ᠪᠤᠭᠤᠲᠤ ᠬᠤᠲᠠ᠄ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ ᠠᠶᠤᠯ ᠥᠬᠡᠶ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ
ᠨᠡᠶᠢᠲᠡᠯᠡᠭᠰᠡᠨ ᠴᠠᠭ᠄
2025/3/17
    2025 ᠣᠨ ᠤ 3 ᠳ᠋ᠤᠭᠠᠷ ᠰᠠᠷ᠎ᠠ ᠶᠢᠨ 11 ᠤ ᠡᠳᠦᠷ ᠠᠴᠠ 12 ᠤᠨ ᠡᠳᠦᠷ ᠪᠣᠯᠲᠠᠯ᠎ᠠ᠂ ᠪᠤᠭᠤᠲᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ︽ᠠᠶᠤᠯ ᠥᠬᠡᠶ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠴᠢᠩᠭ᠎ᠠ ᠵᠢᠷᠤᠮᠵᠢᠭᠤᠯᠬᠤ ᠲᠤᠬᠠᠶ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠪᠤᠭᠤᠲᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠶᠤᠯ ᠥᠬᠡᠶ ᠦᠢᠯᠡᠳᠪᠦᠷᠢᠯᠡᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ︽23456︾ ᠠᠵᠢᠯ ᠤᠨ ᠲᠣᠭᠲᠠᠴᠠ ᠲᠠᠢ ᠤᠶᠠᠯᠳᠤᠭᠤᠯᠤᠨ᠂ ᠦᠢᠯᠡᠴᠢᠯᠡᠭᠡᠨ ᠤ ᠦᠵᠡᠯ ᠤᠬᠠᠮᠰᠠᠷ ᠢᠶᠠᠨ ᠴᠢᠩᠭᠠᠷᠠᠭᠤᠯᠬᠤ᠂ ᠬᠠᠤᠯᠢ ᠬᠡᠷᠡᠭᠵᠢᠭᠦᠯᠬᠦ ᠶᠢ ᠦᠢᠯᠡᠴᠢᠯᠡᠭᠡ ᠳᠤ ᠠᠬᠤᠭᠤᠯᠬᠤ ᠶᠢ ᠪᠠᠷᠢᠮᠲᠠᠯᠠᠵᠤ᠂ ︽ᠶᠣᠰᠣ ᠶᠠᠷᠢᠬᠤ ᠮᠠᠶ᠋ᠢᠭ︾ ᠢ ᠬᠡᠷᠡᠭᠯᠡᠨ ᠬᠠᠤᠯᠢ ᠬᠡᠷᠡᠭᠵᠢᠭᠦᠯᠵᠦ᠂ ᠪᠤᠭᠤᠲᠤ ᠶᠢᠨ ᠷᠦᠢ ᠪᠥᠸᠧ ᠰᠢᠨ᠎ᠡ ᠡᠨᠧᠷᠭᠢ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠪᠠ ᠪᠤᠭᠤᠲᠤ ᠬᠤᠲᠠ ᠶᠢᠨ ᠯᠦ ᠳ᠋ᠢᠩ ᠪᠠᠶᠢᠭᠠᠯᠢ ᠶᠢᠨ ᠰᠢᠲᠠᠮᠠᠬᠠᠶ ᠬᠡᠶ ᠶᠢᠨ ᠬᠢᠵᠠᠭᠠᠷᠲᠤ ᠺᠣᠮᠫᠠᠨᠢ ᠳᠤ ᠬᠦᠷᠴᠦ᠂ ᠠᠶᠤᠯ ᠦᠭᠡᠶ ᠦᠢᠯᠡᠳᠪᠦᠷᠢᠯᠡᠯ ᠤᠨ ︽ᠬᠠᠤᠯᠢ ᠬᠡᠷᠡᠭᠵᠢᠭᠦᠯᠬᠦ + ᠦᠢᠯᠡᠴᠢᠯᠡᠭᠡᠨ︾ ᠤ ᠠᠵᠢᠯ ᠢ ᠥᠷᠨᠢᠭᠦᠯᠦᠨ᠎ᠡ᠃
W020250314604879925791_ORIGIN.png
    ᠬᠠᠤᠯᠢ ᠬᠡᠷᠡᠭᠵᠢᠭᠦᠯᠬᠦ ᠰᠠᠯᠪᠤᠷᠢ ᠠᠩᠭᠢ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠢ ᠤᠷᠢᠵᠤ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ︽ᠬᠠᠤᠯᠢ ᠬᠡᠷᠡᠭᠵᠢᠭᠦᠯᠬᠦ + ᠦᠢᠯᠡᠴᠢᠯᠡᠭᠡ︾ ᠶᠢᠨ ᠵᠠᠭᠪᠤᠷ ᠢ ᠬᠡᠷᠡᠭᠯᠡᠨ᠂ ᠠᠵᠤ ᠠᠬᠤᠶᠢᠯᠠᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ᠎ᠡ᠃ ᠠᠵᠤ ᠠᠬᠤᠶᠢᠯᠠᠯ ᠤᠨ ᠵᠥᠭᠡᠯᠡᠨ ᠬᠡᠷᠡᠭᠰᠡᠯ ᠤᠨ ᠮᠠᠲ᠋ᠧᠷᠢᠶᠠᠯ ᠪᠣᠯᠤᠨ ᠲᠤᠬᠠᠶ ᠶᠢᠨ ᠲᠠᠯᠠᠪᠠᠶ ᠶᠢᠨ ᠬᠠᠮᠢᠶᠠᠷᠤᠯᠲᠠ ᠳᠤ ᠭᠤᠤᠯᠳᠠᠯᠭ᠎ᠠ ᠲᠠᠢ ᠪᠦᠬᠦ ᠲᠠᠯ᠎ᠠ ᠶᠢᠨ ᠪᠠᠶᠢᠴᠠᠭᠠᠯᠲᠠ ᠵᠢᠯᠣᠭᠤᠳᠤᠯᠭ᠎ᠠ ᠬᠢᠵᠦ᠂ ᠠᠵᠤ ᠠᠬᠤᠶᠢᠯᠠᠯ ᠤᠨ ᠣᠷᠬᠢᠭᠳᠠᠭᠰᠠᠨ ᠢᠶᠠᠨ ᠪᠠᠶᠢᠴᠠᠭᠠᠨ ᠨᠥᠬᠦᠪᠥᠷᠢᠯᠡᠬᠦ ᠳᠤ ᠬᠦᠴᠦᠨ ᠨᠡᠮᠡᠷᠢᠯᠡᠵᠦ᠂ ᠠᠶᠤᠯ ᠦᠭᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠠᠳᠡᠯ ᠤᠨ ᠳᠠᠯᠳᠠ ᠭᠡᠮ ᠢ ᠤᠯᠠᠮ ᠨᠢᠭᠡ ᠠᠯᠬᠤᠮ ᠵᠢᠭᠰᠠᠭᠠᠨ ᠪᠠᠶᠢᠴᠠᠭᠠᠵᠤ᠂ ᠠᠶᠤᠯ ᠦᠭᠡᠶ ᠦᠢᠯᠡᠳᠪᠦᠷᠢᠯᠡᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃    ᠲᠤᠰ ᠤᠳᠠᠭ᠎ᠠ ᠶᠢᠨ ᠠᠵᠢᠯᠯᠠᠭ᠎ᠠ ᠨᠢ ᠠᠶᠤᠯ ᠲᠠᠢ ᠬᠢᠮᠢ ᠶᠢᠨ ᠪᠣᠳᠠᠰ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠪᠠᠶᠢᠴᠠᠭᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠠᠵᠢᠯ ᠤᠨ ᠦᠷ᠎ᠡ ᠪᠦᠲᠦᠮᠵᠢ ᠪᠣᠯᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠢᠯᠡᠴᠢᠯᠡᠭᠡ ᠶᠢ ᠬᠠᠤᠯᠢ ᠬᠡᠷᠡᠭᠵᠢᠭᠦᠯᠬᠦ ᠶᠠᠪᠤᠴᠠ ᠳᠤ ᠠᠭᠤᠰᠤᠯᠴᠠᠭᠤᠯᠵᠦ᠂ ᠠᠵᠤ ᠠᠬᠤᠶᠢᠯᠠᠯ ᠤᠨ ᠪᠣᠳᠠᠲᠠᠢ ᠠᠰᠠᠭᠤᠳᠠᠯ ᠢ ᠦᠨᠡᠨ ᠬᠦ ᠰᠢᠢᠳᠪᠦᠷᠢᠯᠡᠬᠦ ᠪᠠᠷ ᠵᠣᠷᠢᠯᠲᠠ ᠪᠣᠯᠭᠠᠵᠠᠢ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠡᠪᠡᠷᠰᠢᠶᠡᠯ᠂ ᠬᠦᠴᠢᠷᠳᠡᠯ ᠢ ᠣᠶᠢᠯᠠᠭᠠᠵᠤ᠂ ᠴᠢᠭᠯᠡᠭᠦᠯᠦᠯᠲᠦ ᠴᠢᠨᠠᠷᠲᠠᠶ ᠪᠠᠷ ᠬᠠᠪᠰᠤᠷᠤᠨ ᠲᠡᠳᠬᠦᠵᠦ ᠵᠢᠯᠣᠭᠤᠳᠬᠤ ᠠᠵᠢᠯ ᠢ ᠥᠷᠨᠢᠭᠦᠯᠬᠦ ᠬᠡᠷᠡᠭᠲᠡᠶ᠃ ᠲᠠᠷᠠᠭᠠᠴᠢ ᠶᠢᠨ ᠠᠯᠬᠤᠮ ᠳᠤ᠂ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠨᠢ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠬᠠᠤᠯᠢ ᠬᠡᠷᠡᠭᠵᠢᠭᠦᠯᠬᠦ + ᠦᠢᠯᠡᠴᠢᠯᠡᠭᠡ︾ ᠶᠢᠨ ᠵᠠᠭᠪᠤᠷ ᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠪᠰᠢᠨ ᠤ ᠰᠢᠨ᠎ᠡ ᠳᠡᠭᠲᠡᠷ ᠲᠤ ᠭᠠᠷᠬᠤ ᠶᠢ ᠦᠷᠭᠦᠯᠵᠢᠯᠡᠨ ᠠᠬᠢᠭᠤᠯᠤᠨ᠎ᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号