︽ᠫᠧᠩ︕︾ | ᠯᠤᠲᠤ ᠶᠡᠭᠡ ᠲᠠᠭᠤ ᠭᠠᠷᠬᠤ ᠶᠢ ᠳᠠᠭᠠᠯᠳᠤᠨ᠂ ᠣᠷᠳᠣ ᠨᠢ ᠪᠠᠷᠤᠭ 50 ᠮᠧᠲᠷ᠂ ᠥᠷᠭᠡᠨ ᠨᠢ ᠪᠠᠷᠤᠭ 15 | ᠮᠧᠲᠷ ᠤᠨ ᠮᠥᠰᠥᠨ ᠭᠠᠳᠠᠷᠭᠤ ᠠᠮᠵᠢᠯᠲᠠ ᠲᠠᠢ ᠪᠠᠷ ᠳᠡᠯᠪᠡᠷᠡᠵᠦ᠂ ᠵᠠᠳᠠᠷᠠᠬᠤ ᠰᠢᠬᠠᠭᠰᠠᠨ ᠠᠴᠠ ᠭᠤᠤᠯ ᠤᠨ ᠵᠠᠮ | ᠰᠠᠭᠠᠳ ᠥᠬᠡᠶ ᠨᠡᠪᠲᠡᠷᠡᠪᠡ᠃ | ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠤᠨ ︽ᠰᠠᠨᠠᠭᠠᠴᠢᠯᠠᠭᠠᠲᠤ ᠲᠡᠶᠢᠨ︾ ᠢ ᠰᠠᠶᠢᠲᠤᠷ ᠬᠢᠬᠦ ᠶᠢᠨ ᠲᠥᠯᠥᠭᠡ᠂ | 2 ᠰᠠᠷ᠎ᠠ ᠶᠢᠨ 27 ᠤ ᠡᠳᠦᠷ ᠤᠨ ᠣᠷᠣᠶ ᠶᠢᠨ 7 ᠴᠠᠭ ᠲᠤ᠂ ᠥᠪᠥᠷ ᠮᠣᠩᠭᠤᠯ ᠤᠨ ᠣᠷᠳᠣᠰ ᠬᠤᠲᠠ ᠶᠢᠨ | ᠴᠡᠷᠢᠭ ᠪᠠ ᠣᠷᠣᠨ ᠨᠤᠲᠤᠭ ᠬᠠᠮᠲᠤᠷᠠᠨ ᠳᠠᠯᠠᠳ ᠬᠤᠰᠢᠭᠤᠨ ᠤ ᠬᠠᠲᠤᠨ ᠭᠤᠤᠯ ᠤᠨ ᠵᠢᠦ ᠰᠢᠶᠤᠤ ᠳ᠋ᠦ᠋ᠺᠸᠤ | ᠭᠤᠤᠯ ᠤᠨ ᠬᠡᠰᠡᠭ ᠲᠤ ᠰᠥᠨᠢ ᠪᠠᠷ ᠮᠥᠰᠥᠨ ᠳᠡᠭᠡᠷᠡᠬᠢ ᠳᠡᠯᠪᠡᠴᠢᠬᠦ ᠰᠣᠷᠢᠯᠲᠠ ᠬᠢᠪᠠ᠃ ᠲᠣᠰ ᠤᠳᠠᠭᠠᠨ ᠤ ᠰᠥᠩ | ᠬᠠᠯᠢᠶ᠎ᠠ ᠶᠢ ᠰᠡᠷᠭᠡᠶᠢᠯᠡᠬᠦ ᠳᠡᠯᠪᠡᠴᠢᠬᠦ ᠰᠣᠷᠢᠯᠲᠠ ᠶᠢ ᠠᠩᠬ᠎ᠠ ᠤᠳᠠᠭ᠎ᠠ ᠰᠥᠨᠢ ᠬᠡᠷᠡᠭᠵᠢᠭᠦᠯᠵᠦ᠂ ᠰᠥᠨᠢ ᠪᠠᠷ | ᠲᠣᠭᠤᠷᠢᠨ ᠪᠠᠶᠢᠴᠠᠭᠠᠬᠤ ᠪᠠᠷ ᠳᠡᠮᠵᠢᠨ ᠵᠢᠦ ᠰᠢᠶᠤᠤ ᠳ᠋ᠦ᠋ᠺᠸᠤ ᠭᠤᠤᠯ ᠤᠨ ᠬᠡᠰᠡᠭ ᠤᠨ ᠮᠥᠰᠥ ᠪᠠᠷᠢᠯᠳᠤᠭᠰᠠᠨ | ᠬᠠᠰᠢᠯᠭ᠎ᠠ ᠨᠢ ᠭᠤᠤᠯ ᠤᠨ ᠵᠠᠮ ᠢ ᠪᠥᠭᠯᠡᠭᠰᠡᠨ ᠢ ᠣᠯᠵᠤ ᠮᠡᠳᠡᠪᠡ᠂ ᠮᠥᠰᠥᠨ ᠳᠡᠭᠡᠷ᠎ᠡ ᠳᠡᠯᠪᠡᠴᠢᠬᠦ ᠪᠠᠷ ᠳᠡᠮᠵᠢᠨ | ᠮᠥᠰᠥᠨ ᠬᠠᠰᠢᠯᠭ᠎ᠠ ᠶᠢ ᠡᠪᠳᠡᠵᠦ᠂ ᠲᠦᠭᠰᠢᠭᠦᠷᠢᠲᠦ ᠪᠠᠶᠢᠳᠠᠯ ᠢ ᠠᠷᠢᠯᠭᠠᠬᠤ ᠬᠠᠷᠠᠯᠲᠠ ᠶᠢ ᠪᠡᠶᠡᠯᠡᠭᠦᠯᠪᠡ᠃ | ᠰᠣᠷᠢᠯᠲᠠ ᠳᠤ᠂ ᠵᠢᠯᠣᠭᠤᠴᠢ ᠥᠬᠡᠶ ᠨᠢᠰᠬᠡᠯ ᠢᠶᠠᠷ ᠲᠣᠭᠤᠷᠢᠨ ᠪᠠᠶᠢᠴᠠᠭᠠᠬᠤ ᠠᠷᠭ᠎ᠠ ᠪᠠᠷ ᠺᠠ ᠪᠢᠩ ᠪᠠ | ᠬᠠᠰᠢᠯᠭ᠎ᠠ ᠶᠢᠨ ᠠᠶᠤᠯᠲᠤ ᠪᠠᠶᠢᠳᠠᠯ ᠢ ᠢᠯᠡᠷᠡᠭᠦᠯᠵᠦ᠂ ᠵᠢᠯᠣᠭᠤᠴᠢ ᠥᠬᠡᠶ ᠨᠢᠰᠬᠡᠯ ᠢᠶᠠᠷ ᠠᠴᠢᠶᠠᠯᠠᠨ ᠮᠥᠰᠥ ᠬᠠᠶᠢᠬᠤ | ᠷᠠᠳᠠᠷ ᠢᠶᠠᠷ ᠮᠥᠰᠥᠨ ᠳᠠᠪᠬᠤᠷᠭ᠎ᠠ ᠶᠢᠨ ᠵᠤᠵᠠᠭᠠᠨ ᠢ ᠲᠣᠭᠲᠠᠭᠠᠵᠤ᠂ ᠬᠥᠮᠦᠨ ᠤ ᠬᠦᠴᠦ ᠪᠠᠷ ᠳᠡᠯᠪᠡᠷᠡᠬᠦ ᠴᠡᠭ | ᠭᠠᠷᠭᠠᠵᠤ ᠵᠢᠯᠣᠭᠤᠴᠢ ᠥᠬᠡᠶ ᠨᠢᠰᠬᠡᠯ ᠢᠶᠠᠷ ᠡᠮ ᠤᠭᠰᠠᠷᠠᠵᠤ᠂ ᠠᠯᠤᠰ ᠡᠵᠡᠮᠰᠢᠯ ᠢᠶᠠᠷ ᠳᠡᠯᠪᠡᠴᠢᠬᠦ ᠠᠵᠢᠯ ᠬᠢᠵᠦ᠂ | ᠬᠠᠮᠤᠭ ᠡᠴᠦᠰ ᠲᠤ ᠵᠢᠯᠣᠭᠤᠴᠢ ᠥᠬᠡᠶ ᠨᠢᠰᠬᠡᠯ ᠢᠶᠠᠷ ᠮᠥᠰᠥ ᠬᠠᠭᠠᠯᠤᠭᠰᠠᠨ ᠦᠷ᠎ᠡ ᠪᠦᠲᠦᠮᠵᠢ ᠶᠢ ᠦᠨᠡᠯᠡᠨ | ᠵᠢᠱᠢᠪᠡ᠃ ᠰᠣᠷᠢᠯᠲᠠ ᠪᠠᠷ ᠳᠠᠮᠵᠢᠨ᠂ ᠬᠠᠰᠢᠯᠭ᠎ᠠ ᠳᠠᠯᠠᠩ ᠢ ᠲᠣᠭᠤᠷᠢᠨ ᠪᠠᠶᠢᠴᠠᠭᠠᠬᠤ᠂ ᠰᠦᠩ ᠬᠠᠯᠢᠶ᠎ᠠ ᠶᠢᠨ | ᠪᠠᠶᠢᠳᠠᠯ ᠢ ᠬᠢᠨᠠᠨ ᠬᠡᠮᠵᠢᠬᠦ᠂ ᠮᠥᠰᠥ ᠶᠢ ᠳᠡᠯᠪᠡᠴᠡᠬᠦ᠂ ᠴᠡᠷᠢᠭ ᠠᠩᠭᠢ ᠪᠠ ᠣᠷᠣᠨ ᠨᠤᠲᠤᠭ ᠢ ᠵᠣᠬᠢᠴᠠᠭᠤᠯᠬᠤ ᠵᠡᠷᠭᠡ | ᠭᠤᠭᠴᠣᠭᠠᠨ ᠤ ᠠᠵᠢᠯ ᠢ ᠭᠤᠣᠯᠳᠠᠯᠭ᠎ᠠ ᠲᠠᠢ ᠰᠢᠯᠭᠠᠨ ᠪᠠᠶᠢᠴᠠᠭᠠᠵᠤ᠂ ᠰᠦᠩ ᠬᠠᠯᠢᠶ᠎ᠠ ᠶᠢ ᠰᠡᠷᠭᠡᠶᠢᠯᠡᠵᠦ | ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠪᠠ ᠪᠣᠳᠠᠲᠤ ᠪᠠᠶᠢᠯᠳᠤᠭᠠᠨ ᠬᠢᠬᠦ ᠴᠢᠳᠠᠪᠤᠷᠢ ᠶᠢ ᠳᠡᠭᠡᠭᠰᠢᠯᠡᠭᠦᠯᠵᠦ᠂ | ᠰᠣᠷᠢᠯᠲᠠ ᠪᠠᠷ ᠳᠠᠶᠢᠨ ᠳᠤ ᠪᠡᠯᠡᠳᠬᠡᠬᠦ᠂ ᠪᠣᠯᠪᠠᠰᠤᠷᠠᠯ ᠢᠶᠠᠷ ᠪᠣᠯᠪᠠᠰᠤᠷᠠᠯ ᠢ ᠣᠷᠣᠯᠠᠭᠤᠯᠬᠤ᠂ ᠡᠩᠨᠡᠭᠡ ᠶᠢ | ᠪᠣᠯᠪᠠᠰᠤᠷᠠᠭᠤᠯᠬᠤ ᠬᠠᠷᠠᠯᠲᠠ ᠳᠤ ᠬᠦᠷᠪᠡ᠃ | ᠶᠡᠭᠡ ᠭᠤᠤᠯ ᠬᠠᠪᠤᠷ ᠪᠤᠴᠠᠵᠤ᠂ ᠮᠥᠰᠥ ᠴᠠᠰᠤ ᠬᠠᠶᠢᠯᠤᠨ᠎ᠠ᠃ | ᠠᠭᠠᠷ ᠤᠨ ᠳᠤᠯᠠᠭᠠᠨ ᠠᠭᠠᠵᠢᠮ ᠢᠶᠠᠷ ᠳᠡᠭᠡᠭᠰᠢᠯᠡᠬᠦ ᠶᠢ ᠳᠠᠭᠠᠯᠳᠤᠨ᠂ ᠬᠠᠲᠤᠨ ᠭᠤᠤᠯ ᠤᠨ ᠰᠥᠩ ᠬᠠᠯᠢᠶ᠎ᠠ ᠶᠢ | ᠰᠡᠷᠭᠡᠶᠢᠯᠡᠬᠦ ᠠᠵᠢᠯ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠃ ᠣᠷᠳᠣᠰ ᠬᠤᠲᠠ ᠶᠢᠨ ᠡᠯ᠎ᠡ ᠱᠠᠲᠤᠨ ᠤ ᠰᠥᠩ | ᠬᠠᠯᠢᠶ᠎ᠠ ᠶᠢ ᠰᠡᠷᠭᠡᠶᠢᠯᠡᠬᠦ ᠬᠠᠷᠢᠭᠤᠴᠠᠯᠭᠠᠲᠤ ᠨᠢᠭᠡᠴᠡ᠂ ᠬᠠᠷᠢᠭᠤᠴᠠᠯᠭᠠᠲᠠᠨ ᠨᠢᠭᠡᠨᠲᠡ ᠰᠥᠩ ᠬᠠᠯᠢᠶ᠎ᠠ ᠶᠢ ᠰᠡᠷᠭᠡᠶᠢᠯᠡᠬᠦ | ᠵᠠᠩᠭᠢᠯᠠᠭ᠎ᠠ ᠶᠢᠨ ᠬᠤᠭᠤᠴᠠᠭᠠᠨ ᠤ ᠠᠵᠢᠯ ᠤᠨ ᠪᠠᠶᠢᠳᠠᠯ ᠳᠤ ᠪᠥᠬᠦ ᠲᠠᠯ᠎ᠠ ᠪᠠᠷ ᠣᠷᠣᠵᠤ᠂ ᠰᠥᠩ ᠬᠠᠯᠢᠶ᠎ᠠ ᠶᠢ ᠬᠢᠨᠠᠨ | ᠬᠡᠮᠵᠢᠵᠦ ᠤᠷᠢᠳᠴᠢᠯᠠᠨ ᠮᠡᠳᠡᠭᠡᠯᠡᠬᠦ ᠠᠴᠠ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠲᠣᠬᠢᠷᠠᠭᠤᠯᠤᠯᠲᠠ ᠬᠦᠷᠲᠡᠯ᠎ᠡ᠂ | ᠳᠠᠯᠠᠩ ᠬᠠᠰᠢᠯᠭ᠎ᠠ ᠶᠢ ᠴᠠᠭᠳᠠᠨ ᠪᠠᠶᠢᠴᠠᠭᠠᠬᠤ ᠠᠴᠠ ᠠᠶᠤᠯ ᠠᠴᠠ ᠠᠪᠤᠷᠬᠠᠤ ᠪᠡᠯᠡᠳᠬᠡᠯ ᠬᠦᠷᠲᠡᠯ᠎ᠡ᠂ ᠡᠯ᠎ᠡ | ᠵᠦᠢᠯ ᠤᠨ ᠬᠠᠷᠢᠭᠤᠴᠠᠯᠭ᠎ᠠ ᠲᠣᠳᠣᠷᠬᠠᠶ᠂ ᠱᠠᠲᠤ ᠱᠠᠲᠤ ᠪᠠᠷ ᠪᠣᠳᠠᠲᠠᠶᠢᠵᠢᠵᠤ᠂ ᠡᠯ᠎ᠡ ᠭᠤᠭᠴᠤᠭ᠎ᠠ ᠶᠢ ᠨᠢᠭᠲᠠ | ᠵᠣᠯᠭᠠᠯᠳᠤᠭᠤᠯᠤᠨ᠂ ᠬᠠᠮᠵᠢᠯᠴᠠᠨ ᠠᠬᠢᠭᠤᠯᠵᠤ᠂ ᠬᠠᠲᠠᠭᠤ ᠴᠠᠶᠢᠵᠠ ᠪᠠᠶᠢᠭᠤᠯᠬᠤ᠂ ᠬᠠᠲᠠᠭᠤ ᠲᠡᠶᠢᠨ ᠬᠢᠬᠦ ᠡᠷᠡᠰ | ᠵᠣᠷᠢᠭ ᠪᠠ ᠠᠵᠢᠯᠯᠠᠭ᠎ᠠ ᠪᠠᠷ ᠰᠥᠩ ᠬᠠᠯᠢᠶ᠎ᠠ ᠶᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠶᠢ ᠤᠭᠲᠤᠨ | ᠪᠠᠶᠢᠯᠳᠤᠵᠤ᠂ ᠮᠠᠨ ᠤ ᠬᠤᠲᠠ ᠶᠢᠨ ᠬᠠᠲᠤᠨ ᠭᠤᠤᠯ ᠤᠨ ᠭᠤᠤᠯ ᠳᠤ ᠬᠠᠯᠢᠶ᠎ᠠ ᠶᠢ ᠰᠡᠷᠭᠡᠶᠢᠯᠡᠬᠦ ᠠᠮᠤᠷ ᠲᠦᠪᠰᠢᠨ ᠢ | ᠦᠨᠡᠨ ᠬᠦ ᠪᠠᠲᠤᠯᠠᠪᠠ᠃ | ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠤᠨ ᠡᠬᠢᠨ ᠤ ᠬᠤᠭᠤᠴᠠᠭᠠᠨ ᠳᠤ᠂ ᠮᠠᠨ ᠤ ᠬᠤᠲᠠ ᠬᠠᠲᠤᠨ | ᠭᠤᠤᠯ ᠤᠨ ᠭᠤᠤᠯ ᠭᠡᠰᠬᠦ ᠬᠤᠭᠤᠴᠠᠭᠠᠨ ᠤ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠤᠨ ᠵᠥᠪᠳᠡᠯᠴᠡᠬᠦ ᠬᠤᠷᠠᠯ ᠢ | ᠬᠤᠷᠠᠯᠳᠤᠭᠤᠯᠵᠤ᠂ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠤᠨ ᠲᠤᠬᠠᠶ ᠳᠡᠭᠡᠳᠦ ᠱᠠᠲᠤᠨ ᠤ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠣᠳᠣᠬᠠᠨ ᠤ ᠪᠠᠶᠢᠳᠠᠯ ᠢ | ᠵᠠᠳᠠᠯᠤᠨ᠂ ᠭᠤᠤᠯᠳᠠᠯᠭ᠎ᠠ ᠲᠠᠢ ᠪᠠᠷᠢᠯᠭ᠎ᠠ᠂ ᠴᠢᠬᠤᠯᠠ ᠰᠠᠭᠤᠷᠢ ᠪᠡᠯᠡᠳᠬᠡᠮᠵᠢ᠂ ᠭᠤᠤᠯᠳᠠᠯᠭ᠎ᠠ ᠲᠠᠢ ᠠᠶᠤᠯᠲᠠᠶ | ᠪᠠᠷᠢᠯᠭ᠎ᠠ ᠶᠢᠨ ᠬᠡᠰᠡᠭ ᠤᠨ ᠰᠥᠩ ᠬᠠᠯᠢᠶ᠎ᠠ ᠶᠢ ᠰᠡᠷᠭᠡᠶᠢᠯᠡᠬᠦ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠨᠢᠭᠡ | ᠱᠠᠲᠤ ᠨᠢ ᠨᠢᠭᠡ ᠱᠠᠲᠤ ᠪᠠᠨ ᠠᠳᠬᠤᠵᠤ᠂ ᠨᠢᠭᠡ ᠱᠠᠲᠤ ᠨᠢ ᠨᠢᠭᠡ ᠱᠠᠲᠤᠨ ᠳᠤ ᠬᠠᠷᠢᠭᠤᠴᠠᠬᠤ ᠠᠵᠢᠯ ᠤᠨ | ᠲᠣᠭᠲᠠᠴᠠ ᠶᠢ ᠪᠦᠷᠢᠯᠳᠦᠭᠦᠯᠵᠦ᠂ ᠮᠢᠩᠭᠠᠨ ᠵᠢᠩ ᠤᠨ ᠬᠦᠨᠳᠦ ᠡᠭᠦᠷᠭᠡ ᠶᠢ ᠬᠥᠮᠦᠨ ᠪᠦᠬᠦᠨ ᠡᠭᠦᠷᠭᠡᠯᠡᠬᠦ ᠶᠢ ᠦᠨᠡᠨ | ᠬᠦ ᠪᠠᠲᠤᠯᠠᠪᠠ᠃ | ᠬᠢᠨᠠᠨ ᠬᠡᠮᠵᠢᠵᠦ ᠤᠷᠢᠳᠴᠢᠯᠠᠨ ᠮᠡᠳᠡᠭᠦᠯᠵᠦ ᠤᠷᠢᠳᠴᠢᠯᠠᠨ ᠰᠡᠷᠡᠮᠵᠢᠯᠡᠭᠦᠯᠬᠦ ᠲᠠᠯ᠎ᠠ ᠪᠠᠷ᠂ ᠴᠠᠭ ᠠᠭᠤᠷ᠂ | ᠤᠰᠤᠨ ᠠᠰᠢᠭᠯᠠᠯᠲᠠ᠂ ᠤᠰᠤᠨ ᠵᠦᠢ ᠵᠡᠷᠭᠡ ᠤᠯᠠᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠨᠢᠭᠲᠠ | ᠬᠠᠮᠵᠢᠯᠴᠠᠭᠤᠯᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠵᠥᠪᠳᠡᠯᠴᠡᠬᠦ ᠥᠨᠳᠥᠷ ᠪᠦᠲᠦᠮᠵᠢᠲᠡᠢ | ᠲᠣᠭᠲᠠᠴᠠ ᠶᠢ ᠪᠠᠶᠢᠭᠤᠯᠵᠤ᠂ ᠴᠠᠭ ᠠᠭᠤᠷ ᠤᠨ ᠶᠠᠪᠤᠴᠠ ᠵᠢᠴᠢ ᠰᠦᠩ ᠬᠠᠯᠢᠶ᠎ᠠ ᠶᠢᠨ ᠬᠤᠪᠢᠷᠠᠯᠲᠠ ᠶᠢ ᠨᠢᠭᠲᠠ | ᠬᠢᠨᠠᠨ ᠠᠵᠢᠭᠯᠠᠵᠤ᠂ ᠠᠭᠠᠷ ᠤᠨ ᠳᠤᠯᠠᠭᠠᠨ᠂ ᠤᠷᠤᠰᠬᠠᠯ ᠤᠨ ᠬᠡᠮᠵᠢᠶ᠎ᠡ᠂ ᠤᠰᠤᠨ ᠲᠦᠪᠰᠢᠨ᠂ ᠭᠤᠣᠯ ᠭᠡᠰᠬᠦ | ᠵᠡᠷᠭᠡ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠣᠨᠣᠴᠠᠲᠠᠢ ᠴᠠᠭ ᠠᠭᠤᠷ ᠤᠨ ᠵᠢᠱᠢᠯᠲᠡ ᠪᠠ ᠤᠰᠤᠨ ᠤ | ᠪᠠᠶᠢᠳᠠᠯ ᠤᠨ ᠬᠢᠨᠠᠨ ᠬᠡᠮᠵᠢᠯᠲᠡ ᠪᠠᠷ ᠳᠠᠮᠵᠢᠭᠤᠯᠤᠨ ᠰᠦᠩ ᠬᠠᠯᠢᠶ᠎ᠠ ᠶᠢᠨ ᠪᠠᠶᠢᠳᠠᠯ ᠤᠨ ᠬᠥᠭᠵᠢᠯᠲᠡ | ᠬᠤᠪᠢᠷᠠᠯᠲᠠ ᠶᠢᠨ ᠬᠠᠨᠳᠤᠰᠢ ᠶᠢ ᠦᠷᠭᠦᠯᠵᠢᠯᠡᠨ ᠵᠠᠳᠠᠯᠵᠤ᠂ ᠰᠦᠩ ᠬᠠᠯᠢᠶ᠎ᠠ ᠶᠢ ᠰᠡᠷᠭᠡᠶᠢᠯᠡᠬᠦ ᠰᠢᠨᠵᠢᠯᠡᠬᠦ ᠤᠬᠠᠭᠠᠨᠴᠢ | ᠵᠦᠢ ᠵᠣᠬᠢᠰᠲᠠᠢ ᠲᠥᠰᠦᠯ ᠲᠣᠭᠲᠠᠭᠠᠬᠤ ᠳᠤ ᠬᠦᠴᠦᠲᠡᠢ ᠦᠨᠳᠦᠰᠦᠯᠡᠯ ᠬᠠᠩᠭᠠᠪᠠ᠃ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠪᠠᠷ᠂ ︽ | ᠣᠷᠳᠣᠰ ᠬᠤᠲᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ | ᠲᠥᠰᠦᠯ︾ ᠢ ᠳᠠᠷᠤᠮᠠᠯᠯᠠᠨ ᠲᠠᠷᠬᠠᠭᠠᠵᠤ᠂ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠨ ᠪᠠᠴᠢᠮ ᠪᠠᠶᠢᠳᠠᠯ ᠢ | ᠠᠷᠭᠠᠴᠠᠭᠠᠬᠤ ᠰᠢᠷᠡᠭᠡᠨ ᠨᠢᠭᠤᠷ ᠤᠨ ᠦᠵᠡᠭᠦᠯᠦᠯᠭᠡ ᠶᠢ ᠥᠷᠨᠢᠭᠦᠯᠪᠡ᠃ ᠦᠶᠡᠷ ᠲᠣᠭᠲᠠᠭᠠᠬᠤ ᠣᠷᠣᠨ ᠤ | ᠬᠠᠮᠢᠶᠠᠷᠤᠯᠲᠠ ᠶᠢᠨ ᠨᠢᠭᠡᠴᠡ ᠶᠢ ᠰᠢᠮᠳᠠᠭᠤᠯᠵᠤ ᠪᠠᠶᠢᠭᠠᠳ ᠪᠠᠴᠢᠮ ᠪᠠᠶᠢᠳᠠᠯ ᠢ ᠠᠷᠭᠠᠴᠠᠭᠠᠵᠤ ᠦᠶᠡᠷ ᠬᠤᠪᠢᠶᠠᠷᠢᠯᠠᠬᠤ | ᠣᠷᠣᠨ ᠤ ᠦᠶᠡᠷ ᠰᠠᠯᠭᠠᠬᠤ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠯᠭᠡᠵᠦ᠂ ᠬᠠᠲᠤᠨ ᠭᠤᠤᠯ ᠳᠠᠭᠠᠤ ᠶᠢᠨ | ᠡᠯ᠎ᠡ ᠬᠤᠰᠢᠭᠤᠨ ᠤ ᠬᠡᠰᠡᠭᠲᠦ ᠴᠢᠯᠠᠭᠤ᠂ ᠪᠦᠳᠦᠭᠦᠯᠢᠭ ᠪᠥᠰ᠂ ᠰᠦᠯᠵᠢᠮᠡᠯ ᠤᠭᠤᠲᠠ᠂ ᠬᠠᠷ᠎ᠠ ᠲᠤᠭᠤᠯᠭᠠᠨ | ᠤᠲᠠᠰᠤ᠂ ᠴᠠᠬᠢᠯᠭᠠᠨ ᠭᠠᠷᠭᠠᠬᠤ ᠮᠠᠰᠢᠨ ᠵᠡᠷᠭᠡ ᠠᠶᠤᠯ ᠠᠴᠠ ᠠᠪᠤᠷᠠᠨ ᠲᠤᠰᠠᠯᠠᠬᠤ 30 ᠭᠠᠷᠤᠶ ᠵᠦᠶ᠋ᠯ ᠤᠨ ᠡᠳ᠋ | ᠪᠠᠷᠠᠭ᠎ᠠ ᠲᠣᠨᠤᠭ ᠲᠥᠬᠦᠭᠡᠷᠦᠮᠵᠢ ᠶᠢ ᠨᠥᠭᠡᠴᠡᠯᠡᠵᠦ᠂ ᠭᠠᠯ ᠤᠨᠲᠠᠷᠠᠭᠠᠬᠤ᠂ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠡᠯ᠎ᠡ ᠲᠥᠷᠥᠯ ᠤᠨ ᠠᠶᠤᠯ ᠠᠴᠠ ᠠᠪᠤᠷᠠᠨ ᠲᠤᠰᠠᠯᠠᠬᠤ | ᠡᠩᠨᠡᠭᠡ ᠶᠢ ᠨᠠᠶᠢᠳᠠᠪᠤᠷᠢᠵᠢᠭᠤᠯᠤᠨ᠎ᠠ᠃ ᠬᠥᠪᠦᠮᠡᠯ ᠬᠥᠭᠦᠷᠭᠡ ᠶᠢ ᠨᠤᠷᠠᠭᠠᠬᠤ᠂ ᠲᠦᠷ ᠴᠠᠭ ᠪᠠᠷᠢᠯᠭ᠎ᠠ ᠪᠠᠷᠢᠬᠤ᠂ | ᠬᠠᠰᠢᠯᠭ᠎ᠠ ᠶᠢᠨ ᠭᠤᠯᠳᠤᠩ ᠨᠦᠬᠡ ᠶᠢ ᠪᠥᠭᠯᠡᠬᠦ᠂ ᠠᠶᠤᠯᠲᠠᠶ ᠪᠠᠷᠢᠯᠭ᠎ᠠ ᠶᠢᠨ ᠬᠡᠰᠡᠭ ᠵᠡᠷᠭᠡ ᠪᠠᠭᠤᠷᠠᠶ ᠲᠠᠯ᠎ᠠ ᠶᠢ ᠴᠠᠭ | ᠲᠤᠬᠠᠶ ᠳᠤᠨᠢ ᠰᠡᠯᠪᠢᠨ ᠵᠠᠰᠠᠵᠤ ᠪᠠᠬᠢᠵᠢᠭᠦᠯᠦᠨ᠂ ᠰᠥᠩ ᠬᠠᠯᠢᠶ᠎ᠠ ᠶᠢᠨ ᠰᠠᠭᠠᠳ ᠥᠬᠡᠶ ᠨᠡᠪᠲᠡᠷᠡᠬᠦ ᠪᠠ | ᠪᠠᠷᠢᠯᠭ᠎ᠠ ᠶᠢᠨ ᠦᠶᠡᠷ ᠢ ᠰᠡᠷᠭᠡᠶᠢᠯᠡᠬᠦ ᠴᠢᠳᠠᠪᠤᠷᠢ ᠶᠢ ᠦᠨᠡᠨᠬᠦ ᠪᠠᠲᠤᠯᠠᠵᠤ᠂ ᠵᠠᠩᠭᠢᠯᠠᠭ᠎ᠠ ᠶᠢᠨ ᠴᠠᠭ ᠮᠥᠴᠡ ᠳᠤ᠂ | ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠨ᠂ ᠲᠦᠭᠰᠢᠭᠦᠷᠢᠲᠦ | ᠪᠠᠶᠢᠳᠠᠯ ᠢ ᠪᠦᠲᠦᠮᠵᠢᠲᠡᠶ ᠠᠷᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ᠲᠤᠬᠠᠶ ᠶᠢᠨ ᠴᠠᠭ ᠲᠤᠨᠢ ᠬᠢᠨᠠᠨ ᠬᠡᠮᠵᠢᠬᠦ ᠲᠠᠯ᠎ᠠ ᠪᠠᠷ᠂ ᠳᠠᠭᠠᠭᠤᠯᠢ ᠣᠳᠣᠨ ᠤ ᠠᠯᠤᠰ ᠰᠡᠷᠡᠯ᠂ ᠵᠢᠯᠣᠭᠤᠴᠢ | ᠥᠬᠡᠶ ᠨᠢᠰᠬᠡᠯ᠂ ᠬᠠᠷᠠᠭᠠᠨ ᠳᠠᠪᠲᠠᠮᠵᠢ ᠪᠠᠷ ᠬᠢᠨᠠᠨ ᠬᠡᠮᠵᠢᠬᠦ ᠥᠷᠲᠡᠭᠡ ᠴᠡᠭ᠂ ᠬᠥᠮᠦᠨ ᠤ ᠬᠦᠴᠦ ᠪᠠᠷ ᠬᠢᠨᠠᠨ | ᠬᠡᠮᠵᠢᠬᠦ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠶᠢ ᠬᠡᠷᠡᠭᠯᠡᠨ᠂ ᠰᠥᠩ ᠬᠠᠯᠢᠶ᠎ᠠ ᠶᠢ ᠪᠥᠬᠦ ᠲᠠᠯ᠎ᠠ ᠪᠠᠷ᠂ | ᠪᠣᠰᠤᠭ᠎ᠠ ᠴᠣᠭᠴᠠ ᠪᠠᠷ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠵᠤ᠂ ᠬᠠᠲᠤᠨ ᠭᠤᠤᠯ ᠤᠨ ᠭᠤᠤᠯ ᠭᠡᠰᠬᠦ | ᠶᠠᠪᠤᠴᠠ ᠳᠠᠬᠢ ᠰᠥᠩ ᠬᠠᠯᠢᠶ᠎ᠠ ᠶᠢᠨ ᠪᠠᠶᠢᠳᠠᠯ᠂ ᠤᠰᠤᠨ ᠤ ᠪᠠᠶᠢᠳᠠᠯ ᠤᠨ ᠬᠤᠪᠢᠷᠠᠯᠲᠠ ᠶᠢ 24 ᠴᠠᠭ ᠢᠶᠠᠷ | ᠲᠠᠰᠤᠷᠠᠯᠲᠠ ᠥᠬᠡᠶ ᠬᠢᠨᠠᠨ ᠬᠡᠮᠵᠢᠵᠦ᠂ ᠰᠥᠩ ᠬᠠᠯᠢᠶ᠎ᠠ ᠶᠢᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ | ᠣᠨᠣᠪᠴᠢᠲᠠᠶ ᠳᠠᠮᠵᠢᠭᠤᠯᠬᠤ ᠶᠢ ᠦᠨᠡᠨ ᠬᠦ ᠪᠠᠲᠤᠯᠠᠪᠠ᠃ ᠰᠦᠩ ᠬᠠᠯᠢᠶ᠎ᠠ ᠶᠢᠨ ᠪᠠᠢᠳᠠᠯ ᠬᠡᠪ ᠤᠨ ᠪᠤᠰᠤ ᠪᠠᠶᠢᠬᠤ ᠶᠢ | ᠣᠯᠵᠤ ᠮᠡᠳᠡᠪᠡᠯ᠂ ᠲᠡᠷᠡ ᠳᠠᠷᠤᠶ ᠳᠤᠨᠢ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠡᠬᠢᠯᠡᠭᠦᠯᠵᠦ᠂ | ᠵᠣᠬᠢᠴᠠᠩᠭᠤᠶ ᠠᠷᠭ᠎ᠠ ᠬᠡᠮᠵᠢᠶ᠎ᠡ ᠠᠪᠴᠤ ᠰᠢᠢᠳᠪᠦᠷᠢᠯᠡᠨ᠎ᠡ᠃ | ᠤᠬᠠᠭᠤᠯᠭ᠎ᠠ ᠬᠥᠮᠦᠵᠢᠯ ᠢ ᠴᠢᠩᠭᠠᠳᠬᠠᠬᠤ ᠲᠠᠯ᠎ᠠ ᠪᠠᠷ᠂ ᠰᠥᠩ ᠬᠠᠯᠢᠶ᠎ᠠ ᠶᠢ ᠰᠡᠷᠭᠡᠶᠢᠯᠡᠬᠦ ᠤᠬᠠᠭᠤᠯᠭ᠎ᠠ ᠶᠢᠨ | ᠬᠠᠷᠠᠭᠠᠨ ᠳᠠᠪᠲᠠᠮᠵᠢ᠂ ᠵᠢᠷᠤᠭᠲᠤ ᠳᠡᠪᠲᠡᠷ᠂ ᠵᠠᠷᠯᠠᠯ᠂ ᠭᠠᠷ ᠳᠡᠪᠲᠡᠷ ᠵᠡᠷᠭᠡ ᠮᠠᠲ᠋ᠧᠷᠢᠶᠠᠯ ᠢ ᠦᠢᠯᠡᠳᠴᠦ᠂ ᠣᠯᠠᠨ | ᠵᠠᠭᠤᠴᠢᠯᠠᠭᠤᠷ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠰᠤᠷᠭᠠᠭᠤᠯᠢ ᠶᠢᠨ ᠬᠦᠷᠢᠶ᠎ᠡ ᠨᠡᠶᠢᠭᠡᠮ ᠲᠣᠭᠤᠷᠢᠭ ᠲᠤ | ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠬᠠᠭᠤᠯᠭ᠎ᠠ ᠬᠥᠮᠦᠵᠢᠯ ᠥᠷᠨᠢᠭᠦᠯᠵᠦ᠂ ᠬᠠᠲᠤᠨ | ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ︽ᠡᠬᠡᠯ ᠠᠷᠠᠳ ᠤᠨ ᠬᠡᠷ ᠲᠤ | ᠣᠷᠣᠭᠤᠯᠪᠠ︾᠃ | ᠬᠠᠳᠤᠨ ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠬᠥᠮᠦᠰ ᠤᠳᠠᠭ᠎ᠠ ᠪᠦᠷᠢ ᠶᠢᠨ ᠬᠠᠬᠢᠷ ᠬᠦᠢᠳᠡᠨ ᠲᠠᠢ | ᠲᠡᠮᠡᠴᠡᠬᠦ ᠲᠡᠮᠡᠴᠡᠯ ᠨᠢ ᠡᠴᠦᠰ ᠲᠡᠭᠡᠨ ᠤᠷᠢᠬᠠᠨ ᠬᠠᠪᠤᠷ ᠢ ᠰᠠᠬᠢᠨ ᠬᠠᠮᠠᠭᠠᠯᠠᠬᠤ ᠭᠠᠪᠢᠶᠠᠨ ᠳᠡᠮᠳᠡᠭ ᠪᠣᠯᠬᠤ ᠶᠢ ᠪᠠᠲᠤ | ᠢᠲᠡᠭᠡᠵᠦ ᠪᠠᠶᠢᠯ᠎ᠠ᠃ | ᠭᠤᠤᠯ ᠭᠡᠰᠬᠦ ᠵᠠᠩᠭᠢᠯᠠᠭ᠎ᠠ ᠶᠢᠨ ᠬᠤᠭᠤᠴᠠᠭᠠᠨ ᠤ ᠰᠢᠯᠭᠠᠯᠲᠠ ᠮᠥᠨ ᠬᠦ ᠦᠷᠭᠦᠯᠵᠢᠯᠡᠵᠦ᠂ ᠣᠷᠳᠣᠰ ᠬᠤᠲᠠ | ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ | ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠦᠨᠡᠨ ᠬᠦ ᠪᠠᠲᠤᠯᠠᠵᠤ᠂ ᠬᠠᠲᠤᠨ ᠭᠤᠤᠯ ᠤᠨ ᠬᠠᠰᠢᠯᠭ᠎ᠠ ᠰᠡᠳᠡᠷᠡᠬᠦ ᠥᠬᠡᠶ ᠪᠠᠶᠢᠬᠤ ᠶᠢ ᠦᠨᠡᠨ ᠬᠦ | ᠪᠠᠲᠤᠯᠠᠬᠤ︾ ᠬᠠᠷᠠᠯᠲᠠ ᠶᠢ ᠲᠣᠭᠲᠠᠭᠠᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ | ᠰᠡᠳᠬᠢᠯᠭᠡ ᠪᠠ ᠡᠭᠦᠷᠭᠡᠲᠦ ᠪᠣᠳᠣᠯ ᠢᠶᠠᠷ ᠰᠥᠩ ᠬᠠᠯᠢᠶ᠎ᠠ ᠶᠢ ᠰᠡᠷᠭᠡᠶᠢᠯᠡᠬᠦ ᠬᠠᠷᠢᠭᠤᠴᠠᠯᠭ᠎ᠠ ᠶᠢ ᠠᠵᠢᠯ ᠤᠨ ᠪᠠᠶᠢᠷᠢ᠂ | ᠬᠥᠮᠦᠨ ᠳᠤ ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠠᠮᠤᠷ ᠲᠦᠪᠰᠢᠨ ᠢ ᠬᠠᠮᠠᠭᠠᠯᠠᠨ᠎ᠠ᠃ |