3 ᠰᠠᠷ᠎ᠠ ᠶᠢᠨ 17 ᠤ ᠡᠳᠦᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠨᠠᠮ ᠤᠨ | ᠬᠤᠷᠢᠶᠠᠨ ᠤ ᠱᠦᠵᠢ᠂ ᠶᠠᠮᠤᠨ ᠤ ᠰᠠᠶᠢᠳ ᠸᠠᠩ ᠰᠢᠶᠠᠩ ᠰᠢ ᠶᠠᠮᠤᠨ ᠤ ᠨᠠᠮ ᠤᠨ ᠬᠤᠷᠢᠶ᠎ᠠ ᠵᠢᠴᠢ ᠶᠠᠮᠤᠨ ᠤ | ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠨᠠᠮ ᠤᠨ ᠪᠠᠶᠢᠭᠤᠯᠤᠯᠲᠠ ᠶᠢᠨ | ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ ᠠᠯᠪᠠᠨ ᠲᠢᠩᠬᠢᠮ ᠤᠨ | ᠬᠤᠯᠪᠣᠭᠳᠠᠯ ᠪᠥᠬᠦᠶ ᠮᠡᠳᠡᠭᠳᠡᠯ ᠤᠨ ᠱᠠᠭᠠᠷᠳᠠᠯᠭ᠎ᠠ ᠶᠢ ᠤᠯᠠᠮᠵᠢᠯᠠᠵᠤ᠂ ᠶᠠᠮᠤᠨ ᠤ ᠰᠢᠰᠲ᠋ᠧᠮ ᠤᠨ ᠰᠤᠷᠤᠯᠴᠠᠯᠭ᠎ᠠ | ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠸᠠᠩ ᠰᠢᠶᠠᠩ ᠰᠢ᠂ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ | ᠨᠢᠭᠡᠳᠬᠡᠵᠦ᠂ ᠶᠠᠮᠤᠨ ᠤ ᠰᠢᠰᠲ᠋ᠧᠮ ᠤᠨ ᠰᠤᠷᠤᠯᠴᠠᠯᠭ᠎ᠠ ᠬᠥᠮᠦᠵᠢᠯ ᠢ ᠡᠮᠬᠢ ᠵᠢᠷᠤᠮ ᠲᠠᠢ ᠪᠦᠲᠦᠮᠵᠢᠲᠡᠶ | ᠥᠷᠨᠢᠭᠦᠯᠬᠦ ᠶᠢ ᠠᠬᠢᠭᠤᠯᠵᠤ᠂ ᠨᠠᠮ ᠤᠨ ᠭᠡᠰᠢᠭᠦᠨ᠂ ᠺᠠᠳ᠋ᠷ ᠢ ᠬᠥᠲᠥᠯᠥᠨ ᠵᠢᠯᠣᠭᠤᠳᠴᠤ ᠨᠠᠩ ᠰᠢᠯᠢᠳᠡᠭ | ᠰᠤᠷᠲᠠᠯ ᠢᠶᠠᠷ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠦᠢᠯᠡᠰ ᠤᠨ ᠥᠭᠡᠷᠡᠴᠢᠯᠡᠯᠲᠡ | ᠰᠢᠨᠡᠴᠢᠯᠡᠯᠲᠡ ᠶᠢ ᠠᠬᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ | ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠶ᠃ | ᠬᠤᠷᠠᠯ ᠠᠴᠠ᠂ ᠪᠦᠬᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ | ᠠᠵᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ | ᠬᠥᠮᠦᠵᠢᠯ ᠤᠨ ᠭᠤᠣᠯ ᠰᠡᠳᠦᠪ ᠢ ᠪᠡᠶ᠎ᠡ ᠪᠠᠷ ᠢᠶᠠᠨ ᠲᠥᠯᠥᠪᠵᠢᠭᠦᠯᠦᠨ ᠲᠣᠭᠲᠠᠭᠠᠵᠤ᠂ ᠴᠢᠬᠤᠯᠠ ᠶᠠᠷᠢᠶ᠎ᠠ ᠲᠠᠯᠪᠢᠵᠤ᠂ | ᠴᠢᠬᠤᠯᠠ ᠵᠢᠭᠠᠪᠤᠷᠢ ᠥᠭᠴᠦ᠂ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠳᠤ ᠴᠢᠭᠯᠡᠯ ᠢ ᠲᠣᠳᠣᠷᠬᠠᠢ ᠵᠢᠭᠠᠵᠤ | ᠥᠭᠴᠡᠢ᠃ ᠶᠠᠮᠤᠨ ᠤ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ | ᠭᠡᠰᠢᠭᠦᠨ ᠺᠠᠳ᠋ᠷ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠬᠦ ᠤᠯᠤᠰ ᠲᠦᠷᠦ ᠶᠢᠨ ᠦᠨᠳᠦᠷᠴᠡ ᠠᠴᠠ᠂ ᠲᠤᠰ ᠤᠳᠠᠭ᠎ᠠ ᠶᠢᠨ ᠰᠤᠷᠤᠯᠴᠠᠯᠭ᠎ᠠ ᠬᠥᠮᠦᠵᠢᠯ ᠤᠨ | ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠡᠷᠡᠰ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ | ᠬᠤᠷᠠᠯ ᠠᠴᠠ᠂ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠲᠠᠯᠠᠵᠤ᠂ ᠰᠤᠷᠤᠯᠴᠠᠬᠤ | ᠵᠠᠯᠠᠷᠠᠭᠤᠯᠬᠤ ᠶᠢ ᠨᠢᠭᠡ ᠴᠤᠬᠴᠠᠵᠢᠭᠤᠯᠤᠨ ᠠᠬᠢᠭᠤᠯᠵᠤ᠂ ᠰᠤᠷᠤᠯᠴᠠᠬᠤ ᠳᠠᠭᠠᠨ ᠶᠠᠰᠤ ᠴᠢᠨᠠᠷ ᠲᠠᠢ ᠪᠠᠶᠢᠬᠤ᠂ | ᠪᠠᠶᠢᠴᠠᠭᠠᠬᠤ ᠳᠠᠭᠠᠨ ᠡᠷᠴᠢᠮ ᠲᠠᠢ ᠪᠠᠶᠢᠬᠤ᠂ ᠥᠭᠡᠷᠡᠴᠢᠯᠡᠬᠦ ᠳᠡᠭᠡᠨ ᠦᠷ᠎ᠡ ᠪᠦᠲᠦᠮᠵᠢᠲᠡᠢ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠢ᠃ ᠰᠤᠷᠤᠯᠴᠠᠵᠤ ᠰᠤᠳᠤᠯᠤᠨ ᠶᠠᠷᠢᠯᠴᠠᠬᠤ ᠶᠢ ᠢᠮᠠᠭᠲᠠ ᠲᠤᠭᠤᠰᠢᠯᠠᠭᠤᠯᠵᠤ᠂ ᠶᠡᠷᠦᠩᠬᠡᠶ | ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ | ᠥᠭᠦᠯᠡᠯᠲᠡ ᠶᠢ ᠰᠠᠶᠢᠲᠤᠷ ᠰᠤᠷᠤᠯᠴᠠᠵᠤ᠂ ᠨᠠᠮ ᠤᠨ ᠭᠡᠰᠢᠭᠦᠨ᠂ ᠺᠠᠳ᠋ᠷᠴᠤᠳ ᠤᠨ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ | ᠲᠥᠷᠥ ᠶᠢᠨ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ | ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠰᠠᠭᠤᠳᠠᠯ ᠢ ᠪᠦᠬᠦ ᠲᠠᠯ᠎ᠠ ᠪᠠᠷ | ᠭᠦᠨᠵᠡᠭᠡᠢ ᠪᠠᠶᠢᠴᠠᠭᠠᠨ ᠳᠡᠯᠭᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠡᠷᠡᠮᠵᠢᠯᠡᠭᠦᠯᠬᠦ ᠬᠥᠮᠦᠵᠢᠯ ᠢ | ᠴᠢᠩᠭᠠᠳᠬᠠᠬᠤ ᠬᠡᠷᠡᠭᠲᠡᠢ᠃ ᠦᠨᠡᠨ ᠬᠦ ᠬᠠᠲᠠᠭᠤ ᠲᠠᠢ ᠨᠢ ᠬᠠᠯᠳᠠᠵᠤ ᠲᠥᠪᠯᠡᠷᠡᠭᠦᠯᠦᠨ ᠴᠡᠭᠴᠡᠯᠡᠨ ᠵᠠᠰᠠᠬᠤ ᠶᠢ | ᠠᠬᠢᠭᠤᠯᠵᠤ᠂ ᠦᠨᠡᠨ ᠬᠦ ᠴᠡᠭᠴᠡᠯᠡᠨ ᠰᠠᠶᠢᠵᠢᠷᠠᠭᠤᠯᠵᠤ ᠪᠣᠳᠠᠲᠠᠶ ᠴᠡᠭᠴᠡᠯᠡᠨ ᠰᠠᠶᠢᠵᠢᠷᠠᠭᠤᠯᠵᠤ᠂ ᠲᠦᠢᠯᠪᠤᠷᠢᠲᠠᠶ | ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠳᠡ ᠪᠠᠨ ᠨᠡᠭᠡᠭᠡᠬᠦ ᠬᠥᠮᠦᠵᠢᠯ ᠢ ᠬᠢᠨᠠᠮᠠᠭᠠᠢ | ᠰᠠᠶᠢᠲᠤᠷ ᠠᠳᠬᠤᠵᠤ᠂ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠤᠯᠠᠨ ᠲᠦᠮᠡᠨ ᠤ ᠬᠢᠨᠠᠯᠲᠠ | ᠦᠨᠡᠯᠡᠯᠲᠡ ᠶᠢ ᠤᠬᠠᠮᠰᠠᠷ ᠠᠴᠠ ᠪᠠᠨ ᠬᠦᠯᠢᠶᠡᠨ᠎ᠡ᠃ | ᠬᠤᠷᠠᠯ ᠠᠴᠠ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠡᠯ᠎ᠡ ᠲᠠᠯ᠎ᠠ ᠶᠢᠨ | ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠤᠬᠠᠭᠤᠯᠵᠤ | ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠢ ᠡᠳᠦᠷ ᠲᠤᠲᠤᠮ ᠤᠨ ᠠᠵᠢᠯ ᠲᠠᠢ | ᠨᠢᠭᠲᠠ ᠤᠶᠠᠯᠳᠤᠭᠤᠯᠵᠤ᠂ ᠨᠠᠮ ᠤᠨ ᠭᠡᠰᠢᠭᠦᠨ᠂ ᠺᠠᠳ᠋ᠷ ᠢ ᠬᠥᠲᠥᠯᠥᠨ ᠵᠢᠯᠣᠭᠤᠳᠴᠤ ᠪᠠᠶᠢᠭᠠᠳ ᠨᠠᠩ ᠰᠢᠯᠢᠳᠡᠭ | ᠰᠤᠷᠲᠠᠯ ᠢᠶᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠂ ᠠᠵᠢᠯ ᠬᠢᠵᠦ ᠦᠢᠯᠡᠰ ᠪᠤᠰᠬᠠᠬᠤ᠂ ᠬᠦᠴᠢᠷ ᠢ | ᠳᠤᠭᠤᠯᠤᠨ ᠪᠡᠷᠬᠡ ᠶᠢ ᠳᠠᠪᠠᠭ᠋ᠤ ᠪᠣᠯᠭᠠᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ | ᠬᠦᠴᠦᠨ ᠪᠣᠯᠭᠠᠨ ᠬᠤᠪᠢᠷᠠᠭᠤᠯᠵᠤ᠂ ᠠᠷᠠᠳ ᠤᠨ ᠠᠮᠤᠷ ᠠᠮᠤᠭᠤᠯᠠᠩ ᠢ ᠪᠠᠲᠤᠯᠠᠬᠤ ᠪᠣᠳᠠᠲᠤ ᠠᠵᠢᠯᠯᠠᠭ᠎ᠠ ᠪᠣᠯᠭᠠᠨ | ᠬᠤᠪᠢᠷᠠᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ | ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠲᠥᠷᠥ ᠶᠢᠨ ᠶᠠᠪᠤᠳᠠᠯ ᠤᠨ ᠬᠤᠷᠢᠶᠠᠨ ᠤ ᠨᠠᠢᠮᠠᠳᠤᠭᠠᠷ ᠪᠥᠬᠦᠳᠡ ᠬᠤᠷᠠᠯ ᠪᠣᠯᠤᠨ ︽ᠵᠠᠰᠠᠭ ᠤᠨ | ᠣᠷᠳᠣᠨ ᠤ ᠠᠵᠢᠯ ᠤᠨ ᠢᠯᠡᠳᠬᠡᠯ︾ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢᠨ | ᠲᠣᠭᠤᠷᠢᠨ ᠳᠤ ᠠᠷᠭ᠎ᠠ ᠬᠡᠮᠵᠢᠶ᠎ᠡ ᠪᠠᠨ ᠣᠨᠣᠪᠴᠢᠲᠠᠶ ᠣᠯᠵᠤ ᠨᠠᠷᠢᠯᠢᠭᠵᠢᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ | ᠪᠠᠲᠤᠯᠠᠬᠤ ᠬᠡᠷᠡᠭᠲᠡᠶ᠃ ᠨᠠᠷᠢᠨ ᠲᠣᠭᠤᠰᠣ ᠳᠡᠯᠪᠡᠷᠡᠯᠲᠡ ᠳᠤ ᠬᠤᠯᠪᠣᠭᠳᠠᠭᠰᠠᠨ ᠠᠵᠤ ᠠᠬᠤᠶᠢᠯᠠᠯ ᠤᠨ ᠲᠤᠰᠬᠠᠶ | ᠮᠡᠷᠭᠡᠵᠢᠯᠲᠡᠨ ᠤ ᠵᠢᠯᠣᠭᠤᠳᠣᠯᠭ᠎ᠠ ᠦᠢᠯᠡᠴᠢᠯᠡᠭᠡ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠭᠤᠷᠬᠠᠶ ᠶᠢᠨ ᠠᠮᠤᠷ | ᠲᠦᠪᠰᠢᠨ ᠤ ᠨᠠᠢᠮᠠᠨ ᠬᠠᠲᠠᠭᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠢᠩᠭ᠎ᠠ ᠪᠠᠶᠢᠴᠠᠭᠠᠵᠤ᠂ | ᠠᠶᠤᠯᠲᠠᠶ ᠬᠢᠮᠢ ᠶᠢᠨ ᠪᠣᠳᠠᠰ ᠪᠣᠯᠤᠨ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠲᠤ ᠭᠠᠯ ᠨᠣᠴᠣᠭᠠᠵᠤ | ᠠᠵᠢᠯᠯᠠᠬᠤ᠂ ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠵᠡᠷᠭᠡ ᠶᠢᠨ ︽ᠨᠢᠭᠡ ᠶᠠᠪᠤᠳᠠᠯ︾ ᠤᠨ ᠪᠥᠬᠦ | ᠬᠡᠯᠬᠢᠶ᠎ᠡ ᠶᠢ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠦᠶᠡᠷ ᠤᠨ ᠬᠤᠭᠤᠴᠠᠭᠠᠨ ᠳᠤ | ᠣᠷᠣᠬᠤ ᠡᠯ᠎ᠡ ᠵᠦᠢᠯ ᠤᠨ ᠪᠡᠯᠡᠳᠬᠡᠯ ᠠᠵᠢᠯ ᠢ ᠦᠨᠡᠨ ᠬᠦ ᠰᠠᠶᠢᠲᠤᠷ ᠬᠢᠵᠦ᠂ ᠣᠶ ᠰᠢᠭᠤᠶ ᠨᠤᠲᠤᠭ ᠪᠡᠯᠴᠢᠭᠡᠷ ᠤᠨ | ᠭᠠᠯ ᠤᠨ ᠭᠠᠮᠰᠢᠭ ᠪᠣᠯᠤᠨ ᠡᠯ᠎ᠡ ᠲᠥᠷᠥᠯ ᠤᠨ ᠭᠠᠮᠰᠢᠭᠲᠤ ᠴᠠᠭ ᠠᠭᠤᠷ ᠢ ᠰᠡᠷᠭᠡᠶᠢᠯᠡᠨ ᠠᠷᠭᠠᠴᠠᠭᠠᠬᠤ ᠶᠢ | ᠴᠢᠩᠭᠠᠳᠬᠠᠨ᠂ ᠭᠤᠤᠯᠳᠠᠯᠭ᠎ᠠ ᠲᠠᠢ ᠭᠠᠵᠠᠷ ᠣᠷᠣᠨ ᠤ ᠭᠠᠵᠠᠷ ᠬᠥᠳᠡᠯᠦᠯᠲᠡ ᠶᠢ ᠬᠢᠨᠠᠨ ᠬᠡᠮᠵᠢᠵᠦ ᠰᠡᠷᠭᠡᠶᠢᠯᠡᠨ | ᠬᠤᠷᠢᠭᠯᠠᠬᠤ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ | ᠲᠡᠷᠢᠭᠦᠨ ᠪᠠᠶᠢᠷᠢᠨ ᠳᠤ ᠲᠠᠯᠪᠢᠵᠤ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ |