3 ᠳ᠋ᠤᠭᠠᠷ ᠰᠠᠷ᠎ᠠ ᠶᠢᠨ 6 ᠤ ᠡᠳᠦᠷ᠂ ᠬᠥᠬᠡᠬᠤᠲᠠ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠬᠤᠷᠠᠯ ᠠᠴᠠ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠶᠠᠮᠤᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ 2025 ᠣᠨ ᠤ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ | ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ 2024 ᠣᠨ ᠤ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠠᠵᠢᠯ ᠢ ᠳ᠋ᠦᠩᠨᠡᠵᠦ᠂ ᠣᠳᠣᠬᠠᠨ ᠤ ᠲᠤᠯᠭᠠᠷᠠᠵᠤ ᠪᠠᠶᠢᠭ᠎ᠠ ᠪᠠᠶᠢᠳᠠᠯ ᠢ ᠵᠠᠳᠠᠯᠵᠤ᠂ 2025 ᠣᠨ ᠤ ᠪᠥᠬᠦ | ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠭᠤᠤᠯᠳᠠᠯᠭ᠎ᠠ ᠲᠠᠢ ᠡᠭᠦᠷᠭᠡ ᠵᠢᠴᠢ 2025 | ᠣᠨ ᠤ ᠪᠥᠬᠦ ᠬᠤᠲᠠ ᠶᠢᠨ ᠭᠠᠯ ᠰᠡᠷᠭᠡᠶᠢᠯᠡᠬᠦ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ | ᠂ ᠲᠣᠪᠴᠢᠶᠠᠨ ᠳᠠᠷᠤᠭ᠎ᠠ ᠬᠠᠨ ᠸᠧᠨ ᠰᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | | | | ᠬᠤᠷᠠᠯ ᠠᠴᠠ᠂ 2024 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠪᠦᠬᠦ ᠬᠤᠲᠠ ᠶᠢᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠬᠦ | ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠠᠪᠤᠷᠠᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠳᠦᠷᠢᠮ ᠲᠣᠭᠲᠠᠴᠠ ᠡᠳᠦᠷ ᠢᠷᠡᠬᠦᠶ᠎ᠡ ᠲᠡᠭᠦᠯᠳᠡᠷᠵᠢᠵᠦ᠂ ᠤᠬᠠᠭᠤᠯᠭ᠎ᠠ ᠬᠥᠮᠦᠵᠢᠯ ᠤᠨ ᠠᠭᠤᠷ ᠠᠮᠢᠰᠬᠤᠯ ᠤᠯᠠᠮ | ᠥᠳᠬᠡᠨ ᠵᠤᠵᠠᠭᠠᠨ ᠪᠣᠯᠪᠠ᠃ ᠪᠥᠬᠦ ᠵᠢᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠤᠭᠰᠠᠨ | ᠲᠤᠭ᠎ᠠ ᠪᠠ ᠠᠳᠡᠭᠰᠡᠨ ᠬᠥᠮᠦᠨ ᠤ ᠲᠤᠭ᠎ᠠ ︽ᠬᠤᠤᠰ ᠢᠶᠠᠷ ᠪᠠᠭᠤᠷᠠᠬᠤ︾ ᠶᠢ ᠪᠠᠲᠤᠯᠠᠵᠤ᠂ ᠠᠳᠠᠯᠢ | ᠬᠤᠭᠤᠴᠠᠭᠠᠨ ᠤ ᠬᠢ ᠠᠴᠠ ᠲᠣᠰ ᠲᠣᠰ 7 . 5 % ᠪᠠᠷ ᠪᠠᠭᠤᠷᠠᠵᠤ᠂ 5 . 4 % ᠪᠠᠷ ᠪᠠᠭᠤᠷᠠᠵᠤ᠂ | ᠪᠠᠶᠢᠭᠠᠯᠢ ᠶᠢᠨ ᠭᠠᠮᠰᠢᠭ ᠠᠴᠠ ᠪᠣᠯᠵᠣ ᠠᠳᠡᠭᠰᠡᠨ ᠬᠥᠮᠦᠨ ᠤ ᠲᠤᠭ᠎ᠠ ᠠᠳᠠᠯᠢ ᠬᠤᠭᠤᠴᠠᠭᠠᠨ ᠤ ᠬᠢ ᠠᠴᠠ 33 . 3 | % ᠪᠠᠷ ᠪᠠᠭᠤᠷᠠᠵᠤ᠂ ᠠᠶᠤᠯ ᠥᠬᠡᠶ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠪᠠᠶᠢᠳᠠᠯ ᠲᠣᠭᠲᠠᠭᠤᠨ ᠢᠶᠠᠷ ᠰᠠᠶᠢᠵᠢᠷᠠᠬᠤ ᠬᠠᠨᠳᠤᠰᠢ ᠪᠠᠨ ᠪᠠᠲᠤᠯᠠᠪᠠ᠃ | ᠬᠤᠷᠠᠯ ᠠᠴᠠ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠰᠡᠭᠦᠯ ᠬᠤᠷᠢᠶᠠᠬᠤ ᠵᠢᠯ ᠪᠣᠯᠤᠨ᠎ᠠ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ | ᠲᠥᠯᠥᠪᠵᠢᠭᠦᠯᠬᠦ ᠡᠬᠢᠯᠡᠯᠲᠡ ᠶᠢᠨ ᠵᠢᠯ ᠪᠣᠯᠤᠨ᠎ᠠ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ | ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠪᠣᠯᠤᠨ᠎ᠠ᠃ ᠪᠦᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠰᠢᠰᠲ᠋ᠧᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠬᠤ ᠬᠡᠷᠡᠭᠲᠡᠶ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠪᠦᠬᠦ | ᠲᠠᠯ᠎ᠠ ᠪᠠᠷ ᠲᠤᠭᠤᠰᠢᠯᠠᠭᠤᠯᠬᠤ ᠬᠡᠷᠡᠭᠲᠡᠢ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠢᠩᠬᠢᠮ ᠪᠣᠯᠤᠨ ᠬᠤᠲᠠ ᠶᠢᠨ ᠨᠠᠮ ᠤᠨ ᠬᠤᠷᠢᠶ᠎ᠠ ᠶᠢ ᠬᠢᠨᠠᠮᠠᠭᠠᠶ ᠲᠤᠤᠱᠯᠠᠭᠤᠯᠬᠤ ᠬᠡᠷᠡᠭᠲᠡᠶ᠂ | ᠬᠤᠲᠠ ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ | ᠪᠣᠯᠭᠠᠨ᠎ᠠ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ᠂ ᠠᠮᠢ ᠨᠠᠰᠤ ᠡᠷᠬᠢᠮ ᠳᠡᠭᠡᠳᠦ᠂ ᠬᠥᠭᠵᠢᠯᠲᠡ ᠪᠠ | ᠠᠮᠤᠷ ᠲᠦᠪᠰᠢᠨ ᠢ ᠨᠢᠭᠡᠳᠦᠯᠲᠡᠶ ᠲᠥᠯᠥᠪᠯᠡᠬᠦ ᠶᠢ ᠪᠠᠷᠢᠮᠲᠠᠯᠠᠨ᠎ᠠ᠂ ᠬᠦᠨᠳᠦ ᠶᠡᠭᠡ ᠠᠮᠤᠷ ᠲᠦᠪᠰᠢᠨ ᠤ ᠠᠶᠤᠯ | ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠨ᠎ᠠ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠰᠢᠰᠲ᠋ᠧᠮᠵᠢ ᠪᠣᠯᠤᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ᠂ | ᠲᠤᠯᠤᠭᠠᠨ ᠲᠠᠯ᠎ᠠ ᠶᠢᠨ 60 ᠵᠦᠢᠯ ᠤᠨ ᠭᠤᠤᠯᠳᠠᠯᠭ᠎ᠠ ᠲᠠᠢ ᠠᠵᠢᠯ ᠢ ᠥᠨᠳᠥᠷ ᠪᠦᠲᠦᠮᠵᠢᠲᠡᠶ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠂ ᠣᠷᠣᠨ ᠤ ᠲᠥᠪ ᠤᠨ ᠴᠢᠨᠠᠷ ᠰᠠᠶᠢᠲᠠᠶ ᠬᠥᠭᠵᠢᠯᠲᠡ ᠳᠤ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠨ᠎ᠡ ᠬᠤᠪᠢ ᠨᠡᠮᠡᠷᠢ ᠦᠵᠡᠭᠦᠯᠪᠡ᠃ | | ᠬᠤᠷᠠᠯ ᠠᠴᠠ᠂ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ︽ | ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠦᠢᠯᠡᠳᠦᠯᠭᠡᠵᠢᠭᠦᠯᠵᠦ | ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠᠷ ᠪᠠᠲᠤᠯᠠᠭ᠎ᠠ ᠪᠣᠯᠭᠠᠵᠤ᠂ ᠤᠯᠤᠰ ᠲᠥᠷᠥ ᠪᠠᠲᠤ | ᠴᠢᠩᠭ᠎ᠠ᠂ ᠬᠡᠪ ᠪᠣᠯᠪᠠᠰᠤᠷᠠᠯ ᠰᠢᠯᠢᠳᠡᠭ ᠰᠠᠶᠢᠨ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠰᠢᠯᠭᠠᠷᠠᠭᠰᠠᠨ | ᠡᠩᠨᠡᠭᠡ ᠶᠢ ᠪᠥᠬᠦ ᠲᠠᠯ᠎ᠠ ᠪᠠᠷ ᠪᠠᠶᠢᠭᠤᠯᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ | ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠬᠦ ᠬᠡᠷᠡᠭᠲᠡᠢ᠂ ᠮᠥᠨ ᠴᠢᠨᠠᠷ ᠤᠨ | ᠠᠮᠤᠷ ᠲᠦᠪᠰᠢᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠂ ᠭᠤᠣᠯᠳᠠᠯᠭ᠎ᠠ ᠲᠠᠢ ᠠᠵᠢᠯ | ᠲᠦᠷᠦᠯ ᠤᠨ ᠬᠦᠷᠢᠶᠡᠨ ᠤ ᠲᠤᠰᠬᠠᠢ ᠴᠡᠭᠴᠡᠯᠡᠨ ᠵᠠᠰᠠᠯᠲᠠ ᠶᠢ ᠠᠬᠢᠭᠤᠯᠬᠤ ᠬᠡᠷᠡᠭᠲᠡᠢ᠂ ᠪᠦᠬᠦ ᠬᠡᠯᠬᠢᠶᠡᠨ ᠤ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠬᠡᠷᠡᠭᠲᠡᠢ᠂ ︽ᠠᠵᠤ ᠠᠬᠤᠶᠢᠯᠠᠯ ᠢ ᠲᠤᠰᠠᠯᠠᠬᠤ | ᠠᠵᠢᠯᠯᠠᠭ᠎ᠠ︾ ᠶᠢ ᠯᠠᠪᠳᠠᠭᠤᠨ ᠪᠥᠭᠡᠳ ᠬᠦᠴᠦᠲᠡᠶ ᠥᠷᠨᠢᠭᠦᠯᠦᠨ᠎ᠡ᠂ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠪᠣᠳᠠᠲᠠᠢ ᠠᠳᠬᠤᠬᠤ ᠬᠡᠷᠡᠭᠲᠡᠢ᠂ ᠡᠯ᠎ᠡ ᠲᠥᠷᠥᠯ ᠤᠨ ᠪᠠᠶᠢᠭᠠᠯᠢ ᠶᠢᠨ | ᠭᠠᠮᠰᠢᠭ ᠢ ᠬᠦᠴᠦᠲᠡᠶ ᠠᠷᠭᠠᠴᠠᠭᠠᠨ᠎ᠠ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠶ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠂ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠠᠴᠠ ᠰᠢᠨ᠎ᠡ ᠴᠢᠨᠠᠷ ᠤᠨ ᠲᠠᠶᠢᠴᠢᠨ ᠬᠦᠴᠦᠨ ᠣᠯᠭᠤᠬᠤ ᠬᠡᠷᠡᠭᠲᠡᠢ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢ ᠨᠠᠷᠢᠯᠢᠭᠵᠢᠭᠤᠯᠤᠨ ᠤᠶᠤᠨᠴᠢᠯᠠᠬᠤ ᠠᠬᠢᠴᠠ ᠶᠢ ᠲᠦᠷᠭᠡᠳᠬᠡᠨ᠎ᠡ᠂ | ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠪᠣᠯᠪᠠᠰᠤᠷᠠᠭᠤᠯᠤᠯ ᠢ ᠴᠢᠩᠭᠠᠳᠬᠠᠬᠤ ᠬᠡᠷᠡᠭᠲᠡᠶ᠂ ᠣᠯᠠᠨ | ᠨᠡᠶᠢᠲᠡ ᠶᠢᠨ ᠠᠮᠤᠷ ᠲᠦᠪᠰᠢᠨ ᠢ ᠬᠠᠮᠲᠤ ᠪᠠᠷ ᠵᠠᠰᠠᠬᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ︽ | ᠣᠷᠣᠨ ᠤ ᠲᠥᠪ ᠢ ᠬᠦᠴᠦᠷᠬᠡᠭᠵᠢᠭᠦᠯᠬᠦ︾ ᠢᠨᠵᠧᠨᠧᠷᠢᠩ ᠳᠤ ᠬᠦᠴᠦᠲᠡᠶ ᠪᠠᠲᠤᠯᠠᠭ᠎ᠠ ᠬᠠᠩᠭᠠᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠷᠣᠨ ᠤ ᠲᠥᠪ ᠤᠨ ᠴᠣ᠋ ᠰᠢᠨ᠎ᠡ ᠬᠠᠭᠤᠳᠠᠰᠤ ᠶᠢ ᠪᠢᠴᠢᠭᠯᠡᠬᠦ ᠳᠤ | ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ︕ | ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠬᠤᠷᠢᠶᠠᠨ ᠤ | ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠴᠠᠭᠠᠨ ᠰᠤᠳᠤᠯᠤᠭᠴᠢ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠳᠤ | ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠬᠤᠲᠠ ᠶᠢᠨ ᠭᠠᠯ | ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠳᠡᠳ᠋ ᠳᠠᠷᠤᠭ᠎ᠠ᠂ ᠬᠤᠯᠪᠣᠭᠳᠠᠯ ᠪᠦᠬᠦᠢ ᠰᠠᠯᠠᠭ᠎ᠠ | ᠲᠠᠰᠤᠭ ᠤᠨ ᠬᠠᠷᠢᠭᠤᠴᠠᠯᠭᠠᠲᠠᠨ᠂ ᠬᠤᠲᠠ ᠶᠢᠨ ᠣᠢ ᠰᠢᠭᠤᠶ ᠶᠢᠨ ᠭᠠᠯ ᠤᠨᠲᠠᠷᠠᠭᠠᠬᠤ ᠶᠡᠭᠡ ᠠᠩᠭᠢ ᠶᠢᠨ ᠵᠢᠭᠠᠨ | ᠵᠢᠯᠣᠭᠤᠳᠤᠭᠴᠢ᠂ ᠬᠤᠲᠠ ᠶᠢᠨ ᠳᠥᠷᠪᠡᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ | ᠠᠩᠭᠢ ᠶᠢᠨ ᠳᠠᠷᠤᠭ᠎ᠠ᠂ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠬᠠᠮᠢᠶ᠎ᠠ ᠪᠦᠬᠦᠢ ᠪᠦᠷᠢᠯᠳᠦᠬᠦᠨ | ᠨᠢᠭᠡᠴᠢ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠯ᠎ᠡ ᠬᠤᠰᠢᠭᠤ ᠰᠢᠶᠠᠨ ᠲᠣᠭᠤᠷᠢᠭ᠂ ᠨᠡᠭᠡᠭᠡᠯᠲᠡ ᠶᠢᠨ | ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ᠂ ᠬᠤᠶᠠᠳᠤᠭᠠᠷ ᠳᠡᠰ ᠤᠨ | ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | |