3 ᠳ᠋ᠤᠭᠠᠷ ᠰᠠᠷ᠎ᠠ ᠶᠢᠨ 17 ᠤ ᠡᠳᠦᠷ᠂ ᠪᠥᠬᠦ ᠬᠤᠲᠠ ᠶᠢᠨ ᠠᠶᠤᠯ ᠥᠬᠡᠶ ᠦᠢᠯᠡᠳᠪᠦᠷᠢᠯᠡᠯ ᠪᠠ ᠣᠶ ᠰᠢᠭᠤᠶ | ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ | ᠠᠶᠤᠯᠭᠦᠶ ᠦᠢᠯᠡᠳᠪᠦᠷᠢᠯᠡᠯ ᠤᠨ ᠰᠡᠷᠡᠮᠵᠢ ᠶᠢᠨ ᠹᠢᠯᠢᠮ ᠢ ᠲᠥᠪᠯᠡᠷᠡᠭᠦᠯᠦᠨ ᠦᠵᠡᠵᠦ᠂ ᠪᠥᠬᠦ ᠤᠯᠤᠰ ᠤᠨ ᠠᠶᠤᠯᠭᠦᠶ | ᠦᠢᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠸᠢᠳᠢᠣ᠋ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠪᠥᠬᠦ ᠬᠤᠲᠠ ᠶᠢᠨ | ᠠᠶᠤᠯᠭᠦᠶ ᠦᠢᠯᠡᠳᠪᠦᠷᠢᠯᠡᠯ ᠪᠠ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ | ᠠᠵᠢᠯ ᠤᠨ ᠪᠠᠶᠢᠳᠠᠯ ᠢ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠶ ᠳ᠋ᠦᠩ ᠬᠤᠷᠠᠯ ᠳᠤ | ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ | ᠳᠠᠷᠤᠭ᠎ᠠ ᠯᠢᠦ ᠵᠢᠶ ᠶᠢᠩ ᠬᠤᠷᠠᠯ ᠢ ᠡᠷᠭᠢᠯᠡᠪᠡ᠃ | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠡᠨᠡ | ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠭᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ | ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠥᠨᠳᠥᠷ | ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ᠃ ᠬᠡᠮ | ᠰᠣᠭᠤᠭ ᠢ ᠵᠢᠭᠰᠠᠭᠠᠨ ᠪᠠᠶᠢᠴᠠᠭᠠᠬᠤ ᠶᠢ ᠦᠷᠭᠦᠯᠵᠢᠯᠡᠨ ᠴᠢᠩᠭᠠᠳᠬᠠᠵᠤ᠂ ᠥᠨᠴᠥᠭ ᠪᠤᠯᠤᠩ ᠥᠬᠡᠶ | ᠪᠠᠶᠢᠩᠭᠤᠵᠢᠭᠤᠯᠬᠤ ᠶᠢ ᠪᠡᠶᠡᠯᠡᠭᠦᠯᠵᠦ᠂ ᠲᠡᠭ ᠠᠴᠠ ᠡᠬᠢᠯᠡᠨ ᠲᠤᠰᠬᠠᠶᠢᠵᠢᠭᠤᠯᠵᠤ᠂ ᠨᠠᠷᠢᠨ ᠲᠣᠳᠣᠷᠬᠠᠶ | ᠬᠠᠭᠤᠳᠠᠰᠤ ᠶᠢ ᠠᠳᠬᠤᠨ᠂ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠲᠣᠳᠣᠷᠬᠠᠶᠢᠯᠠᠵᠤ᠂ ᠬᠡᠮ ᠰᠣᠭᠤᠭ ᠢ | ᠳᠠᠯᠳᠠᠯᠠᠬᠤ ᠭᠠᠵᠠᠷ ᠥᠬᠡᠶ ᠪᠣᠯᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ ᠣᠪᠣᠷ ᠡᠷᠡᠰ ᠪᠠᠲᠤ᠂ ᠠᠷᠭ᠎ᠠ ᠪᠠᠷᠢᠯ ᠬᠠᠲᠠᠭᠤ ᠴᠢᠩᠭ᠎ᠠ ᠪᠠᠶᠢᠵᠤ | ᠂ ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ᠂ ᠦᠨᠡᠨ ᠠᠴᠠ ᠵᠥᠪ ᠢ ᠡᠷᠢᠨ | ᠦᠨᠳᠦᠰᠦᠨ ᠠᠴᠠ ᠨᠢ ᠵᠠᠰᠠᠵᠤ᠂ ᠡᠪᠡᠷᠰᠢᠶᠡᠯ ᠢ ᠠᠳᠬᠤᠨ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ᠂ ᠠᠮᠤᠷ | ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠠᠷᠢᠯᠭᠠᠵᠤ᠂ ᠠᠶᠤᠯ ᠥᠬᠡᠶ ᠦᠢᠯᠡᠳᠪᠦᠷᠢᠯᠡᠯ ᠤᠨ ᠪᠠᠶᠢᠳᠠᠯ ᠤᠨ | ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳᠦᠭᠡᠷ ᠬᠠᠷᠢᠭᠤᠴᠠᠯᠭᠠᠲᠠᠨ ᠶᠠᠭᠠᠬᠢᠭᠰᠠᠨ ᠴᠤ ︽ᠭᠠᠷ ᠰᠠᠵᠢᠬᠤ | ᠵᠠᠩᠭᠤᠶᠢᠳᠠ︾ ᠪᠤᠯᠵᠤ ᠪᠣᠯᠬᠤ ᠦᠭᠡᠢ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠭᠠᠯ | ᠰᠡᠷᠭᠡᠶᠢᠯᠡᠬᠦ ᠭᠠᠯ ᠤᠨᠲᠠᠷᠠᠭᠠᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠲᠠᠯ᠎ᠠ ᠶᠢᠨ ᠠᠮᠤᠷ | ᠲᠦᠪᠰᠢᠨ ᠤ ᠤᠬᠠᠮᠰᠠᠷ ᠪᠣᠯᠤᠨ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠵᠤ᠂ ᠭᠠᠷ ᠬᠤᠯᠪᠣᠨ ᠣᠷᠣᠨ ᠤ | ᠲᠥᠪ ᠤᠨ ᠠᠮᠤᠷ ᠲᠦᠪᠰᠢᠨ ᠲᠣᠭᠲᠠᠭᠤᠨ ᠬᠥᠭᠵᠢᠯᠲᠡ ᠶᠢᠨ ᠣᠷᠴᠢᠨ ᠢ ᠬᠠᠮᠲᠤ ᠪᠠᠷ ᠪᠤᠢ ᠪᠣᠯᠭᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠬᠤᠲᠠ ᠶᠢᠨ ᠤᠳᠤᠷᠢᠳᠤᠯᠭ᠎ᠠ ᠸᠠᠩ ᠺᠦᠨ᠂ ᠸᠠᠩ ᠰᠢᠨ ᠢᠦᠶ᠂ ᠵᠢᠶᠤᠤ ᠬᠤᠩ᠂ ᠲᠠᠯ᠎ᠠ᠂ ᠭᠤᠤ ᠬᠠᠨ ᠵᠢᠴᠢ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ |