︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠳᠠᠯᠠᠳ ᠬᠤᠰᠢᠭᠤᠨ ᠤ 2025 ᠣᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠥᠬᠦ ᠲᠠᠯ᠎ᠠ ᠪᠠᠷ ᠠᠵᠢᠯ ᠡᠬᠢᠯᠡᠪᠡ
ᠨᠡᠶᠢᠲᠡᠯᠡᠭᠰᠡᠨ ᠴᠠᠭ᠄
2025/3/17
    3 ᠳ᠋ᠤᠭᠠᠷ ᠰᠠᠷ᠎ᠠ ᠶᠢᠨ 12 ᠤᠨ ᠡᠳᠦᠷ᠂ ᠬᠥᠪᠴᠢ ᠶᠢᠨ ᠡᠯᠡᠰᠦᠨ ᠤ ᠬᠥᠪᠡᠭᠡᠨ ᠳᠠᠬᠢ ᠳᠠᠯᠠᠳ ᠬᠤᠰᠢᠭᠤᠨ ᠤ ᠭᠤᠸᠠᠨ ᠵᠢᠩ ᠲᠣᠰᠬᠤᠨ ᠤ ᠫᠸᠢ ᠵᠢᠶᠠ ᠬᠤᠤ ᠳᠠᠬᠢ ᠠᠵᠢᠯᠯᠠᠬᠤ ᠲᠣᠭᠤᠷᠢᠭ ᠲᠤ᠂ ᠠᠵᠢᠯᠴᠢᠨ ᠤ ᠨᠠᠷᠢᠯᠢᠭ ᠣᠨᠣᠪᠴᠢᠲᠠᠶ ᠦᠵᠢᠷᠡᠭᠰᠡᠨ ᠪᠣᠳᠠ ᠮᠣᠳᠣ ᠶᠢ ᠰᠡᠯᠪᠢᠨ ᠵᠠᠰᠠᠬᠤ  ᠶᠢ ᠳᠠᠭᠠᠯᠳᠤᠨ ︽ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠳᠠᠯᠠᠳ ᠬᠤᠰᠢᠭᠤᠨ ᠤ 2025 ᠣᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠪᠦᠬᠦ ᠲᠠᠯ᠎ᠠ ᠪᠠᠷ ᠥᠷᠨᠢᠭᠦᠯᠪᠡ᠃        ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠴᠢᠬᠤᠯᠠ ᠨᠢᠭᠡ ᠭᠤᠭᠴᠤᠭ᠎ᠠ ᠪᠣᠯᠤᠭᠰᠠᠨ ᠤ ᠬᠤᠪᠢ ᠳᠤ᠂ ᠳᠠᠯᠠᠳ ᠬᠤᠰᠢᠭᠤ ᠶᠠᠭ ᠣᠶ ᠰᠢᠭᠤᠶ ᠡᠪᠡᠰᠦ ᠪᠡᠯᠴᠢᠭᠡᠷ ᠨᠤᠭᠤ ᠭᠠᠵᠠᠷ ᠠᠲᠠᠷ ᠲᠠᠯ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠨ ᠰᠡᠷᠭᠦᠭᠡᠬᠦ ᠲᠥᠷᠥᠯ  ᠵᠦᠢᠯ ᠢ ᠶᠡᠭᠡ ᠪᠠᠷ ᠠᠬᠢᠭᠤᠯᠵᠤ ᠪᠠᠶᠢᠨ᠎ᠠ᠃ ᠳᠠᠯᠠᠳ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠡᠯᠡᠰᠦ ᠶᠢ ᠵᠠᠰᠠᠵᠤ ᠣᠶᠢᠵᠢᠭᠤᠯᠬᠤ ᠠᠯᠪᠠᠨ ᠬᠡᠷ ᠤᠨ ᠡᠷᠬᠢᠯᠡᠭᠴᠢ ᠯᠢᠦ ᠫᠢᠩ ᠤᠨ ᠲᠠᠨᠢᠯᠴᠠᠭᠤᠯᠤᠭᠰᠠᠨ ᠢᠶᠠᠷ᠂ 2025 ᠣᠨ ᠳᠤ 95 . 87 ᠲᠦᠮᠡᠨ ᠮᠥ ᠠᠮᠢ ᠠᠬᠤᠶ ᠶᠢ ᠵᠠᠰᠠᠨ ᠰᠡᠷᠭᠦᠭᠡᠬᠦ ᠡᠭᠦᠷᠭᠡ ᠶᠢ ᠪᠡᠶᠡᠯᠡᠭᠦᠯᠵᠦ᠂ ᠭᠤᠷᠪᠠᠨ ᠵᠢᠯ ᠤᠨ ᠳᠣᠲᠣᠷ᠎ᠠ ᠨᠡᠶᠢᠲᠡ 306 . 04 ᠲᠦᠮᠡᠨ ᠮᠥ ᠶᠢ ᠪᠡᠶᠡᠯᠡᠭᠦᠯᠵᠦ᠂ ᠵᠢᠱᠢᠯᠲᠡ ᠪᠠᠷ 2026 ᠣᠨ ᠤ ᠡᠴᠦᠰ ᠲᠤ ᠪᠥᠬᠦ ᠲᠠᠯ᠎ᠠ ᠪᠠᠷ ᠪᠠᠷᠢᠯᠭ᠎ᠠ ᠳᠠᠭᠤᠰᠤᠨ᠎ᠠ᠃    ᠲᠣᠰ ᠤᠳᠠᠭᠠᠨ ᠤ ᠲᠥᠷᠥᠯ  ᠵᠦᠢᠯ ᠨᠢ ᠰᠢᠨ᠎ᠡ ᠶᠢ ᠡᠭᠦᠳᠬᠦ ᠴᠢᠨᠠᠷᠲᠠᠶ ᠪᠠᠷ ︽1 + 4︾ ᠭᠡᠷ᠎ᠡ ᠶᠢᠨ ᠵᠠᠭᠪᠤᠷ ᠢ ᠬᠡᠷᠡᠭᠵᠢᠭᠦᠯᠪᠡ᠂ ᠲᠤᠬᠠᠶᠢᠯᠠᠪᠠᠯ ᠭᠠᠵᠠᠷ ᠰᠢᠷᠣᠶ ᠬᠡᠷᠡᠭᠯᠡᠬᠦ ᠡᠷᠬᠡᠲᠦ ᠬᠥᠮᠦᠨ ᠢᠶᠠᠷ ᠭᠤᠤᠯ ᠪᠣᠯᠭᠠᠵᠤ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠰᠤᠮᠤ ᠪᠠᠯᠭᠠᠰᠤ᠂ ᠭᠠᠴᠠᠭ᠎ᠠ ᠲᠣᠰᠬᠤᠨ᠂ ᠬᠤᠷᠰᠢᠶ᠎ᠠ ᠳᠥᠷᠪᠡᠨ ᠲᠠᠯ᠎ᠠ ᠪᠠᠷ ᠢᠶᠠᠨ ᠬᠦᠴᠦ ᠪᠠᠨ ᠬᠠᠮᠲᠤᠳᠬᠠᠨ᠂ ᠲᠥᠷᠥᠯ  ᠵᠦᠢᠯ ᠤᠨ ᠥᠨᠳᠥᠷ ᠪᠦᠲᠦᠮᠵᠢᠲᠡᠶ ᠬᠡᠷᠡᠭᠵᠢᠭᠦᠯᠦᠭᠳᠡᠬᠦ ᠶᠢ ᠬᠠᠮᠲᠤ ᠪᠠᠷ ᠠᠬᠢᠭᠤᠯᠤᠨ᠎ᠠ᠃ ᠡᠭᠦᠨ  ᠤ ᠵᠡᠷᠭᠡᠴᠡᠪᠡᠷ᠂ ᠲᠥᠷᠥᠯ ᠵᠦᠢᠯ ᠲᠤ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠲᠣᠭᠲᠠᠴᠠ ᠶᠢ ᠵᠡᠷᠭᠡ ᠲᠤᠨᠢ ᠨᠠᠶᠢᠳᠠᠪᠤᠷᠢᠵᠢᠭᠤᠯᠵᠤ᠂ ᠲᠤᠬᠠᠢ ᠶᠢᠨ ᠭᠠᠵᠠᠷ ᠤᠨ ᠲᠠᠷᠢᠶᠠᠴᠢᠨ ᠮᠠᠯᠴᠢᠳ ᠢ ᠡᠩ ᠲᠡᠷᠢᠭᠦᠨ ᠲᠤ ᠣᠷᠣᠭᠤᠯᠤᠨ ᠪᠥᠳᠥᠭᠡᠨ ᠪᠠᠶᠢᠭᠤᠯᠤᠯᠲᠠ ᠲᠤ ᠣᠷᠣᠯᠴᠠᠭᠤᠯᠵᠤ᠂ ᠪᠠᠷᠢᠯᠭ᠎ᠠ ᠶᠢᠨ ᠠᠬᠢᠴᠠ ᠶᠢ ᠦᠨᠡᠨᠬᠦ ᠪᠠᠲᠤᠯᠠᠬᠤ ᠪᠠᠷ ᠪᠠᠷᠠᠬᠤ ᠥᠭᠡᠢ᠂ ᠤᠯᠠᠨ ᠲᠦᠮᠡᠨ  ᠳᠤ ᠣᠷᠣᠯᠭ᠎ᠠ ᠨᠡᠮᠡᠭᠳᠡᠭᠦᠯᠬᠦ ᠠᠷᠭ᠎ᠠ ᠵᠠᠮ ᠢ ᠥᠷᠭᠡᠵᠢᠭᠦᠯᠬᠦ ᠬᠡᠷᠡᠭᠲᠡᠢ᠃    ᠲᠠᠯᠠᠳ ᠬᠤᠰᠢᠭᠤᠨ ᠤ ᠭᠤᠸᠠᠨᠵᠢᠩ ᠲᠣᠰᠬᠤᠨ ᠤ ᠫᠸᠢ ᠵᠢᠶᠠ ᠬᠤᠤ ᠨᠢᠭᠡᠳᠦᠯ ᠤᠨ ᠲᠣᠰᠬᠤᠨ ᠤ ᠠᠷᠠᠳ ᠫᠸᠢ ᠹᠸᠢ ᠡᠭᠦᠨ ᠤ ᠲᠤᠬᠠᠢ ᠭᠦᠨ ᠲᠦᠷᠦᠭᠳᠡᠯ ᠲᠠᠢ ᠪᠠᠶᠢᠯ᠎ᠠ᠄ ︽ᠪᠢ 3000 ᠭᠠᠷᠤᠢ ᠮᠦ ᠭᠠᠵᠠᠷ ᠲᠠᠢ᠂ ᠡᠨᠡ ᠤᠳᠠᠭ᠎ᠠ ᠶᠢᠨ ᠭᠤᠤᠷᠰᠤ ᠲᠡᠭᠰᠢᠯᠡᠬᠦ ᠪᠠ ᠲᠠᠴᠢᠷᠳᠠᠭᠰᠠᠨ ᠤᠢ ᠰᠢᠭᠤᠢ ᠶᠢ ᠰᠡᠯᠪᠢᠨ ᠵᠠᠰᠠᠬᠤ ᠪᠠᠷ ᠲᠠᠮᠵᠢᠨ᠂ 40 ᠭᠠᠷᠤᠢ ᠡᠳᠦᠷ ᠲᠤ 10 ᠲᠦᠮᠡᠨ ᠲᠥᠭᠦᠷᠢᠭ ᠤᠨ ᠣᠷᠣᠯᠭ᠎ᠠ ᠣᠯᠵᠤ᠂ ᠣᠷᠣᠯᠭ᠎ᠠ ᠨᠢ ᠨᠡᠯᠢᠶᠡᠳ ᠰᠠᠶᠢᠨ ᠪᠠᠶᠢᠨ᠎ᠠ᠃ ᠡᠯᠡᠰᠦᠨ ᠪᠤᠷᠭᠠᠰᠤ ᠶᠢ ᠪᠢᠳᠡ ᠦᠷ᠎ᠡ ᠪᠣᠯᠭᠠᠵᠤ ᠬᠤᠳᠠᠯᠳᠤᠵᠤ ᠪᠣᠯᠤᠨ᠎ᠠ᠂ ᠨᠢᠮᠪᠡᠭᠡ ᠶᠢ ᠪᠣᠷᠳᠤᠭ᠎ᠠ ᠪᠣᠯᠭᠠᠵᠤ ᠪᠣᠯᠤᠨ᠎ᠠ᠂ ᠠᠮᠢ ᠠᠬᠤᠶ ᠶᠢᠨ ᠣᠷᠴᠢᠨ ᠲᠣᠭᠤᠷᠢᠨ ᠴᠤ ᠢᠯᠡᠳᠲᠡ ᠰᠠᠶᠢᠵᠢᠷᠠᠪᠠ᠃︾    ᠡᠲᠡᠭᠡᠷ ᠠᠮᠢ ᠠᠬᠤᠶ ᠶᠢᠨ ᠲᠥᠷᠥᠯ  ᠵᠦᠢᠯ ᠢ ᠬᠡᠷᠡᠭᠵᠢᠭᠦᠯᠬᠦ ᠪᠠᠷ ᠳᠡᠮᠵᠢᠨ᠂ 2025 ᠣᠨ ᠳᠤ ᠳᠠᠯᠠᠳ ᠬᠤᠰᠢᠭᠤ ᠬᠥᠪᠴᠢ ᠶᠢᠨ ᠡᠯᠡᠰᠦ ᠶᠢᠨ ᠵᠠᠰᠠᠯᠲᠠ ᠶᠢᠨ ᠨᠣᠷᠮ᠎ᠠ ᠶᠢ 82 % ᠪᠣᠯᠭᠠᠨ ᠳᠡᠭᠡᠭᠰᠢᠯᠡᠭᠦᠯᠵᠦ᠂ ᠪᠥᠬᠦ ᠬᠤᠰᠢᠭᠤᠨ ᠤ ᠣᠶ ᠰᠢᠭᠤᠶ ᠶᠢᠨ ᠪᠦᠷᠬᠦᠴᠡ ᠶᠢ 21 . 94 % ᠪᠣᠯᠭᠠᠨ ᠳᠡᠭᠡᠭᠰᠢᠯᠡᠭᠦᠯᠵᠦ᠂ ᠨᠣᠮᠢᠨ ᠨᠣᠭᠤᠭᠠᠨ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠦᠵᠡᠮᠵᠢ ᠶᠢ ᠳᠠᠯᠠᠳ ᠬᠤᠰᠢᠭᠤᠨ ᠤ ᠰᠢᠨ᠎ᠡ ᠨᠡᠷ᠎ᠡ ᠶᠢᠨ ᠬᠠᠭᠤᠳᠠᠰᠤ ᠪᠣᠯᠭᠠᠬᠤ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号