ᠲᠦᠷᠦᠭᠦᠬᠡᠨ ᠸᠠᠩ ᠠᠪᠠᠭ᠋ᠠᠢ ᠨᠢᠭᠡᠨ ᠠᠵᠢᠯᠲᠠᠨ ᠡᠯᠰᠡᠬᠦ ᠰᠦᠯᠵᠢᠶᠡᠨ ᠤ ᠲᠠᠪᠴᠠᠩ ᠳᠡᠭᠡᠷ᠎ᠡ ᠲᠣᠪᠴᠢ | ᠨᠠᠮᠲᠠᠷ ᠢᠶᠠᠨ ᠲᠤᠰᠢᠶᠠᠭᠰᠠᠨ ᠤ ᠲᠠᠷᠠᠭ᠎ᠠ᠂ ᠨᠢᠭᠡᠨ ᠺᠤᠮᠫᠠᠨᠢ ᠶᠢᠨ ᠦᠢᠯᠡᠴᠢᠯᠡᠭᠴᠢ ᠬᠡᠮᠡᠭᠰᠡᠨ ᠬᠥᠮᠥᠨ ᠤ ᠤᠲᠠᠰᠤ ᠶᠢ | ᠲᠤᠰᠪᠠ᠃ ᠤᠲᠠᠰᠤᠨ ᠳᠡᠭᠡᠷ᠎ᠡ᠂ ᠦᠢᠯᠡᠴᠢᠯᠡᠭᠴᠢ ᠠᠴᠠ ᠸᠠᠩ ᠠᠪᠠᠭ᠋ᠠᠢ ᠳᠤ᠂ ᠰᠦᠯᠵᠢᠶᠡᠨ ᠤ ᠨᠡᠪᠲᠡᠷᠡᠭᠦᠯᠦᠭᠴᠢ ᠳᠤ | ᠱᠠᠩᠨᠠᠯ ᠥᠭᠪᠡᠯ ᠬᠠᠷᠢᠭᠤ ᠣᠯᠭᠤᠮᠵᠢ ᠥᠭᠭᠦᠨ᠎ᠡ ᠭᠡᠪᠡ᠃ ᠲᠤᠷᠰᠢᠵᠤ ᠦᠵᠡᠶ᠎ᠡ ᠭᠡᠰᠡᠨ ᠪᠤᠳᠤᠯ ᠢᠶᠠᠷ ᠸᠠᠩ ᠠᠪᠠᠭ᠋ᠠᠢ | ᠨᠦᠭᠦᠭᠡ ᠡᠲᠡᠭᠡᠳ ᠤᠨ ᠢᠶᠠᠨ ᠱᠠᠭᠠᠷᠳᠠᠯᠭ᠎ᠠ ᠪᠠᠷ ᠨᠢᠭᠡᠨ ᠵᠣᠭᠤᠭᠳᠠᠬᠤ ᠵᠥᠭᠡᠯᠡᠨ ᠲᠤᠨᠤᠬ ᠢ ᠪᠠᠭᠤᠯᠭᠠᠨ ᠤᠭᠰᠠᠷᠠᠪᠠ᠃ | | ᠲᠠᠷᠠᠭ᠎ᠠ ᠨᠢ᠂ ᠸᠠᠩ ᠠᠪᠠᠭ᠋ᠠᠢ ᠦᠢᠯᠡᠴᠢᠯᠡᠭᠴᠢ ᠶᠢᠨ ᠵᠢᠯᠣᠭᠤᠳᠤᠯᠭ᠎ᠠ ᠪᠠᠷ᠂ ᠰᠦᠯᠵᠢᠶᠡᠨ ᠤ | ᠨᠡᠪᠲᠡᠷᠡᠭᠦᠯᠦᠭᠴᠢ ᠳᠤ ᠪᠢᠯᠧᠲ ᠥᠭᠴᠦ᠂ ᠳᠠᠷᠠᠭᠠᠯᠠᠨ ᠬᠡᠳᠦᠨ ᠡᠭᠦᠷᠭᠡ ᠶᠢ ᠪᠡᠶᠡᠯᠡᠭᠦᠯᠦᠭᠰᠡᠨ ᠤ ᠲᠠᠷᠠᠭ᠎ᠠ᠂ ᠲᠡᠷᠡ | ᠬᠠᠷᠢᠭᠤ ᠣᠯᠭᠤᠮᠵᠢ ᠣᠯᠵᠠᠢ᠃ ᠶᠠᠭ ᠡᠨᠡ ᠦᠶ᠎ᠡ ᠳᠤ᠂ ᠦᠢᠯᠡᠴᠢᠯᠡᠭᠴᠢ ᠠᠴᠠ ᠸᠠᠩ ᠠᠪᠠᠭ᠋ᠠᠢ ᠳᠤ᠂ ︽ᠣᠷᠣᠯᠠᠨ | ᠥᠭᠬᠦ ᠬᠥᠷᠥᠩᠭᠡ ᠥᠭᠪᠡᠯ ᠨᠡᠩ ᠶᠡᠭᠡ ᠠᠰᠢᠭ ᠣᠯᠵᠤ ᠪᠣᠯᠣᠨ᠎ᠠ︾ ᠭᠡᠪᠡ᠃ ᠸᠠᠩ ᠠᠪᠠᠭ᠋ᠠᠢ ᠤᠯᠠᠨ ᠶᠠᠭᠤᠮ᠎ᠠ | ᠪᠤᠳᠤᠯ ᠦᠭᠡᠢ ᠪᠠᠷ ᠨᠦᠭᠦᠭᠡ ᠡᠲᠡᠭᠡᠳ ᠤᠨ ᠢᠶᠠᠨ ᠱᠠᠭᠠᠷᠳᠠᠯᠭ᠎ᠠ ᠪᠠᠷ 10 ᠲᠦᠮᠡᠨ ᠲᠥᠭᠦᠷᠢᠭ ᠪᠡᠯᠡᠳᠬᠡᠨ | ᠬᠦᠷᠭᠡᠬᠦ ᠪᠠᠷ ᠪᠣᠯᠪᠠ᠃ ᠡᠨᠡ ᠦᠶ᠎ᠡ ᠳᠤ ᠴᠠᠭᠳᠠᠭ᠎ᠠ ᠨᠠᠷ ᠠᠴᠠ ᠰᠦᠯᠵᠢᠶᠡᠨ ᠤ ᠮᠡᠬᠡᠯᠡᠯ ᠢ ᠡᠰᠡᠷᠭᠦᠴᠡᠬᠦ | ᠰᠦᠪᠡᠭᠴᠢ ᠶᠢ ᠦᠨᠳᠦᠰᠦᠯᠡᠨ ᠸᠠᠩ ᠠᠪᠠᠭ᠋ᠠᠢ ᠶᠢᠨ ᠪᠠᠶᠢᠳᠠᠯ ᠢ ᠮᠡᠳᠡᠵᠦ᠂ ᠤᠯᠠᠨ ᠭᠠᠵᠠᠷ ᠤᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠬᠠᠮᠵᠢᠯᠴᠠᠭ᠎ᠠ ᠪᠠᠷ᠂ ᠴᠠᠭᠳᠠᠭ᠎ᠠ ᠨᠠᠷ ᠸᠠᠩ ᠠᠪᠠᠭ᠋ᠠᠢ ᠲᠠᠢ ᠬᠠᠷᠢᠯᠴᠠᠵᠤ᠂ ᠨᠠᠷᠢᠨ | ᠪᠠᠶᠢᠳᠠᠯ ᠢ ᠮᠡᠳᠡᠭᠦᠯᠬᠦ ᠪᠠᠷ ᠳᠠᠮᠵᠢᠨ᠂ ᠸᠠᠩ ᠠᠪᠠᠭ᠋ᠠᠢ ᠥᠪᠡᠷ ᠤᠨ ᠮᠡᠬᠡᠯᠡᠭᠳᠡᠭᠰᠡᠨ ᠢᠶᠠᠨ ᠣᠯᠵᠤ ᠮᠡᠳᠡᠵᠡᠢ᠃ | ᠴᠠᠭᠳᠠᠭ᠎ᠠ ᠨᠠᠷ ᠤᠨ ᠬᠠᠮᠵᠢᠯᠴᠠᠭ᠎ᠠ ᠪᠠᠷ ᠸᠠᠩ ᠠᠪᠠᠭ᠋ᠠᠢ ᠮᠡᠬᠡᠯᠡᠯ ᠤᠨ ︽ᠤᠨᠠᠭᠤᠯᠢ︾ ᠠᠴᠠ ᠵᠠᠶᠢᠯᠠᠪᠠ᠃ ︽ | ᠡᠨᠡ ᠵᠣᠭᠤᠰ ᠢ ᠪᠢ ᠰᠦᠯᠵᠢᠶᠡᠨ ᠠᠴᠠ ᠵᠢᠭᠡᠯᠡᠭᠰᠡᠨ ᠶᠤᠮ᠂ ᠶᠡᠭᠡ ᠠᠰᠢᠭ ᠣᠯᠬᠤ ᠭᠡᠵᠦ ᠰᠢᠨᠤᠬᠠᠶᠢᠷᠠᠭᠠᠳ ᠡᠰᠡᠯ᠎ᠡ | ᠮᠡᠬᠡᠯᠡᠭᠳᠡᠬᠦ ᠰᠢᠬᠠᠵᠠᠢ᠂ ᠴᠠᠭᠳᠠᠭ᠎ᠠ ᠨᠠᠷ ᠤᠨ ᠵᠣᠭᠤᠰ ᠮᠥᠩᠭᠦ ᠶᠢ ᠡᠭᠡᠭᠦᠯᠦᠨ ᠠᠪᠴᠢᠷᠠᠵᠤ ᠥᠭᠭᠦᠭᠰᠡᠨ ᠳᠤ | ᠪᠠᠶᠠᠷᠯᠠᠯ᠎ᠠ︾ ᠭᠡᠵᠦ ᠸᠠᠩ ᠠᠪᠠᠭ᠋ᠠᠢ ᠰᠡᠳᠬᠢᠯ ᠳᠣᠭᠳᠣᠯᠤᠨ ᠶᠠᠷᠢᠨ᠎ᠠ᠃ | ᠴᠠᠭᠳᠠᠭ᠎ᠠ ᠨᠠᠷ ᠠᠴᠠ᠄ ︽ᠰᠦᠯᠵᠢᠶᠡᠨ ᠳᠡᠭᠡᠷ᠎ᠡ ᠠᠵᠢᠯ ᠡᠷᠢᠬᠦ ᠳᠡᠭᠡᠨ ᠡᠷᠬᠡᠪᠰᠢ ᠠᠵᠢᠯᠲᠠᠨ ᠡᠯᠰᠡᠬᠦ ᠵᠢᠩᠬᠢᠨᠢ | ᠰᠦᠯᠵᠢᠶ᠎ᠡ ᠶᠢᠨ ᠲᠠᠪᠴᠠᠩ ᠢᠶᠠᠷ ᠲᠠᠮᠵᠢᠨ ᠠᠵᠢᠯ ᠡᠷᠢᠬᠦ ᠴᠢᠬᠤᠯᠠᠲᠠᠢ᠂ ᠠᠵᠢᠯᠲᠠᠨ ᠡᠯᠰᠡᠬᠦ ᠠᠵᠤ ᠠᠬᠤᠶᠢᠯᠠᠯ ᠤᠨ | ᠠᠯᠪᠠᠨ ᠤ ᠰᠦᠯᠵᠢᠶ᠎ᠡ᠂ ᠠᠯᠪᠠᠨ ᠤ ᠲᠠᠯ᠎ᠠ ᠶᠢᠨ ᠤᠲᠠᠰᠤ ᠵᠡᠷᠭᠡ ᠶᠢ ᠬᠠᠷᠭᠤᠭᠤᠯᠬᠤ ᠪᠠᠷ ᠲᠠᠮᠵᠢᠨ ᠦᠨᠡᠨ ᠪᠣᠳᠠᠲᠠᠢ | ᠡᠰᠡᠬᠦ ᠶᠢ ᠨᠢ ᠯᠠᠪᠯᠠᠬᠤ ᠴᠢᠬᠤᠯᠠᠲᠠᠢ᠃ ᠤᠯᠠᠨ ᠢᠶᠠᠷ ᠢᠶᠠᠨ ᠡᠯ᠎ᠡ ᠵᠦᠢᠯ ᠤᠨ ᠰᠦᠯᠵᠢᠶᠡᠨ ᠤ ᠮᠡᠬᠡᠯᠡᠯ ᠢ ᠢᠯᠭᠠᠨ | ᠲᠠᠨᠢᠬᠤ ᠮᠡᠳᠡᠯᠭᠡ ᠶᠢ ᠰᠤᠷᠤᠯᠴᠠᠨ᠂ ᠥᠪᠡᠷ ᠢ ᠪᠠᠨ ᠬᠠᠮᠠᠭᠠᠯᠠᠬᠤ ᠤᠬᠠᠮᠰᠠᠷ ᠢᠶᠠᠨ ᠳᠡᠭᠡᠭᠰᠢᠯᠡᠭᠦᠯᠪᠡᠯ ᠵᠣᠬᠢᠨ᠎ᠠ︾ | ᠭᠡᠵᠦ ᠰᠠᠨᠠᠭᠤᠯᠵᠤ ᠪᠠᠶᠢᠨ᠎ᠠ᠃ | |