ᠲᠦᠷᠦᠭᠦᠬᠡᠨ᠂ ᠰᠤᠷᠪᠤᠯᠵᠢᠯᠠᠭᠴᠢ ᠪᠥᠬᠦ ᠬᠤᠲᠠ ᠶᠢᠨ ᠠᠷᠠᠳ ᠤᠨ ᠵᠥᠪᠯᠡᠯ ᠤᠨ ᠡᠷᠬᠢᠯᠡᠭᠴᠢ ᠶᠢᠨ ᠬᠤᠷᠠᠯ ᠠᠴᠠ | ᠣᠶᠢᠯᠠᠭᠠᠭᠰᠠᠨ ᠢᠶᠠᠷ᠂ ᠮᠠᠨ ᠤ ᠬᠤᠲᠠ ᠡᠨᠡ ᠵᠢᠯ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠬᠤ︾ ᠬᠠᠷᠠᠯᠲᠠ ᠡᠭᠦᠷᠭᠡ ᠶᠢ | ᠲᠣᠭᠲᠠᠭᠠᠵᠤ᠂ ︽ᠳᠥᠷᠪᠡ ᠶᠢ ᠲᠠᠰ ᠳᠡᠪᠰᠢᠭᠦᠯᠬᠦ︾ ᠪᠣᠳᠠᠲᠠᠶ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠨ᠂ ︽ | ᠬᠠᠷᠢᠯᠴᠠᠨ ᠠᠭᠤᠰᠤᠯᠴᠠᠭᠤᠯᠵᠤ ᠬᠠᠷᠢᠯᠴᠠᠨ ᠬᠥᠭᠵᠢᠭᠦᠯᠬᠦ ᠪᠠ ᠬᠠᠮᠲᠤ ᠪᠠᠷ ᠴᠡᠴᠡᠭᠯᠡᠨ ᠬᠥᠭᠵᠢᠬᠦ︾ ᠪᠠ ᠡᠭᠦᠳᠦᠨ | ᠪᠠᠶᠢᠭᠤᠯᠬᠤ ᠭᠤᠤᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ︽8 + N ᠳᠠᠪᠰᠢᠯᠲᠠ︾ ᠶᠢᠨ ᠨᠡᠶᠢᠲᠡᠯᠢᠭ | ᠴᠢᠨᠠᠷ᠂ ᠥᠷᠭᠡᠨ ᠳᠡᠯᠭᠡᠷ ᠴᠢᠨᠠᠷ ᠢ ᠳᠣᠪᠤᠶᠢᠯᠭᠠᠨ᠂ ︽ᠨᠢᠭᠡ ᠣᠨᠴᠠᠯᠢᠭ ᠣᠷᠣᠭᠤᠯᠵᠤ ᠨᠢᠭᠡ ᠨᠡᠷᠡᠲᠦ ᠲᠡᠮᠳᠡᠭ | ᠣᠷᠣᠭᠤᠯᠬᠤ︾ ᠰᠡᠳᠬᠢᠮᠵᠢ ᠶᠣᠰᠣᠭᠠᠷ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ | ᠬᠤᠤᠰ ᠵᠠᠭᠤᠨ ᠤ ᠢᠨᠵᠧᠨᠧᠷᠢᠩ︾ ᠢ ᠬᠡᠷᠡᠭᠵᠢᠭᠦᠯᠵᠦ᠂ ᠵᠢᠯ ᠤᠨ ᠳᠣᠲᠣᠷ᠎ᠠ 100 ᠠᠨᠠᠷ ᠤᠨ ᠦᠷ᠎ᠡ ᠶᠢ ᠡᠭᠦᠳᠦᠨ | ᠪᠠᠶᠢᠭᠤᠯᠬᠤ ᠠᠵᠢᠯ ᠤᠨ ᠨᠠᠷᠠᠲᠤ ᠲᠡᠮᠳᠡᠭ ᠢ ᠪᠣᠶ ᠪᠣᠯᠭᠠᠵᠤ᠂ ᠡᠭᠦᠳᠦᠨ ᠪᠠᠶᠢᠭᠤᠯᠬᠤ ᠠᠵᠢᠯ ᠤᠨ ︽ᠨᠠᠷᠢᠯᠢᠭ ᠳᠠᠷᠢᠵᠤ | ᠨᠠᠷᠢᠯᠢᠭ ᠠᠷᠠᠴᠢᠯᠠᠬᠤ︾᠂ ︽ᠨᠠᠷᠢᠯᠢᠭ ᠣᠨᠣᠴᠠᠲᠠᠶ ᠪᠠᠷ ᠳᠤᠰᠤᠯᠭᠠᠨ ᠤᠰᠤᠯᠠᠬᠤ︾ ᠶᠢ ᠠᠬᠢᠭᠤᠯᠵᠤ᠂ ᠣᠷᠣᠨ | ᠪᠦᠰᠡ ᠪᠠ ᠰᠠᠯᠠᠭ᠎ᠠ ᠮᠥᠴᠢᠷ ᠠᠯᠤᠰᠯᠠᠨ ᠬᠠᠮᠵᠢᠯᠴᠠᠵᠤ ᠬᠠᠮᠲᠤ ᠪᠠᠷ ᠪᠠᠶᠢᠭᠤᠯᠬᠤ ᠲᠣᠭᠲᠠᠴᠠ ᠶᠢ ᠢᠳᠡᠪᠬᠢᠲᠡᠶ | ᠪᠠᠶᠢᠭᠤᠯᠤᠨ ᠲᠡᠭᠦᠯᠳᠡᠷᠵᠢᠭᠦᠯᠵᠦ᠂ ᠡᠭᠦᠳᠦᠨ ᠪᠠᠶᠢᠭᠤᠯᠬᠤ ᠠᠵᠢᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ | ᠲᠣᠭᠲᠠᠴᠠ ᠶᠢ ᠬᠠᠮᠲᠤ ᠪᠠᠷ ᠪᠠᠶᠢᠭᠤᠯᠬᠤ᠂ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠭᠦᠯᠬᠦ ᠶᠢ ᠪᠡᠶᠡᠯᠡᠭᠦᠯᠵᠦ᠂ ︽ | ᠨᠢᠭᠡ ᠭᠠᠵᠠᠷ ᠣᠷᠣᠨ ᠤ ᠰᠢᠨ᠎ᠡ ᠶᠢ ᠡᠭᠦᠳᠬᠦ︾ ᠠᠴᠠ ︽ᠪᠥᠬᠦ ᠣᠷᠣᠨ ᠪᠦᠰᠡ ᠶᠢᠨ ᠳᠡᠭᠡᠭᠰᠢᠯᠡᠯᠲᠡ︾ ᠳᠠᠰᠢ | ᠳᠠᠪᠰᠢᠬᠤ ᠶᠢ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠤᠨᠤᠯ ᠤᠨ ᠰᠤᠳᠤᠯᠭᠠᠨ ᠢ ᠬᠦᠴᠦᠯᠡᠨ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠤᠶᠤᠨ ᠰᠠᠨᠠᠭᠠᠨ ᠤ ᠭᠡᠷ ᠣᠷᠣᠨ ᠢ ᠪᠦᠬᠦ ᠲᠠᠯ᠎ᠠ ᠪᠠᠷ ᠪᠠᠶᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ | ᠣᠳᠣᠬᠢᠴᠢᠯᠠᠯᠲᠠ ᠲᠡᠶᠢᠰᠢ ᠤᠷᠤᠭᠰᠢᠯᠠᠬᠤ ᠶᠢ ᠢᠳᠡᠪᠬᠢᠲᠡᠢ ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠢ ᠲᠠᠰᠤᠷᠠᠯᠳᠠ ᠦᠭᠡᠢ ᠠᠬᠢᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠤᠨ | ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠪᠦᠲᠦᠮᠵᠢᠲᠡᠢ | ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠭᠰᠠᠨ | ᠲᠦᠩᠯᠢᠶᠣᠤ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠦᠨᠳᠦᠰᠦᠲᠡᠨ ᠤ ᠠᠵᠢᠯ ᠤᠨ ᠬᠦᠴᠦᠨ ᠴᠢᠳᠠᠯ ᠢᠶᠠᠨ | ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ |