ᠰᠢᠨ᠎ᠡ ᠬᠠᠪᠤᠷ᠂ ᠰᠢᠨ᠎ᠡ ᠠᠶᠠᠨ᠂ ᠰᠢᠨ᠎ᠡ ᠡᠬᠢᠯᠡᠯ᠃ | ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠳᠤ ︽ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ | ᠦᠷᠭᠦᠯᠵᠢᠯᠡᠨ ᠭᠦᠨᠵᠡᠭᠡᠢ ᠠᠬᠢᠭᠤᠯᠬᠤ︾ ︽ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ | ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ︾ ︽︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠤᠨ | ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠴᠢᠬᠤᠯᠠ ᠦᠷ᠎ᠡ ᠪᠦᠲᠦᠭᠡᠯ ᠤᠯᠬᠤ ᠶᠢ ᠠᠬᠢᠭᠤᠯᠬᠤ︾ ᠶᠢ | ᠳᠤᠷᠠᠳᠴᠠᠢ᠃ | ᠡᠨᠡᠬᠦ ᠨᠣᠮᠢᠨ ᠨᠣᠭᠤᠭᠠᠨ᠂ ᠬᠥᠬᠡᠮᠳᠦᠭ ᠴᠡᠩᠬᠡᠷ᠂ ᠠᠷᠢᠭᠤᠨ ᠴᠡᠪᠡᠷ ᠢ ᠰᠠᠶᠢᠲᠤᠷ ᠰᠠᠬᠢᠨ ᠬᠠᠮᠠᠭᠠᠯᠠᠬᠤ ᠪᠣᠯ | ᠥᠪᠥᠷ ᠮᠣᠩᠭᠤᠯ ᠤᠨ ᠬᠤᠪᠢᠷᠠᠰᠢ ᠦᠭᠡᠢ ᠤᠭ ᠰᠠᠨᠠᠭ᠎ᠠ ᠪᠣᠯᠤᠨ᠎ᠠ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ ᠮᠥᠨ ᠴᠦ ᠬᠤᠶᠠᠷ ᠬᠤᠷᠠᠯ ᠤᠨ | ᠬᠤᠭᠤᠴᠠᠭᠠᠨ ᠳᠠᠬᠢ ᠲᠥᠯᠥᠭᠡᠯᠡᠭᠴᠢᠳ ᠭᠡᠰᠢᠭᠦᠳ ᠤᠨ ᠬᠠᠯᠠᠭᠤᠨ ᠢᠶᠠᠷ ᠶᠠᠷᠢᠯᠴᠠᠵᠤ ᠪᠠᠶᠢᠭᠰᠠᠨ ᠶᠠᠷᠢᠶᠠᠨ ᠤ ᠰᠡᠳᠦᠪ | ᠪᠣᠯᠤᠨ᠎ᠠ᠃ | ︽ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠤᠯᠬᠤ ᠪᠣᠯ ᠶᠡᠷᠦᠩᠬᠡᠢ | ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠤᠨ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠪᠠᠶᠢᠷᠢᠯᠠᠭᠤᠯᠤᠭᠰᠠᠨ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠨᠢᠭᠡ | ᠪᠣᠯᠤᠨ᠎ᠠ᠂ ︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠢ ︿ᠠᠷᠠᠳ ᠢ ᠪᠠᠶᠠᠵᠢᠭᠤᠯᠬᠤ ᠢᠨᠵᠧᠨᠧᠷᠢᠩ﹀ | ᠪᠣᠯᠭᠠᠵᠤ᠂ ᠠᠵᠤ ᠠᠬᠤᠶᠢᠯᠠᠯ ᠢ ᠬᠦᠳᠦᠯᠥᠨ ᠳᠠᠭᠠᠭᠤᠯᠵᠤ ᠤᠢᠢᠷ᠎ᠠ ᠬᠠᠪᠢ ᠳᠠᠭᠠᠨ ᠲᠤᠬᠠᠢ ᠶᠢᠨ ᠭᠠᠵᠠᠷ ᠲᠤᠨᠢ | ᠠᠵᠢᠯᠴᠢᠨ ᠬᠡᠷᠡᠭᠯᠡᠵᠦ᠂ ᠤᠯᠠᠨ ᠲᠦᠮᠡᠨ ᠤ ᠣᠷᠣᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠬᠦ ᠪᠠᠷ ᠴᠢᠷᠮᠠᠶᠢᠬᠤ | ᠬᠡᠷᠡᠭᠲᠡᠢ᠃ ᠬᠡᠷᠬᠢᠨ ᠠᠮᠢ ᠠᠬᠤᠶ ᠶᠢᠨ ᠲᠠᠩᠰᠠ ᠶᠢ ᠪᠤᠳᠤᠬᠤ ᠮᠥᠷᠲᠡᠭᠡᠨ ᠪᠠᠰᠠ ᠠᠵᠤ ᠠᠬᠤᠶ ᠶᠢᠨ ᠲᠠᠩᠰᠠ ᠶᠢ | ᠪᠤᠳᠤᠵᠤ᠂ ᠡᠯᠡᠰᠦ ᠶᠢ ᠵᠠᠰᠠᠵᠤ ᠪᠠᠶᠠᠵᠢᠨ ᠴᠢᠨᠡᠭᠡᠯᠢᠭᠵᠢᠬᠦ ᠶᠢ ᠪᠡᠶᠡᠯᠡᠭᠦᠯᠬᠦ ᠲᠤᠬᠠᠶ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ | ᠰᠤᠷᠭᠠᠭᠤᠯᠢ ᠶᠢᠨ ᠠᠵᠤ ᠠᠬᠤᠶ ᠶᠢᠨ ᠳᠡᠭᠡᠳᠦ ᠰᠤᠷᠭᠠᠭᠤᠯᠢ ᠶᠢᠨ ᠵᠠᠬᠢᠷᠤᠯ ᠴᠧᠨ ᠠᠶ ᠰᠢᠤᠸᠠᠢ ᠭᠦᠨᠵᠡᠭᠡᠶ | ᠪᠣᠳᠣᠯᠬᠢᠯᠠᠪᠠ᠃ ᠲᠡᠭᠦᠨ ᠤ ᠦᠵᠡᠬᠦ ᠪᠠᠷ᠂ ︽ᠵᠠᠮ ᠢᠶᠠᠷ ᠡᠯᠡᠰᠦ ᠶᠢ ᠵᠠᠰᠠᠬᠤ︾᠂ ︽ᠠᠵᠢᠯ ᠣᠯᠭᠤᠬᠤ ᠪᠠᠷ | ᠲᠡᠳᠬᠦᠮᠵᠢ ᠶᠢ ᠣᠷᠣᠯᠠᠭᠤᠯᠬᠤ︾ ᠵᠡᠷᠭᠡ ᠪᠣᠯ ᠴᠥᠮ ᠡᠯᠡᠰᠦ ᠶᠢ ᠰᠡᠷᠭᠡᠶᠢᠯᠡᠨ ᠪᠠᠶᠠᠵᠢᠬᠤ ᠰᠠᠶᠢᠨ ᠵᠠᠭᠪᠤᠷ ᠮᠥᠨ᠂ | ᠪᠠᠰᠠ ᠲᠤᠬᠠᠶ ᠶᠢᠨ ᠭᠠᠵᠠᠷ ᠤᠨ ᠣᠨᠴᠠᠯᠢᠭ ᠪᠥᠬᠦᠶ ᠣᠶ ᠰᠢᠭᠤᠶ ᠵᠢᠮᠢᠰ ᠤᠨ ᠠᠵᠤ ᠦᠢᠯᠡᠰ ᠢ ᠲᠤᠬᠠᠶ ᠶᠢᠨ | ᠭᠠᠵᠠᠷ ᠲᠤᠨᠢ ᠲᠣᠬᠢᠷᠠᠭᠤᠯᠤᠨ ᠬᠥᠭᠵᠢᠭᠦᠯᠵᠦ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠶᠢᠨ ᠬᠠᠮᠲᠤ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ ᠪᠣᠯᠤᠨ᠎ᠠ᠃ | ᠤᠰᠤ ᠪᠣᠯ ᠠᠮᠢ ᠨᠠᠰᠤᠨ ᠤ ᠡᠬᠢ᠂ ᠦᠢᠯᠡᠳᠪᠦᠷᠢᠯᠡᠯ ᠤᠨ ᠴᠢᠬᠤᠯᠠ ᠵᠦᠢᠯ᠂ ᠠᠮᠢ ᠠᠬᠤᠶ ᠶᠢᠨ ᠰᠠᠭᠤᠷᠢ | ᠮᠥᠨ᠃ ︽ᠡᠨᠡ ᠵᠢᠯ ᠠᠴᠠ ᠨᠠᠭᠠᠰᠢ ᠪᠢᠳᠡ ᠤᠰᠤ ᠠᠷᠪᠢᠯᠠᠬᠤ ᠠᠵᠢᠯᠯᠠᠭ᠎ᠠ ᠶᠢ ᠪᠥᠬᠦ ᠬᠦᠴᠦ ᠪᠠᠷ ᠢᠶᠠᠨ ᠠᠬᠢᠭᠤᠯᠵᠤ | ᠂ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ | ᠲᠥᠰᠦᠯ﹀ ᠢ ᠲᠤᠭᠤᠷᠪᠢᠨ ᠲᠣᠭᠲᠠᠭᠠᠭᠰᠠᠨ ᠪᠥᠭᠡᠳ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ︔ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ | ᠲᠠᠲᠠᠬᠤ ᠶᠢ ᠶᠡᠷᠦᠩᠬᠡᠶᠢᠯᠡᠨ ᠵᠠᠰᠠᠬᠤ ᠠᠵᠢᠯ ᠤᠨ ᠭᠤᠤᠯᠳᠠᠯᠭ᠎ᠠ︾ ᠶᠢ ᠳᠠᠷᠤᠮᠠᠯᠯᠠᠨ ᠲᠠᠷᠬᠠᠭᠠᠵᠤ᠂ 15 ᠵᠦᠢᠯ ᠤᠨ | ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠪᠠᠶᠢᠷᠢᠯᠠᠭᠤᠯᠤᠭᠰᠠᠨ ᠤ ᠬᠠᠮᠲᠤ᠂ ᠭᠠᠵᠠᠷ ᠳᠤᠤᠷᠠᠬᠢ ᠤᠰᠤᠨ ᠤ | ᠲᠦᠪᠰᠢᠨ ᠢᠯᠡᠳᠲᠡ ᠳᠣᠷᠣᠭᠰᠢᠯᠠᠭᠰᠠᠨ ᠣᠷᠣᠨ ᠪᠦᠰᠡ ᠶᠢᠨ ᠲᠤᠰᠬᠠᠶ ᠰᠡᠳᠦᠪᠲᠦ ᠵᠥᠪᠳᠡᠯᠴᠡᠬᠦ ᠬᠤᠷᠠᠯ ᠢ | ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠡᠲᠦᠷᠡᠲᠡᠯ᠎ᠡ ᠠᠪᠤᠭᠰᠠᠨ ᠣᠷᠣᠨ ᠤ ᠵᠠᠰᠠᠯᠲᠠ ᠶᠢᠨ ᠠᠷᠭ᠎ᠠ ᠬᠡᠮᠵᠢᠶ᠎ᠡ ᠶᠢ | ᠪᠣᠳᠠᠲᠠᠶᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠪᠠ᠃ ᠪᠥᠬᠦ ᠤᠯᠤᠰ ᠤᠨ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠤᠨ ᠳᠡᠳ᠋ ᠳᠠᠷᠤᠭ᠎ᠠ ᠯᠢ ᠪᠢᠨ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ ︽ᠬᠠᠮᠢᠶᠠᠷᠬᠤ᠂ | ᠠᠷᠪᠢᠯᠠᠬᠤ᠂ ᠵᠠᠰᠠᠬᠤ᠂ ᠨᠡᠮᠡᠭᠳᠡᠭᠦᠯᠬᠦ᠂ ᠥᠭᠡᠷᠡᠴᠢᠯᠡᠬᠦ︾ ᠲᠠᠪᠤᠨ ᠲᠠᠯ᠎ᠠ ᠪᠠᠷ ᠬᠠᠮᠵᠢᠯᠴᠠᠨ ᠬᠦᠴᠦᠯᠡᠵᠦ᠂ ᠤᠰᠤᠨ ᠤ | ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠬᠢᠷᠢ ᠲᠦᠪᠰᠢᠨ ᠢ ᠪᠥᠬᠦ ᠬᠦᠴᠦᠨ ᠢᠶᠠᠷ ᠢᠶᠠᠨ | ᠳᠡᠭᠡᠭᠰᠢᠯᠡᠭᠦᠯᠦᠨ᠎ᠡ ᠭᠡᠵᠡᠶ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠡᠨᠧᠷᠭᠢ ᠣᠯᠭᠤᠵᠤ᠂ ᠴᠢᠨᠠᠷ ᠰᠠᠶᠢᠲᠠᠶ ᠬᠥᠭᠵᠢᠯᠲᠡ ᠶᠢᠨ ᠠᠮᠢ | ᠠᠬᠤᠶ ᠶᠢᠨ ᠰᠠᠭᠤᠷᠢ ᠶᠢ ᠵᠤᠵᠠᠭᠠᠳᠬᠠᠨ᠎ᠠ᠃ ︽ᠪᠢᠳᠡ ᠡᠪᠡᠰᠦᠨ ᠤ ᠦᠷ᠎ᠡ ᠶᠢ ᠰᠣᠩᠭᠤᠨ ᠪᠤᠶᠢᠵᠢᠭᠤᠯᠬᠤ᠂ ᠠᠮᠢ | ᠠᠬᠤᠶ ᠶᠢ ᠰᠡᠷᠭᠦᠭᠡᠬᠦ᠂ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠵᠡᠷᠭᠡ ᠲᠠᠯ᠎ᠠ ᠪᠠᠷ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠳᠡᠮᠵᠢᠨ᠂ ᠣᠳᠣᠬᠠᠨ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ | ᠰᠢᠢᠳᠪᠦᠷᠢᠯᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠨᠢ ᠪᠣᠬᠢᠷᠲᠤᠯ ᠦᠭᠡᠢ ᠬᠥᠭᠵᠢᠯᠲᠡ ᠳᠤ | ᠬᠦᠴᠦᠨ ᠨᠡᠮᠡᠷᠢᠯᠡᠵᠦ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ | ᠮᠤᠩ ᠼᠤᠤ ᠠᠮᠢ ᠠᠬᠤᠢ ᠶᠢᠨ ᠡᠭᠦᠳᠦᠭᠴᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠶᠡᠷᠦᠩᠬᠡᠢ ᠬᠠᠷᠢᠭᠤᠴᠠᠯᠭᠠᠲᠠᠨ | ᠸᠠᠩ ᠵᠤᠤ ᠮᠢᠩ ᠢᠲᠡᠭᠡᠯ ᠲᠡᠭᠦᠯᠳᠡᠷ ᠪᠠᠶᠢᠨ᠎ᠠ᠃ ᠲᠡᠷᠡ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ | ᠡᠭᠦᠳᠬᠦ ᠶᠢ ᠪᠣᠬᠢᠷᠲᠤᠯ ᠦᠭᠡᠢ ᠠᠵᠤ ᠦᠢᠯᠡᠰ ᠤᠨ ᠬᠡᠯᠬᠢ᠊ ᠡᠶ᠎ᠡ ᠶᠢᠨ ᠬᠥᠭᠵᠢᠯᠲᠡ ᠳᠤᠮᠳᠠ ᠴᠢᠷᠮᠠᠶᠢᠨ ᠬᠡᠷᠡᠭᠯᠡᠵᠦ᠂ | ︽ᠦᠷ᠎ᠡ ᠶᠢᠨ ᠡᠬᠢ ᠪᠠᠶᠠᠯᠢᠭ + ᠠᠮᠢ ᠠᠬᠤᠢ ᠶᠢᠨ ᠲᠤᠮᠤ ᠳ᠋ᠠᠶᠢᠲ᠋ᠠ︾ ᠶᠢᠨ ᠭᠤᠣᠯᠯᠠᠭᠴᠢ ᠮᠡᠷᠭᠡᠵᠢᠯ ᠤᠨ ᠵᠠᠭᠪᠤᠷ ᠢ | ᠢᠳᠡᠪᠬᠢᠲᠡᠢ ᠰᠦᠪᠡᠭᠴᠢᠯᠡᠨ ᠠᠮᠢ ᠠᠬᠤᠢ ᠣᠷᠴᠢᠨ ᠲᠣᠭᠤᠷᠢᠨ ᠢ ᠵᠠᠰᠠᠵᠤ᠂ ᠠᠮᠢ ᠠᠬᠤᠢ ᠶᠢᠨ ᠬᠠᠮᠢᠶᠠᠷᠤᠯᠲᠠ ᠶᠢᠨ | ᠤᠶᠤᠨᠴᠢᠯᠠᠬᠰᠠᠨ ᠲᠦᠪᠰᠢᠨ ᠢ ᠳᠡᠭᠡᠭᠰᠢᠯᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠨᠡᠩ | ᠥᠨᠳᠥᠷ ᠪᠦᠲᠦᠮᠵᠢᠲᠡᠢ᠂ ᠨᠡᠩ ᠣᠨᠣᠴᠠᠲᠠᠢ᠂ ᠨᠡᠩ ᠰᠢᠨᠵᠢᠯᠡᠬᠦ ᠤᠬᠠᠭᠠᠨᠴᠢ ᠪᠣᠯᠭᠠᠬᠤ ᠬᠡᠷᠡᠭᠲᠡᠢ ᠭᠡᠵᠦ ᠢᠯᠡᠳᠬᠡᠪᠡ᠃ | | ᠰᠢᠨ᠎ᠡ ᠠᠶᠠᠨ ᠢᠶᠠᠨ ᠡᠬᠢᠯᠡᠭᠦᠯᠵᠦ᠂ ᠢᠲᠡᠭᠡᠯ ᠲᠡᠭᠦᠯᠳᠡᠷ ᠢᠶᠠᠷ ᠢᠷᠡᠭᠡᠳᠦᠢ ᠵᠦᠭ ᠤᠷᠤᠭᠰᠢᠯᠠᠨ᠎ᠠ᠃ ᠥᠪᠥᠷ | ᠮᠣᠩᠭᠤᠯ ︽ᠤᠯᠤᠰ ᠤᠨ ᠶᠡᠭᠡ ᠲᠠᠯ᠎ᠠ︾ ᠶᠢ ᠢᠮᠠᠭᠲᠠ ᠪᠠᠲᠤ ᠴᠡᠭᠡᠵᠢᠯᠡᠵᠦ᠂ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠪᠡ᠃ |