡᠶ᠂ ᠡᠨᠧᠷᠭᠢ ᠶᠢᠨ ᠰᠢᠩᠭᠡᠭᠡᠵᠦ ᠠᠪᠬᠤ ᠴᠢᠳᠠᠪᠤᠷᠢ ᠬᠢᠵᠠᠭᠠᠷᠲᠠᠶ ᠵᠡᠷᠭᠡ ᠬᠦᠴᠦᠨ ᠵᠦᠢᠯ ᠤᠨ ᠬᠢᠵᠠᠭᠠᠷᠯᠠᠯ ᠠᠴᠠ ᠪᠣᠯᠤᠭᠰᠠᠨ ᠶᠤᠮ᠃ ᠲᠤᠭ 500 ᠺᠢᠯᠤᠸᠤᠯᠲ ᠤᠨ ᠬᠦᠴᠦᠳᠡᠯ ᠬᠤᠪᠢᠰᠬᠠᠬᠤ ᠢᠨᠵᠧᠨᠧᠷᠢᠩ ᠢ ᠬᠡᠷᠡᠭᠵᠢᠭᠦᠯᠦᠭᠰᠡᠨ ᠨᠢ ᠴᠡᠪᠡᠷ ᠡᠨᠧᠷᠭᠢ ᠶᠢ ᠶᠡᠭᠡ ᠬᠡᠪᠴᠢᠶ᠎ᠡ ᠪᠠᠷ ᠭᠠᠳᠠᠭᠰᠢ ᠬᠦᠷᠭᠡᠬᠦ ᠳᠤ ᠥᠨᠳᠥᠷ ᠪᠦᠲᠦᠮᠵᠢᠲᠡᠶ ᠵᠠᠮ ᠬᠠᠩᠭᠠᠬᠤ ᠪᠣᠯᠤᠨ᠎ᠠ᠃ ᠬᠤᠶᠠᠷ ᠲᠤ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠲᠤᠰ ᠬᠤᠭᠤᠴᠠᠭᠠᠨ ᠤ ᠢᠨᠵᠧᠨᠧᠷᠢᠩ ᠤᠨ ᠪᠠᠶᠢᠭᠤᠯᠤᠭᠳᠠᠭᠰᠠᠨ ᠨᠢ ᠥᠪᠥᠷ ᠮᠣᠩᠭᠤᠯ ᠤᠨ ᠪᠠᠷᠠᠭᠤᠨ ᠣᠷᠣᠨ ᠤ ᠴᠠᠬᠢᠯᠭᠠᠨ ᠬᠦᠴᠦᠨ ᠤ ᠬᠦᠷᠭᠡᠬᠦ ᠴᠢᠳᠠᠪᠤᠷᠢ ᠶᠢ ᠢᠯᠡᠳᠲᠡ ᠨᠡᠮᠡᠭᠳᠡᠭᠦᠯᠵᠦ᠂ ᠴᠠᠬᠢᠯᠭᠠᠨ ᠬᠦᠴᠦᠨ ᠤ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠨᠠᠮᠳᠠᠭᠤᠯᠵᠤ᠂ ᠴᠠᠬᠢᠯᠭᠠᠨ ᠬᠦᠴᠦᠨ ᠤ ᠬᠠᠩᠭᠠᠯᠭ᠎ᠠ ᠶᠢᠨ ᠠᠶᠤᠯ ᠦᠭᠡᠶ ᠴᠢᠨᠠᠷ ᠪᠣᠯᠤᠨ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠬᠠᠮᠢᠶ᠎ᠠ ᠪᠦᠬᠦᠢ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠠᠶᠢᠴᠢᠯᠠᠵᠤ᠂ ᠣᠷᠣᠨ ᠨᠤᠲᠤᠭ ᠤᠨ ᠠᠵᠢᠯ ᠣᠯᠭᠤᠯᠲᠠ ᠪᠣᠯᠤᠨ ᠠᠵᠤ ᠠᠬᠤᠶ ᠶᠢᠨ ᠨᠡᠮᠡᠭᠳᠡᠯ ᠢ ᠠᠬᠢᠭᠤᠯᠬᠤ ᠪᠣᠯᠤᠨ᠎ᠠ᠃    ᠲᠤᠺ 500 ᠺᠢᠯᠤᠸᠤᠯᠲ ᠤᠨ ᠬᠦᠴᠦᠳᠡᠯ ᠬᠤᠪᠢᠰᠬᠠᠬᠤ ᠢᠨᠵᠧᠨᠧᠷᠢᠩ ᠤᠨ ᠭᠠᠵᠠᠷ ᠰᠣᠩᠭᠤᠬᠤ ᠱᠠᠲᠤᠨ ᠳᠤ ᠭᠠᠵᠠᠷ ᠣᠷᠣᠨ ᠤ ᠣᠳᠣᠬᠢ ᠪᠠᠶᠢᠳᠠᠯ᠂ ᠲᠥᠯᠥᠪᠵᠢᠭᠦᠯᠭᠡ ᠶᠢᠨ ᠰᠡᠳᠬᠢᠴᠡ ᠪᠠ ᠰᠦᠯᠵᠢᠶᠡᠨ ᠤ ᠵᠢᠶᠠᠰᠠ ᠶᠢᠨ ᠬᠡᠷᠡᠭᠴᠡᠭᠡ ᠱᠠᠭᠠᠷᠳᠠᠯᠭ᠎ᠠ ᠲᠠᠢ ᠭᠦᠢᠴᠡᠳ ᠤᠶᠠᠯᠳᠤᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠤ ᠨᠢᠭᠡᠴᠡ ᠶᠢᠨ ᠰᠢᠨᠵᠢᠯᠡᠬᠦ ᠤᠬᠠᠭᠠᠨᠴᠢ ᠪᠠᠷ ᠭᠠᠵᠠᠷ ᠰᠣᠩᠭᠤᠨ᠂ ᠥᠨᠳᠥᠷ ᠪᠦᠲᠦᠮᠵᠢᠲᠡᠶ ᠪᠠᠷ ᠠᠬᠢᠭᠤᠯᠵᠤ᠂ ᠨᠡᠶᠢᠲᠡ 12 ᠥᠷᠲᠡᠭᠡ ᠭᠠᠵᠠᠷ ᠰᠣᠩᠭᠤᠬᠤ ᠶᠢᠨ ᠬᠠᠮᠲᠤ᠂ ᠪᠦᠯᠦᠭᠯᠡᠯ ᠺᠣᠮᠫᠠᠨᠢ ᠵᠢᠴᠢ ᠬᠠᠷᠢᠶ᠎ᠠ ᠭᠠᠵᠠᠷ ᠤᠨ ᠬᠠᠮᠢᠶ᠎ᠠ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠤᠷᠢᠵᠤ ᠲᠤᠬᠠᠶ ᠶᠢᠨ ᠲᠠᠯᠠᠪᠠᠶ ᠳᠤ ᠪᠠᠶᠢᠴᠠᠭᠠᠨ ᠰᠤᠳᠤᠯᠤᠯᠲᠠ ᠬᠢᠵᠦ ᠨᠤᠲᠠᠯᠠᠯᠲᠠ ᠬᠢᠯᠭᠡᠵᠦ᠂ ᠭᠦᠢᠴᠡᠳ ᠬᠠᠷᠢᠴᠠᠭᠤᠯᠤᠨ ᠰᠣᠩᠭᠤᠵᠤ᠂ ᠲᠤᠰᠬᠠᠶ ᠮᠡᠷᠭᠡᠵᠢᠯ ᠤᠨ ᠬᠢᠨᠠᠨ ᠲᠣᠭᠲᠠᠭᠠᠯᠲᠠ ᠪᠠᠷ ᠳᠡᠮᠵᠢᠨ ᠬᠠᠮᠤᠭ ᠡᠴᠦᠰ ᠤᠨ ᠥᠷᠲᠡᠭᠡ ᠭᠠᠵᠠᠷ ᠤᠨ ᠪᠠᠶᠢᠷᠢ ᠶᠢ ᠲᠣᠭᠲᠠᠭᠠᠨ᠎ᠠ᠃ ᠭᠠᠷᠳᠠᠮ ᠭᠦᠢᠴᠳᠭᠡᠵᠦ ᠬᠤᠭᠤᠴᠠᠭᠠᠨ ᠳᠤ᠂ ᠴᠠᠬᠢᠯᠭᠠᠨ ᠤ ᠲᠤᠤᠷ ᠤᠨ ᠪᠥᠲᠥᠭᠡᠨ ᠪᠠᠶᠢᠭᠤᠯᠤᠯᠲᠠ ᠶᠢᠨ ︽ᠬᠤᠤᠰ ᠳᠠᠷᠤᠭ᠎ᠠ︾ ᠶᠢᠨ ᠲᠦᠷᠢᠮ ᠤᠨ ᠠᠵᠢᠯ ᠤᠨ ᠲᠣᠭᠲᠠᠴᠠ ᠶᠢ ᠭᠦᠢᠴᠡᠳ ᠪᠠᠳᠠᠷᠠᠭᠤᠯᠵᠤ᠂ ᠬᠤᠰᠢᠭᠤ ᠰᠢᠶᠠᠨ ᠤ ᠵᠠᠰᠠᠭ ᠤᠨ ᠣᠷᠳᠣᠨ ᠠᠴᠠ ᠵᠣᠬᠢᠴᠠᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠨᠢᠭᠡᠳᠦᠯᠲᠡᠶ ᠬᠠᠷᠢᠭᠤ ᠮᠡᠳᠡᠭᠦᠯᠵᠦ᠂ ᠨᠢᠭᠡᠳᠦᠯᠲᠡᠶ ᠴᠣᠬᠤᠯᠠᠪᠤᠷᠢᠯᠠᠬᠤ ᠶᠢᠨ ᠬᠠᠮᠲᠤ ᠲᠤᠰᠬᠠᠶ ᠬᠥᠮᠦᠨ ᠲᠣᠮᠢᠯᠠᠨ ᠲᠤᠰᠬᠠᠶ ᠡᠭᠡᠯᠵᠢ ᠪᠠᠷ ᠬᠢᠨᠠᠯᠲᠠ ᠳᠡᠯᠪᠢᠨ ᠭᠦᠢᠴᠳᠭᠡᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠢ ᠵᠣᠬᠢᠴᠠᠭᠤᠯᠤᠨ ︽ᠬᠠᠪᠰᠤᠷᠤᠨ ᠭᠦᠢᠴᠳᠭᠡᠵᠦ ᠣᠷᠣᠯᠠᠨ ᠭᠦᠢᠴᠳᠭᠡᠵᠦ︾᠂ ᠭᠠᠵᠠᠷ ᠬᠡᠷᠡᠭᠯᠡᠬᠦ ᠶᠢ ᠤᠷᠢᠳᠴᠢᠯᠠᠨ ᠬᠢᠨᠠᠨ ᠵᠥᠪᠰᠢᠶᠡᠷᠡᠬᠦ ᠪᠠ ᠨᠡᠶᠢᠭᠡᠮ ᠤᠨ ᠲᠣᠭᠲᠠᠭᠤᠨ ᠢ ᠬᠢᠨᠠᠨ ᠵᠥᠪᠰᠢᠶᠡᠷᠡᠬᠦ ᠶᠢ ᠲᠦᠷᠭᠡᠨ ᠪᠡᠶᠡᠯᠡᠭᠦᠯᠵᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠶᠢ ᠬᠠᠮᠤᠭ ᠤᠨ ᠲᠡᠷᠢᠭᠦᠨ ᠳᠤ ᠪᠡᠶᠡᠯᠡᠭᠦᠯᠬᠦ ᠳᠤ ᠪᠠᠲᠤ ᠴᠢᠩᠭ᠎ᠠ ᠬᠦᠴᠦᠨ ᠬᠠᠩᠭᠠᠨ᠎ᠠ᠃    ᠲᠤᠭ 500 ᠺᠢᠯᠤᠸᠤᠯᠲ ᠤᠨ ᠴᠠᠬᠢᠯᠭᠠᠨ ᠬᠦᠷᠭᠡᠬᠦ ᠬᠤᠪᠢᠰᠬᠠᠬᠤ ᠢᠨᠵᠧᠨᠧᠷᠢᠩ ᠤᠨ ᠬᠢᠨᠠᠨ ᠵᠥᠪᠰᠢᠶᠡᠷᠡᠯ ᠨᠢ ᠡᠨᠧᠷᠭᠢ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠᠲᠤ ᠨᠤᠲᠠᠲᠠᠢ ᠨᠢᠭᠡ ᠠᠯᠬᠤᠮ ᠠᠯᠬᠤᠭᠰᠠᠨ ᠢ ᠬᠠᠷᠠᠭᠤᠯᠵᠤ᠂ ᠲᠤᠰ ᠺᠣᠮᠫᠠᠨᠢ ᠶᠢᠨ ᠪᠠᠲᠤ ᠪᠠᠬᠢ ᠲᠣᠣᠷ ᠢ ᠴᠣᠭᠴᠠᠯᠠᠬᠤ ᠳᠤ ᠴᠢᠬᠤᠯᠠ ᠨᠢᠭᠡ ᠠᠯᠬᠤᠮ ᠨᠡᠮᠡᠭᠰᠡᠨ ᠪᠠᠶᠢᠨ᠎ᠠ᠃ ᠢᠷᠡᠭᠡᠳᠦᠶ ᠳᠤ᠂ ᠢᠨᠵᠧᠨᠧᠷᠢᠩ ᠤᠨ ᠤᠷᠤᠭᠰᠢᠲᠠᠶ ᠠᠭᠢᠬᠤ ᠶᠢ ᠳᠠᠭᠠᠯᠳᠤᠨ᠂ ᠣᠷᠣᠨ ᠪᠦᠰᠡ ᠶᠢᠨ ᠡᠨᠧᠷᠭᠢ ᠶᠢᠨ ᠯᠤᠭᠰᠢᠭᠤᠨ ᠰᠤᠳᠠᠯ ᠤᠨ ᠪᠥᠲᠥᠭᠡᠨ ᠪᠠᠶᠢᠭᠤᠯᠤᠯᠲᠠ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢᠨ ᠬᠤᠪᠢᠷᠠᠭᠤᠯᠤᠯᠲᠠ ᠪᠠ ᠠᠵᠤ ᠠᠬᠤᠶ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠳᠤ ᠨᠠᠩ ᠶᠡᠭᠡ ᠬᠦᠴᠦᠨ ᠨᠡᠮᠡᠷᠢᠯᠡᠬᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号