2 ᠰᠠᠷ᠎ᠠ ᠶᠢᠨ 6 ᠤ ᠡᠳᠦᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠨᠠᠮ ᠤᠨ | ᠬᠤᠷᠢᠶᠠᠨ ᠤ ᠱᠦᠵᠢ᠂ ᠶᠠᠮᠤᠨ ᠤ ᠰᠠᠶᠢᠳ ᠸᠠᠩ ᠰᠢᠶᠠᠩ ᠰᠢ ᠶᠠᠮᠤᠨ ᠤ ᠨᠠᠮ ᠤᠨ ᠬᠤᠷᠢᠶᠠᠨ ᠤ ᠬᠡᠯᠲᠡᠰ ᠤᠨ | ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠳᠣᠯᠣᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠭᠤᠤᠯᠳᠠᠯᠭ᠎ᠠ ᠲᠠᠢ ᠠᠵᠢᠯ ᠪᠣᠯᠤᠨ ᠡᠬᠢᠯᠡᠯᠲᠡ ᠶᠢᠨ ᠵᠢᠯ ᠤᠨ ᠠᠮᠤᠷ ᠲᠦᠪᠰᠢᠨ ᠤ | ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠪᠠ᠃ ᠸᠠᠩ ᠰᠢᠶᠠᠩ ᠰᠢ᠂ ᠦᠵᠡᠯ ᠰᠠᠨᠠᠭ᠎ᠠ | ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ | ᠪᠣᠯᠤᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠴᠢᠷᠮᠠᠶᠢᠨ ᠠᠵᠢᠯᠯᠠᠵᠤ᠂ ᠨᠡᠩ ᠴᠢᠩᠭ᠎ᠠ ᠡᠭᠦᠷᠭᠡᠯᠡᠯ᠂ ᠨᠡᠩ | ᠢᠳᠡᠪᠬᠢᠲᠡᠢ ᠠᠵᠢᠯᠯᠠᠭ᠎ᠠ ᠪᠠᠷ ᠢᠶᠠᠨ ᠰᠢᠨ᠎ᠡ ᠨᠢᠭᠡ ᠵᠢᠯ ᠤᠨ ᠡᠯ᠎ᠡ ᠵᠦᠢᠯ ᠤᠨ ᠠᠵᠢᠯ ᠳᠤ ᠣᠷᠣᠯᠴᠠᠵᠤ᠂ ᠠᠷᠠᠳ | ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠢ ᠦᠨᠡᠨ ᠬᠦ ᠬᠠᠮᠠᠭᠠᠯᠠᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ | ᠬᠥᠭᠵᠢᠯᠲᠡ ᠳᠤ ᠦᠢᠯᠡᠴᠢᠯᠡᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠲᠠ ᠬᠤᠷᠠᠯ | ᠪᠣᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠪᠦᠬᠦᠲᠠ ᠬᠤᠷᠠᠯ ᠤᠨ ᠪᠠᠶᠢᠷᠢᠯᠠᠭᠤᠯᠤᠯᠲᠠ | ᠶᠣᠰᠣᠭᠠᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠰᠢᠰᠲ᠋ᠧᠮᠵᠢᠭᠦᠯᠦᠨ ᠪᠦᠲᠦᠭᠡᠯᠴᠢ ᠴᠢᠨᠠᠷᠲᠠᠢ ᠰᠠᠶᠢᠲᠤᠷ ᠠᠳᠬᠤᠵᠤ᠂ ᠬᠦᠨᠳᠦ ᠣᠨᠴᠠ ᠶᠡᠭᠡ | ᠠᠳᠡᠯ ᠢ ᠪᠦᠬᠦ ᠬᠦᠴᠦ ᠪᠠᠷ ᠢᠶᠠᠨ ᠰᠡᠷᠭᠡᠶᠢᠯᠡᠨ ᠬᠤᠷᠢᠭᠯᠠᠵᠤ᠂ ᠡᠯ᠎ᠡ ᠲᠦᠷᠦᠯ ᠤᠨ ᠬᠦᠨᠳᠦ ᠶᠡᠭᠡ ᠭᠠᠮᠰᠢᠭ ᠢ | ᠥᠨᠳᠥᠷ ᠪᠦᠲᠦᠮᠵᠢᠲᠡᠢ ᠠᠷᠭᠠᠴᠠᠭᠠᠵᠤ᠂ ᠪᠣᠳᠠᠲᠤ ᠠᠵᠢᠯᠯᠠᠭ᠎ᠠ ᠪᠣᠯᠤᠨ ᠪᠣᠳᠠᠲᠠᠢ ᠦᠷ᠎ᠡ ᠪᠦᠲᠦᠮᠵᠢ ᠪᠠᠷ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ | ᠬᠦᠴᠦ ᠪᠠᠨ ᠬᠠᠮᠲᠤᠳᠬᠠᠨ ᠠᠬᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠪᠠᠷ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠳᠠᠬᠢ ᠬᠦᠴᠢᠷ ᠠᠰᠠᠭᠤᠳᠠᠯ ᠢ ᠰᠢᠢᠳᠪᠦᠷᠢᠯᠡᠬᠦ ᠳᠡᠭᠡᠨ | ᠴᠢᠳᠠᠮᠠᠭᠠᠢ ᠪᠠᠶᠢᠵᠤ᠂ ᠲᠣᠭᠲᠠᠭᠰᠠᠨ ᠪᠠᠶᠢᠷᠢᠯᠠᠭᠤᠯᠤᠯᠲᠠ ᠶᠣᠰᠣᠭᠠᠷ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠬᠦᠷᠢᠶᠡᠨ ᠳᠠᠬᠢ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠣᠯᠤᠨ ᠣᠨ ᠤ | ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ | ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠬᠤᠷᠠᠯ ᠠᠴᠠ᠂ ᠥᠴᠦᠬᠡᠨ ᠴᠦ ᠰᠤᠯᠠᠷᠠᠭᠤᠯᠤᠯ ᠦᠭᠡᠢ ᠪᠠᠷ ᠵᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ | ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠠᠳᠬᠤᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ | ᠵᠣᠬᠢᠴᠠᠭᠤᠯᠤᠨ ︽ᠬᠤᠶᠠᠷ ᠵᠣᠴᠢᠨ ᠨᠢᠭᠡ ᠠᠶᠤᠯᠲᠠᠢ︾ ᠪᠠᠶᠢᠬᠤ᠂ ᠥᠪᠡᠷ ᠢᠶᠠᠨ ᠵᠢᠵᠢᠭ ᠮᠠᠰᠢᠨ ᠵᠢᠯᠣᠭᠤᠳᠬᠤ᠂ | ᠲᠠᠷᠢᠶᠠᠯᠠᠩ ᠳᠤ ᠬᠡᠷᠡᠭᠯᠡᠬᠦ ᠮᠠᠰᠢᠨ ᠲᠡᠷᠭᠡ ᠵᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠶᠡᠭᠡ | ᠮᠠᠨᠠᠨ᠂ ᠪᠣᠷᠣᠭᠠᠨ ᠴᠠᠰᠤ ᠵᠡᠷᠭᠡ ᠮᠠᠭᠤ ᠠᠭᠤᠷ ᠠᠮᠢᠰᠬᠤᠯ ᠢ ᠨᠡᠪᠲᠡᠷᠡᠭᠦᠯᠬᠦ ᠬᠠᠮᠢᠶᠠᠷᠤᠨ ᠡᠵᠡᠮᠳᠡᠬᠦ ᠠᠵᠢᠯ ᠢ | ᠰᠠᠶᠢᠲᠤᠷ ᠬᠢᠵᠦ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠪᠤᠴᠠᠬᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ | ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠮᠦᠨ᠎ᠡ ᠬᠤᠶᠢᠨᠠᠬᠢ ᠠᠮᠤᠷ ᠲᠦᠪᠰᠢᠨ ᠤ ᠠᠶᠤᠯ ᠲᠦᠭᠰᠢᠭᠦᠷᠢ ᠶᠢ | ᠭᠦᠨᠵᠡᠭᠡᠶ ᠰᠤᠳᠤᠯᠤᠨ ᠮᠠᠭᠠᠳᠯᠠᠵᠤ᠂ ᠦᠵᠡᠮᠵᠢ ᠶᠢᠨ ᠣᠷᠣᠨ ᠦᠵᠡᠮᠵᠢ ᠶᠢᠨ ᠴᠡᠭ᠂ ᠬᠥᠮᠦᠨ ᠬᠠᠷ᠎ᠠ ᠲᠥᠪᠯᠡᠷᠡᠭᠰᠡᠨ | ᠲᠠᠯᠠᠪᠤᠷ ᠭᠠᠵᠠᠷ ᠪᠣᠯᠤᠨ ᠪᠠᠷᠢᠯᠭ᠎ᠠ ᠶᠢᠨ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠵᠡᠷᠭᠡ ᠭᠠᠯ | ᠰᠡᠷᠭᠡᠶᠢᠯᠡᠬᠦ ᠠᠮᠤᠷ ᠲᠦᠪᠰᠢᠨ ᠤ ᠵᠠᠰᠠᠯᠲᠠ ᠶᠢ ᠴᠢᠩᠭᠠᠳᠬᠠᠵᠤ᠂ ᠪᠠᠷᠢᠮᠵᠢᠶ᠎ᠠ ᠠᠴᠠ ᠬᠡᠲᠦᠷᠡᠭᠰᠡᠨ ᠪᠠ ᠴᠠᠭᠠᠵᠠ ᠠᠴᠠ | ᠵᠥᠷᠢᠴᠡᠭᠰᠡᠨ ᠬᠤᠸᠠᠷ ᠫᠤᠤᠵᠢᠩ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠬᠡᠮ | ᠰᠣᠭᠤᠭ ᠢ ᠡᠷᠡᠰ ᠠᠷᠢᠯᠭᠠᠬᠤ ᠬᠡᠷᠡᠭᠲᠡᠶ᠃ ᠡᠯ᠎ᠡ ᠭᠠᠵᠠᠷ ᠤᠨ ᠬᠢᠨ ᠢ ᠵᠢᠯᠣᠭᠤᠳᠴᠤ ᠪᠠᠶᠢᠭᠠᠳ ᠠᠮᠠᠷᠠᠯᠲᠠ ᠶᠢᠨ | ᠳᠠᠷᠠᠭᠠᠬᠢ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠢ | ᠴᠢᠩᠭᠠᠳᠬᠠᠵᠤ᠂ ᠦᠢᠯᠡᠳᠪᠦᠷᠢᠯᠡᠯ ᠤᠨ ᠲᠣᠨᠣᠭᠯᠠᠯ ᠤᠨ ᠡᠪᠡᠳᠴᠢᠨ ᠲᠠᠢ ᠪᠠᠷ ᠠᠵᠢᠯᠯᠠᠬᠤ ᠵᠡᠷᠭᠡ ᠬᠦᠨᠳᠦ ᠶᠡᠭᠡ | ᠬᠡᠮ ᠰᠣᠭᠤᠭ ᠢ ᠵᠢᠭᠰᠠᠭᠠᠨ ᠪᠠᠶᠢᠴᠠᠭᠠᠬᠤ ᠬᠡᠷᠡᠭᠲᠡᠶ᠃ ᠴᠠᠭ ᠲᠤᠬᠠᠶ ᠳᠤᠨᠢ ᠰᠤᠳᠤᠯᠤᠨ ᠮᠠᠭᠠᠳᠯᠠᠵᠤ᠂ ᠡᠯ᠎ᠡ | ᠲᠥᠷᠥᠯ ᠤᠨ ᠪᠠᠶᠢᠭᠠᠯᠢ ᠶᠢᠨ ᠭᠠᠮᠰᠢᠭ ᠢ ᠬᠦᠴᠦᠲᠡᠶ ᠠᠷᠭᠠᠴᠠᠭᠠᠵᠤ᠂ ᠪᠠᠷᠠᠭᠤᠨ ᠡᠮᠦᠨᠡᠲᠦ ᠵᠡᠷᠭᠡ ᠣᠶ ᠰᠢᠭᠤᠶ ᠶᠢᠨ | ᠲᠦᠢᠮᠡᠷ ᠤᠨ ᠠᠶᠤᠯ ᠶᠡᠬᠡᠲᠡᠶ ᠭᠠᠵᠠᠷ ᠣᠷᠣᠨ ᠢ ᠴᠢᠩᠭ᠎ᠠ ᠠᠩᠬᠠᠷᠴᠤ᠂ ᠤᠷᠢᠳᠴᠢᠯᠠᠨ ᠰᠡᠷᠭᠡᠶᠢᠯᠡᠬᠦ ᠳᠡᠭᠡᠷ᠎ᠡ ᠨᠠᠩ | ᠶᠡᠭᠡ ᠬᠦᠴᠦ ᠣᠷᠣᠭᠤᠯᠵᠤ᠂ ᠵᠣᠷᠢᠭᠤᠳᠠ ᠶᠢᠨ ᠬᠦᠴᠦᠨ ᠵᠦᠢᠯ ᠠᠴᠠ ᠪᠣᠯᠵᠣ ᠣᠶ ᠰᠢᠭᠤᠶ ᠶᠢᠨ ᠲᠦᠢᠮᠡᠷ | ᠭᠠᠷᠬᠤ ᠠᠴᠠ ᠡᠷᠡᠰ ᠰᠡᠷᠭᠡᠶᠢᠯᠡᠬᠦ ᠬᠡᠷᠡᠭᠲᠡᠶ᠃ ᠪᠣᠷᠣᠭᠠᠨ ᠴᠠᠰᠤ ᠮᠥᠰᠥᠲᠦᠯ ᠤᠨ ᠭᠠᠮᠰᠢᠭ ᠢ ᠵᠥᠪᠳᠡᠯᠴᠡᠵᠦ | ᠰᠤᠳᠤᠯᠤᠨ ᠮᠠᠭᠠᠳᠯᠠᠬᠤ ᠪᠠ ᠭᠤᠣᠯᠳᠠᠯᠭ᠎ᠠ ᠲᠠᠢ ᠭᠠᠵᠠᠷ ᠣᠷᠣᠨ ᠤ ᠭᠠᠵᠠᠷ ᠬᠥᠳᠡᠯᠦᠯᠲᠡ ᠶᠢᠨ ᠪᠠᠶᠢᠳᠠᠯ ᠢ ᠬᠢᠨᠠᠨ | ᠬᠡᠮᠵᠢᠬᠦ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢᠶᠠᠨ ᠴᠢᠩᠭᠠᠳᠬᠠᠬᠤ ᠬᠡᠷᠡᠭᠲᠡᠶ᠃ | ᠬᠤᠷᠠᠯ ᠠᠴᠠ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠨᠠᠮ ᠤᠨ ᠠᠵᠢᠯ ᠵᠢᠴᠢ ᠰᠠᠬᠢᠯᠭ᠎ᠠ ᠪᠠᠲᠤ | ᠪᠠᠶᠢᠴᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠠᠮᠤᠨ ᠤ ᠰᠢᠰᠲ᠋ᠧᠮ ᠤᠨ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠭᠤᠤᠯ | ᠴᠣᠭᠴᠠ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ | ᠡᠭᠦᠳᠴᠦ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠠᠬᠢᠭᠤᠯᠵᠤ᠂ ᠲᠥᠪ | ᠴᠢᠩᠭ᠎ᠠ ᠦᠨᠳᠦᠰᠦᠨ ᠬᠥᠭ ᠠᠶᠠᠰ ᠢ ᠪᠠᠷᠢᠮᠲᠠᠯᠠᠵᠤ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ | ᠢᠯᠵᠠᠷᠠᠯ ᠢ ᠡᠰᠡᠷᠭᠦᠴᠡᠬᠦ ᠶᠢ ᠭᠦᠨᠵᠡᠭᠡᠶ ᠠᠬᠢᠭᠤᠯᠵᠤ᠂ ᠴᠢᠨᠠᠷ ᠰᠠᠶᠢᠲᠠᠶ ᠨᠠᠮ ᠤᠨ ᠪᠠᠶᠢᠭᠤᠯᠤᠯᠲᠠ ᠪᠠᠷ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠬᠡᠷᠡᠭᠲᠡᠶ | ᠭᠡᠵᠦ ᠱᠠᠭᠠᠷᠳᠠᠪᠠ᠃ | ᠬᠤᠷᠠᠯ ᠠᠴᠠ ᠤᠯᠤᠰ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠶᠢᠨ | ᠨᠠᠮ ᠤᠨ ᠬᠤᠷᠢᠶ᠎ᠠ᠂ ᠤᠯᠤᠰ ᠤᠨ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠭᠤᠷᠪᠠᠨ ᠤᠯᠤᠰ ᠤᠨ ᠲᠣᠪᠴᠢᠶ᠎ᠠ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠠᠷᠢᠬᠢ ᠲᠣᠯᠣᠭᠠᠶ ᠪᠠᠨ ᠢᠮᠠᠭᠲᠠ ᠰᠡᠷᠭᠡᠭ ᠪᠠᠶᠢᠯᠭᠠᠵᠤ᠂ ᠤᠯᠤᠰ ᠲᠥᠷᠥ ᠶᠢᠨ | ᠪᠠᠶᠢᠭᠤᠯᠤᠯᠲᠠ ᠶᠢ ᠴᠢᠩᠭ᠎ᠠ ᠠᠳᠬᠤᠬᠤ ᠶᠢ ᠰᠤᠯᠠᠷᠠᠭᠤᠯᠤᠯ ᠥᠬᠡᠶ ᠠᠳᠬᠤᠵᠤ᠂ ᠡᠭᠦᠷᠭᠡ ᠬᠠᠷᠢᠭᠤᠴᠠᠯᠭ᠎ᠠ ᠪᠠᠨ | ᠨᠠᠷᠢᠨ ᠬᠢᠨᠠᠮᠠᠭᠠᠶ ᠭᠦᠢᠴᠡᠳᠭᠡᠵᠦ ᠴᠠᠯᠠᠭᠠᠶᠢᠷᠠᠬᠤ ᠥᠬᠡᠶ ᠪᠠᠶᠢᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ | ᠵᠤᠬᠰᠤᠰᠢ ᠥᠬᠡᠶ ᠪᠠᠷᠢᠮᠲᠠᠯᠠᠵᠤ᠂ ᠨᠠᠮ ᠪᠣᠯᠤᠨ ᠠᠷᠠᠳ ᠲᠦᠮᠡᠨ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ | ᠡᠷᠡᠰ ᠰᠠᠶᠢᠲᠤᠷ ᠭᠦᠢᠴᠡᠳᠭᠡᠬᠦ ᠬᠡᠷᠡᠭᠲᠡᠶ ᠭᠡᠵᠦ ᠱᠠᠭᠠᠷᠳᠠᠪᠠ᠃ |