3 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ | ᠤᠳᠤᠷᠢᠳᠬᠤ ᠳᠤᠭᠤᠶᠢᠯᠠᠩ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠬᠤᠶᠠᠷ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠪᠠ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠡᠷᠢᠭᠦᠯᠡᠭᠴᠢ ᠵᠠᠩ ᠶᠠᠨ ᠺᠦᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠥᠸᠧ ᡁᠢ ᠬᠤ᠋᠂ | ᠴᠡᠴᠡᠭ᠂ ᠸᠧᠢ ᠭᠦᠸᠧ ᠨᠠᠨ᠂ ᠠᠨ ᠷᠦᠨ ᠱᠧᠩ᠂ ᠵᠠᠩ ᠯᠧᠢ᠂ ᠶᠠᠩ ᠵᠢᠶᠧ ᠵᠢᠴᠢ ᠨᠠᠷᠢᠨ ᠪᠢᠴᠢᠭ ᠤᠨ ᠳᠠᠷᠤᠭ᠎ᠠ | ᠶᠠᠩ ᠯᠢ ᠮᠢᠨ ᠬᠤᠷᠠᠯ ᠳᠤ ᠣᠷᠣᠯᠴᠠᠵᠠᠢ᠃ ᠬᠥᠬᠡᠬᠤᠲᠠ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠬᠡᠰᠡᠭ ᠭᠡᠰᠢᠭᠦᠳ ᠪᠣᠯᠣᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠬᠤᠷᠠᠯ ᠳᠤ ᠣᠷᠣᠯᠴᠠᠪᠠ᠃ | ᠬᠤᠷᠠᠯ ᠠᠴᠠ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠲᠠᠢ | ᠨᠢᠭᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠳᠣᠭᠲᠠᠭᠠᠭᠰᠠᠨ︾ ᠢ ᠡᠷᠡᠰ ᠬᠦᠷᠢᠶᠡᠯᠡᠵᠦ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ | ᠂ ᠭᠤᠣᠯᠳᠠᠯᠭ᠎ᠠ ᠶᠡᠭᠡ ᠲᠠᠯ᠎ᠠ ᠳᠤ ᠦᠢᠯᠡᠴᠢᠯᠡᠬᠦ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠰᠢᠨ᠎ᠡ ᠶᠢ | ᠡᠭᠦᠳᠦᠨ ᠬᠥᠭᠵᠢᠬᠦ ᠶᠢ ᠠᠬᠢᠭᠤᠯᠬᠤ᠂ ᠭᠡᠰᠢᠭᠦᠳ ᠤᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ᠂ | ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠵᠡᠷᠭᠡ ᠲᠠᠯ᠎ᠠ ᠪᠠᠷ ᠦᠷᠭᠦᠯᠵᠢᠯᠡᠨ ᠭᠤᠣᠯᠳᠠᠯᠭ᠎ᠠ ᠲᠠᠢ ᠬᠦᠴᠦᠯᠡᠵᠦ᠂ | ᠦᠨᠡᠨ ᠬᠦ ᠠᠳᠬᠤᠵᠤ ᠪᠣᠳᠠᠲᠠᠢ ᠠᠵᠢᠯᠯᠠᠵᠤ᠂ ᠵᠣᠷᠢᠭᠲᠠᠢ ᠡᠭᠦᠷᠭᠡᠯᠡᠵᠦ᠂ ᠨᠡᠩ ᠢᠯᠡᠭᠦᠦ ᠬᠦᠴᠦᠯᠡᠨ ᠴᠢᠷᠮᠠᠶᠢᠬᠤ | ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠵᠦᠢᠯ ᠤᠨ | ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ | ᠲᠦᠷᠦ ᠶᠢᠨ ᠵᠥᠪᠯᠡᠯᠭᠡᠨ ᠤ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ | ᠬᠡᠷᠡᠭᠲᠡᠢ ᠭᠡᠵᠦ ᠵᠢᠭᠠᠵᠤ ᠭᠠᠷᠭᠠᠪᠠ᠃ |