ᠬᠤᠶᠠᠷ ᠬᠤᠷᠠᠯ ᠤᠨ ᠠᠮᠤᠷ ᠲᠦᠪᠰᠢᠨ ᠢ ᠪᠠᠲᠦᠯᠠᠬᠤ ᠶᠢᠨ ᠵᠡᠷᠭᠡᠪᠡᠷ ᠲᠦᠮᠡᠳ ᠪᠠᠷᠠᠭᠤᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/3/10
    ᠬᠤᠶᠠᠷ ᠬᠤᠷᠠᠯ ᠤᠨ ᠬᠤᠭᠤᠴᠠᠭᠠᠨ ᠳᠠᠬᠢ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠥᠯᠥᠭᠡ᠂ ᠲᠦᠮᠡᠳ ᠪᠠᠷᠠᠭᠤᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠥᠪᠥᠷ ᠮᠣᠩᠭᠤᠯ ᠤᠨ ᠨᠣᠭᠤᠭᠠᠨ ᠡᠨᠧᠷᠭᠢ ᠶᠢᠨ ᠴᠠᠬᠢᠭᠤᠷ ᠤᠨ  ᠦᠢᠯᠡᠰ ᠤᠨ ᠬᠢᠵᠠᠭᠠᠷᠲᠤ ᠺᠣᠮᠫᠠᠨᠢ ᠳᠤ ︽ᠠᠮᠤᠷ ᠲᠦᠪᠰᠢᠨ ᠤ ᠦᠨᠡᠯᠡᠯᠲᠡ + ᠬᠠᠤᠯᠢ ᠬᠡᠷᠡᠭᠵᠢᠭᠦᠯᠦᠯᠲᠡ +  ᠦᠢᠯᠡᠴᠢᠯᠡᠭᠡ︾ ᠶᠢᠨ ᠪᠠᠶᠢᠴᠠᠭᠠᠯᠲᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠬᠤᠶᠠᠷ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠪᠠᠲᠤᠯᠠᠭ᠎ᠠ ᠬᠠᠩᠭᠠᠪᠠ᠃    ᠲᠤᠰᠬᠠᠶ ᠮᠡᠷᠭᠡᠵᠢᠯᠲᠡᠨ ᠤ ᠳᠤᠭᠤᠶᠢᠯᠠᠩ ᠮᠠᠲ᠋ᠧᠷᠢᠶᠠᠯ ᠦᠵᠡᠬᠦ᠂ ᠲᠤᠬᠠᠶ ᠶᠢᠨ ᠲᠠᠯᠠᠪᠤᠷ ᠲᠤ ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠤᠳᠤᠷᠢᠳᠤᠯᠭ᠎ᠠ ᠵᠢᠵᠢᠭᠦᠷ ᠳᠠᠭᠠᠭᠤᠯᠤᠨ ᠵᠢᠵᠢᠭᠦᠷᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠨᠥᠭᠡᠴᠡᠯᠡᠬᠦ᠂ ᠭᠤᠤᠯᠳᠠᠯᠭ᠎ᠠ ᠲᠠᠢ ᠠᠵᠢᠯ ᠤᠨ ᠪᠠᠶᠢᠷᠢ ᠶᠢᠨ ᠬᠥᠮᠦᠰ ᠦᠨᠡᠮᠯᠡᠯ ᠲᠠᠢ ᠪᠠᠶᠢᠬᠤ ᠵᠢᠴᠢ ᠠᠮᠤᠷ ᠲᠦᠪᠰᠢᠨ ᠤ ᠰᠡᠷᠭᠡᠶᠢᠯᠡᠯᠲᠡ᠂ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢᠨ ᠠᠮᠤᠷ ᠲᠦᠪᠰᠢᠨ ᠢ ᠪᠠᠲᠤᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠵᠡᠷᠭᠡ ᠲᠠᠯ᠎ᠠ ᠳᠤ ᠨᠠᠷᠢᠨ ᠨᠢᠮᠪᠠᠶ ᠬᠢᠨᠠᠨ ᠪᠠᠶᠢᠴᠠᠭᠠᠯᠲᠠ ᠬᠢᠪᠠ᠃ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠪᠠᠭᠤᠷᠠᠶ ᠭᠤᠭᠴᠤᠭ᠎ᠠ ᠳᠤ ᠴᠢᠭᠯᠡᠭᠦᠯᠦᠨ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠠᠴᠠ ᠦᠨᠡᠨ ᠬᠦ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠥᠭᠡᠷᠡᠴᠢᠯᠡᠬᠦ ᠰᠠᠨᠠᠭᠤᠯᠭ᠎ᠠ ᠳᠤᠷᠠᠳᠤᠭᠰᠠᠨ ᠪᠥᠭᠡᠳ ᠲᠤᠬᠠᠶ ᠶᠢᠨ ᠲᠠᠯᠠᠪᠤᠷ ᠲᠤ ᠠᠵᠤ ᠠᠬᠤᠶᠢᠯᠠᠯ ᠢ ᠵᠢᠯᠣᠭᠤᠳᠤᠨ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠰᠢᠯᠢᠳᠡᠭᠵᠢᠭᠦᠯᠦᠨ᠂ ᠠᠵᠢᠯᠲᠠᠨ ᠠᠵᠢᠯᠴᠢᠨ ᠤ ᠠᠮᠤᠷ ᠲᠦᠪᠰᠢᠨ ᠤ ᠪᠣᠯᠪᠠᠰᠤᠷᠠᠭᠤᠯᠤᠯ ᠢ ᠴᠢᠩᠭᠠᠳᠬᠠᠪᠠ᠃    ᠲᠣᠰ ᠤᠳᠠᠭᠠᠨ ᠤ ᠪᠠᠶᠢᠴᠠᠭᠠᠯᠲᠠ ᠪᠠᠷ ᠳᠡᠮᠵᠢᠨ᠂ ᠠᠵᠤ ᠠᠬᠤᠶᠢᠯᠠᠯ ᠢ ᠬᠠᠪᠰᠤᠷᠤᠨ ᠠᠮᠤᠷ ᠲᠦᠪᠰᠢᠨ ᠤ ᠳᠠᠯᠳᠠ ᠬᠡᠮ ᠢ ᠤᠯᠠᠮ ᠨᠢᠭᠡ ᠠᠯᠬᠤᠮ ᠢᠯᠡᠷᠡᠭᠦᠯᠵᠦ᠂ ᠪᠠᠰᠠ ᠲᠤᠰᠬᠠᠶ ᠮᠡᠷᠭᠡᠵᠢᠯ ᠤᠨ ᠰᠢᠢᠳᠪᠦᠷᠢᠯᠡᠬᠦ ᠲᠥᠰᠦᠯ ᠬᠠᠩᠭᠠᠵᠤ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠳᠤ ᠬᠦᠴᠦᠲᠡᠶ ᠪᠠᠲᠤᠯᠠᠭ᠎ᠠ ᠬᠠᠩᠭᠠᠪᠠ᠃ ᠲᠠᠷᠠᠭᠠᠴᠢ ᠶᠢᠨ ᠠᠯᠬᠤᠮ ᠳᠤ᠂ ᠲᠦᠮᠡᠳ ᠪᠠᠷᠠᠭᠤᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠵᠤ ᠠᠬᠤᠶᠢᠯᠠᠯ ᠤᠨ ᠪᠠᠭᠤᠷᠠᠶ ᠭᠤᠭᠴᠤᠭ᠎ᠠ ᠶᠢ ᠰᠠᠶᠢᠵᠢᠷᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠷᠭᠦᠯᠵᠢᠯᠡᠨ ᠮᠥᠷᠳᠡᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ︽ᠡᠷᠬᠢᠨ ᠬᠠᠷᠠᠬᠤ︾ ᠠᠵᠢᠯ ᠢ ᠵᠣᠬᠢᠶᠠᠨ ᠪᠠᠶᠢᠭᠤᠯᠵᠤ᠂ ᠬᠠᠪᠰᠤᠷᠤᠨ ᠲᠡᠳᠬᠦᠬᠦ ᠠᠵᠢᠯ ᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号