| | | ᠪᠣᠳᠠᠰ ᠤᠨ ᠪᠤᠰᠤ ᠰᠣᠶᠣᠯ ᠤᠨ ᠥᠪ ᠤᠨ ᠲᠣᠭᠯᠠᠯᠲᠠ ᠥᠨᠳᠥᠷ ᠳᠡᠭᠡᠷ᠎ᠡ ᠭᠢᠰᠬᠢᠨ᠎ᠡ | 2 ᠳ᠋ᠤᠭᠠᠷ ᠰᠠᠷ᠎ᠠ ᠶᠢᠨ 3 ᠤ ᠡᠳᠦᠷ 2025 ᠣᠨ ᠤ ᠬᠥᠬᠡᠬᠤᠲᠠ ᠶᠢᠨ ᠴᠠᠭᠠᠨ ᠰᠠᠷ᠎ᠠ ᠶᠢᠨ ᠰᠣᠶᠣᠯ ᠤᠨ | ᠰᠦᠮ᠎ᠡ ᠶᠢᠨ ᠴᠤᠭᠯᠠᠭᠠᠨ ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ᠶᠡᠭᠡ ᠵᠤᠤ ᠠᠭᠤᠳᠠᠮ ᠲᠠᠯᠠᠪᠠᠢ ᠳᠤ | ᠶᠠᠪᠤᠭᠳᠠᠵᠤ᠂ ᠪᠠᠶᠠᠷ ᠬᠦᠷ ᠲᠠᠢ ᠦᠯᠵᠡᠢ ᠪᠡᠯᠭᠡ ᠲᠠᠢ ᠴᠠᠭᠠᠨ ᠰᠠᠷ᠎ᠠ ᠶᠢᠨ ᠠᠭᠤᠷ ᠠᠮᠢᠰᠬᠤᠯ ᠢᠶᠠᠷ ᠪᠢᠯᠬᠠᠵᠤ᠂ | ᠬᠤᠳᠠ ᠶᠢᠨ ᠠᠷᠠᠳ ᠵᠢᠴᠢ ᠡᠯ᠎ᠡ ᠭᠠᠵᠠᠷ ᠤᠨ ᠵᠢᠭᠤᠯᠴᠢᠯᠠᠭᠰᠠᠳ ᠲᠦᠷᠪᠡᠨ ᠵᠦᠭ ᠨᠠᠢᠮᠠᠨ ᠵᠣᠪᠬᠢᠰ ᠠᠴᠠ | ᠬᠦᠷᠦᠯᠴᠡᠨ ᠢᠷᠡᠵᠦ ᠺᠠᠷᠲ ᠴᠣᠬᠢᠵᠤ᠂ ᠨᠡᠶᠢᠭᠡᠮ ᠤᠨ ᠭᠠᠯ ᠪᠠᠮᠪᠠᠷ ᠤᠨ ᠲᠣᠭᠯᠠᠯᠲᠠ ᠶᠢ ᠰᠣᠨᠢᠷᠬᠠᠵᠤ᠂ ᠪᠣᠳᠠᠰ ᠤᠨ | ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠪᠡᠶᠡᠴᠢᠯᠡᠨ ᠣᠶᠢᠯᠠᠭᠠᠵᠤ᠂ ᠤᠯᠠᠮᠵᠢᠯᠠᠯᠲᠤ ᠠᠮᠲᠠᠲᠤ ᠢᠳᠡᠭᠡᠨ ᠢ | ᠠᠮᠲᠠᠯᠠᠵᠤ ᠳᠤᠮᠳᠠᠳᠤ ᠤᠯᠤᠰ ᠤᠨ ᠠᠩᠬᠠᠳᠠᠭᠴᠢ ᠪᠣᠳᠠᠰ ᠤᠨ ᠪᠤᠰᠤ ᠰᠣᠶᠣᠯ ᠤᠨ ᠥᠪ ᠤᠨ ᠵᠢᠯ ᠠᠴᠠ | ᠠᠪᠴᠢᠷᠠᠭᠰᠠᠨ ᠥᠪᠡᠷᠮᠢᠴᠡ ᠦᠨᠦᠷ ᠠᠮᠲᠠ ᠪᠣᠯᠤᠨ ᠭᠦᠨ ᠠᠭᠤᠯᠤᠭᠳᠠᠬᠤᠨ ᠢ ᠮᠡᠳᠡᠷᠡᠪᠡ᠃ | | | | | | ᠤᠷᠠᠨ ᠰᠠᠶᠢᠬᠠᠨ ᠤ ᠲᠣᠭᠯᠠᠯᠲᠠ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠶᠠᠩᠭᠠᠷ ᠪᠥᠵᠢᠭ᠂ ᠯᠠᠨᠲᠤᠭᠠᠷ ᠬᠡᠦᠬᠡᠳ ᠵᠢᠴᠢ ᠵᠣᠣ ᠵᠢᠶᠦ᠋ᠨ ᠤ | ᠳᠦᠷᠢ ᠲᠥᠷᠬᠦ ᠲᠠᠢ ᠮᠣᠳᠣᠨ ᠬᠥᠯᠲᠦ ᠭᠢᠰᠬᠢᠭᠦᠷ ᠤᠨ ᠲᠣᠭᠯᠠᠯᠲᠠ ᠵᠡᠷᠭᠡ ᠤᠯᠠᠮᠵᠢᠯᠠᠯᠲᠤ ᠪᠣᠳᠠᠰ ᠤᠨ ᠪᠤᠰᠤ | ᠰᠣᠶᠣᠯ ᠤᠨ ᠥᠪ ᠤᠨ ᠨᠡᠶᠢᠭᠡᠮ ᠤᠨ ᠭᠠᠯ ᠪᠠᠮᠪᠠᠷ ᠤᠨ ᠲᠣᠭᠯᠠᠯᠲᠠ ᠨᠢ ᠴᠠᠭᠠᠨ ᠰᠠᠷ᠎ᠠ ᠶᠢᠨ ᠠᠭᠤᠷ ᠠᠮᠢᠰᠬᠤᠯ ᠢᠶᠠᠷ | ᠪᠢᠯᠬᠠᠵᠤ᠂ ᠤᠯᠠᠮᠵᠢᠯᠠᠯᠲᠤ ᠪᠠᠶᠠᠷ ᠤᠨ ᠡᠳᠦᠷ ᠤᠨ ᠥᠪᠡᠷᠮᠢᠴᠡ ᠷᠢᠳᠢ ᠰᠢᠳᠢ ᠶᠢ ᠢᠯᠡᠷᠡᠭᠦᠯᠵᠦ᠂ ᠦᠶ ᠣᠯᠠᠨ | ᠬᠤᠲᠠ ᠶᠢᠨ ᠠᠷᠠᠳ᠂ ᠵᠢᠭᠤᠯᠴᠢᠯᠠᠭᠴᠢᠳ ᠤᠨ ᠠᠩᠬᠠᠷᠤᠯ ᠢ ᠲᠠᠲᠠᠨ᠎ᠠ᠃ |