ᠴᠠᠬᠢᠯᠭᠠᠨ ᠬᠥᠳᠡᠯᠭᠡᠭᠦᠷᠲᠦ ᠲᠡᠷᠭᠡ ᠨᠢ ᠶᠠᠪᠤᠵᠤ ᠰᠠᠭᠤᠬᠤ ᠳᠤ ᠳᠥᠭᠦᠮ᠂ ᠵᠠᠮ ᠲᠦᠭᠵᠢᠷᠡᠬᠦ ᠠᠴᠠ ᠵᠣᠪᠠᠭ᠋ᠤ | ᠦᠭᠡᠢ᠂ ᠤᠶᠢᠷ᠎ᠠ ᠵᠠᠮ ᠢ ᠶᠠᠪᠤᠬᠤ ᠳᠤ ᠮᠠᠰᠢ ᠲᠣᠬᠢᠷᠠᠨ᠎ᠠ᠃ ᠴᠥᠭᠡᠨ ᠪᠤᠰᠤ ᠬᠥᠮᠦᠨ ᠰᠢᠨ᠎ᠡ ᠲᠡᠷᠭᠡ ᠰᠣᠯᠢᠬᠤ | ᠰᠠᠨᠠᠭ᠎ᠠ ᠲᠠᠢ ᠪᠣᠯᠪᠠᠴᠤ 2024 ᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠨᠥᠬᠦᠪᠥᠷᠢ ᠶᠢᠨ | ᠠᠵᠢᠯᠯᠠᠭ᠎ᠠ ᠳᠤ ᠤᠷᠤᠯᠴᠠᠵᠤ ᠠᠮᠵᠢᠭᠰᠠᠨ ᠥᠬᠡᠶ᠃ ᠨᠠᠶᠢᠷᠠᠭᠤᠯᠤᠭᠴᠢ ᠣᠯᠠᠨ ᠳᠤ ᠨᠢᠭᠡᠨ ᠰᠠᠶᠢᠨ ᠴᠢᠮᠡᠭᠡ | ᠳᠠᠮᠵᠢᠭᠤᠯᠤᠶ᠎ᠠ᠂ 2025 ᠤᠨ ᠤ ᠥᠪᠥᠷ ᠮᠣᠩᠭᠤᠯ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ | ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠥᠭᠬᠦ ᠠᠵᠢᠯᠯᠠᠭ᠎ᠠ ᠡᠬᠢᠯᠡᠬᠦ ᠬᠡᠵᠦ ᠪᠠᠶᠢᠨ᠎ᠠ︕ ᠬᠠᠮᠤᠭ | ᠥᠨᠳᠥᠷ ᠲᠡᠭᠡᠨ 600 ᠲᠥᠭᠦᠷᠢᠭ ᠤᠨ ᠨᠥᠬᠦᠪᠥᠷᠢ ᠥᠭᠬᠦᠨ᠎ᠠ︕ ᠴᠠᠬᠢᠯᠭᠠᠨ ᠬᠥᠳᠡᠯᠭᠡᠭᠦᠷᠲᠦ ᠬᠠᠭᠤᠴᠢᠨ | ᠳᠤᠭᠤᠶ ᠲᠡᠷᠭᠡ ᠶᠢ ᠬᠡᠷᠡᠭᠯᠡᠭᠡᠨ ᠠᠴᠠ ᠭᠠᠷᠭᠠᠬᠤ ᠶᠢᠨ ᠬᠠᠮᠲᠤ ᠬᠢᠷᠢ ᠲᠡᠩᠴᠡᠭᠰᠡᠨ ᠰᠢᠨ᠎ᠡ ᠲᠡᠷᠭᠡ ᠬᠤᠳᠠᠯᠳᠤᠨ | ᠠᠪᠤᠭᠰᠠᠨ ᠬᠤᠪᠢ ᠬᠦᠮᠦᠨ ᠳᠤ ᠨᠢᠭᠡ ᠤᠳᠠᠭ᠎ᠠ ᠶᠢᠨ ᠴᠢᠨᠠᠷᠲᠠᠶ 500 ᠲᠥᠭᠦᠷᠢᠭ ᠤᠨ ᠬᠠᠭᠤᠴᠢᠨ ᠢᠶᠠᠷ ᠰᠢᠨ᠎ᠡ ᠶᠢ | ᠰᠣᠯᠢᠬᠤ ᠲᠣᠭᠲᠠᠭᠰᠠᠨ ᠲᠣᠭᠠᠨ ᠤ ᠨᠥᠬᠦᠪᠥᠷᠢ ᠦᠭᠭᠦᠨ᠎ᠡ᠃ ᠡᠭᠦᠨ ᠳᠤ᠂ ᠬᠠᠶᠠᠭᠳᠠᠮᠠᠯ ᠯᠢᠲ᠋ᠢ ᠢᠶᠣᠨ ᠬᠡᠯᠬᠢᠶ᠎ᠡ | ᠳ᠋ᠢᠶᠠᠨ ᡂᠢ ᠶᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠠᠨ ᠲᠤᠰᠢᠶᠠᠵᠦ ᠬᠦᠴᠦᠨ ᠦᠭᠡᠢ ᠪᠤᠯᠭᠠᠬᠤ ᠶᠢᠨ | ᠬᠠᠮᠲᠤ ᠲᠤᠭᠤᠯᠭᠠᠨ ᠬᠦᠴᠢᠯ ᠤᠨ ᠬᠡᠯᠬᠢᠶ᠎ᠡ ᠳ᠋ᠢᠶᠠᠨ ᡂᠢ ᠶᠢᠨ ᠴᠠᠬᠢᠯᠭᠠᠨ ᠬᠥᠳᠡᠯᠭᠡᠭᠦᠷᠲᠦ ᠰᠢᠨ᠎ᠡ ᠳᠤᠭᠤᠶ ᠲᠡᠷᠭᠡ | ᠰᠣᠯᠢᠵᠤ ᠬᠤᠳᠠᠯᠳᠤᠨ ᠠᠪᠤᠭᠰᠠᠨ ᠬᠤᠪᠢ ᠬᠥᠮᠦᠨ ᠳᠤ ᠪᠠᠰᠠ ᠢᠯᠡᠬᠦᠤ 100 ᠲᠥᠭᠦᠷᠢᠭ ᠤᠨ ᠨᠦᠬᠦᠪᠦᠷᠢ | ᠦᠭᠭᠦᠨ᠎ᠡ᠃ ᠨᠥᠬᠦᠪᠥᠷᠢ ᠭᠥᠷᠳᠡᠬᠦ ᠬᠡᠷᠡᠭᠯᠡᠭᠴᠢᠳ ᠤᠨ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠠᠵᠢᠯ | ᠲᠥᠷᠥᠯ ᠤᠨ ᠵᠢᠷᠤᠮᠵᠢᠯ ᠤᠨ ᠨᠥᠬᠦᠴᠡᠯ︾ ᠳᠤ ᠨᠡᠶᠢᠴᠡᠭᠰᠡᠨ ᠠᠵᠤ ᠠᠬᠤᠶᠢᠯᠠᠯ ᠤᠨ ᠤᠶᠢᠯᠡᠳᠪᠦᠷᠢᠯᠡᠭᠰᠡᠨ ᠬᠢᠷᠢ | ᠲᠡᠩᠴᠡᠭᠰᠡᠨ ᠴᠠᠬᠢᠯᠭᠠᠨ ᠬᠥᠳᠡᠯᠭᠡᠭᠦᠷᠲᠦ ᠰᠢᠨ᠎ᠡ ᠳᠤᠭᠤᠶ ᠲᠡᠷᠭᠡ ᠶᠢ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃ |