ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠬᠢᠨ ᠤᠷᠴᠢᠮ ᠳᠤ ︽ | ᠪᠥᠬᠦ ᠨᠠᠮ ᠤᠨ ᠬᠡᠪᠴᠢᠶᠡᠨ ᠳᠤ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠮᠡᠳᠡᠭᠳᠡᠯ︾ ︵︽ᠮᠡᠳᠡᠭᠳᠡᠯ︾ ᠭᠡᠵᠦ | ᠲᠤᠪᠴᠢᠯᠠᠶ᠎ᠠ︶ ᠢ ᠳᠠᠷᠤᠮᠠᠯᠯᠠᠨ ᠲᠠᠷᠬᠠᠭᠠᠪᠠ᠃ | ︽ᠮᠡᠳᠡᠭᠳᠡᠯ︾ ᠳᠤ᠄ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠥᠬᠦᠳᠡ ᠬᠤᠷᠠᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ | ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠶᠢᠨ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠲᠥᠪ ᠬᠤᠷᠢᠶᠠᠨ ᠤ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠰᠢᠨᠲᠠᠷᠠᠰᠢ ᠦᠭᠡᠢ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ | ᠪᠠᠶᠢᠩᠭᠤᠵᠢᠭᠤᠯᠬᠤ ᠪᠠ ᠤᠷᠳᠤ ᠬᠤᠭᠤᠴᠠᠭ᠎ᠠ ᠪᠠᠷ ᠪᠦᠲᠦᠮᠵᠢᠲᠡᠶ ᠪᠣᠯᠭᠠᠬᠤ ᠲᠡᠶᠢᠰᠢ ᠠᠬᠢᠭᠤᠯᠵᠤ᠂ ᠨᠠᠮ ᠤᠨ ᠲᠥᠪ | ᠬᠤᠷᠢᠶ᠎ᠠ ᠪᠠᠷ ᠵᠥᠪᠰᠢᠶᠡᠷᠡᠭᠦᠯᠦᠭᠡᠳ ᠪᠦᠬᠦ ᠨᠠᠮ ᠤᠨ ᠳᠣᠲᠣᠷ᠎ᠠ ᠲᠥᠪ ᠬᠤᠷᠢᠶᠠᠨ ᠤ ᠨᠠᠢᠮᠠᠨ ᠵᠦᠢᠯ ᠤᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ︵︿ᠰᠤᠷᠤᠯᠴᠠᠯᠭ᠎ᠠ | ᠬᠥᠮᠦᠵᠢᠯ﹀ ᠭᠡᠵᠦ ᠲᠤᠪᠴᠢᠯᠠᠶ᠎ᠠ︶ ᠢ ᠥᠷᠨᠢᠭᠦᠯᠦᠨ᠎ᠡ᠃ ᠰᠤᠷᠤᠯᠴᠠᠯᠭ᠎ᠠ ᠬᠥᠮᠦᠵᠢᠯ ᠢ 2025 ᠣᠨ ᠤ ᠪᠦᠬᠦ | ᠤᠯᠤᠰ ᠤᠨ ᠬᠤᠶᠠᠷ ᠬᠤᠷᠠᠯ ᠤᠨ ᠳᠠᠷᠠᠭ᠎ᠠ ᠡᠬᠢᠯᠡᠭᠦᠯᠵᠦ᠂ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠦᠨᠳᠦᠰᠦᠨ ᠳᠤ ᠪᠠᠨ ᠲᠠᠭᠤᠰᠬᠠᠨ᠎ᠠ︾ ᠬᠡᠵᠡᠢ᠃ | ︽ᠮᠡᠳᠡᠭᠳᠡᠯ︾ ᠳᠤ᠄ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠰᠢᠨ᠎ᠡ | ᠡᠭᠦᠳᠦᠯᠲᠡ ᠶᠢᠨ ᠣᠨᠣᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠬᠦ ᠨᠠᠮ ᠢ ᠵᠣᠬᠢᠶᠠᠨ | ᠪᠠᠶᠢᠭᠤᠯᠤᠨ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ | ᠲᠤᠬᠠᠢ ᠴᠢᠬᠤᠯᠠ ᠥᠭᠦᠯᠡᠯᠲᠡ ᠶᠢ ᠬᠢᠨᠠᠮᠠᠭᠠᠢ ᠰᠤᠷᠤᠯᠴᠠᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ | ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠵᠤ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠠᠳ ᠣᠯᠣᠭᠰᠠᠨ ᠢᠯᠡᠳᠲᠡ ᠦᠷ᠎ᠡ ᠪᠦᠲᠦᠮᠵᠢ ᠶᠢ | ᠰᠢᠰᠲ᠋ᠧᠮ ᠲᠠᠢ ᠳ᠋ᠦᠩᠨᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ | ᠰᠠᠨᠠᠭ᠎ᠠ ᠠᠴᠠ ᠵᠥᠷᠢᠴᠡᠭᠰᠡᠨ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ . ᠴᠡᠭᠴᠡᠯᠡᠵᠤ᠂ ᠰᠤᠷᠲᠠᠯ ᠪᠠ | ᠢᠯᠵᠠᠷᠠᠯ ᠤᠨ ᠵᠢᠱᠢᠶ᠎ᠡ ᠪᠠᠷ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ ᠨᠠᠮ ᠤᠨ ᠭᠡᠰᠢᠭᠦᠨ᠂ ᠺᠠᠳ᠋ᠷᠴᠤᠳ ᠢ | ᠵᠢᠯᠤᠭᠤᠳᠴᠤ ᠪᠠᠶᠢᠭᠠᠳ ᠨᠠᠮᠴᠢ ᠴᠢᠨᠠᠷ ᠢ ᠨᠢ ᠳᠠᠪᠲᠠᠨ ᠪᠣᠯᠪᠠᠰᠤᠷᠠᠭᠤᠯᠵᠤ᠂ ᠦᠵᠡᠯ ᠤᠬᠠᠮᠰᠠᠷ ᠢ ᠨᠢ | ᠳᠡᠭᠡᠭᠰᠢᠯᠡᠭᠦᠯᠦᠨ᠂ ᠨᠠᠮ ᠪᠠ ᠤᠯᠠᠨ ᠲᠦᠮᠡᠨ᠂ ᠺᠠᠳ᠋ᠷ ᠪᠠ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ᠂ | ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠨᠠᠮ ᠤᠨ ᠲᠡᠷᠢᠭᠦᠨ ᠤ ᠴᠢᠨᠠᠷ ᠪᠠ ᠴᠡᠪᠡᠷ ᠴᠢᠨᠠᠷ ᠢ | ᠪᠠᠳᠤᠯᠠᠨ ᠠᠷᠠᠳ ᠤᠯᠠᠨ ᠤ ᠢᠲᠡᠭᠡᠯ ᠬᠦᠷᠢᠶᠡᠯᠡᠯ ᠢ ᠲᠠᠰᠤᠷᠠᠯᠳᠠ ᠦᠭᠡᠢ ᠣᠯᠵᠤ᠂ ᠥᠭᠡᠷᠡᠴᠢᠯᠡᠯᠲᠡ ᠶᠢ ᠪᠦᠬᠦ | ᠲᠠᠯ᠎ᠠ ᠪᠠᠷ ᠤᠯᠠᠮ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ | ᠬᠦᠴᠦᠲᠡᠢ ᠪᠠᠲᠤᠯᠠᠭ᠎ᠠ ᠬᠠᠨᠭ᠍ᠭᠠᠬᠤ ᠬᠡᠷᠡᠭᠳᠡᠢ︾ ᠭᠡᠵᠤ ᠱᠠᠭᠠᠷᠳᠠᠪᠠ᠃ | ︽ᠮᠡᠳᠡᠭᠳᠡᠯ︾ ᠳᠤ᠄ ︽ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠲᠠᠯᠠᠵᠤ᠂ | ᠬᠢᠯᠪᠠᠷᠴᠢᠯᠠᠨ ᠪᠣᠳᠠᠲᠠᠢ ᠶᠢ ᠡᠷᠬᠢᠮᠯᠡᠵᠦ᠂ ᠪᠦᠯᠦᠭ ᠤᠳᠠᠭ᠎ᠠ ᠬᠤᠪᠢᠶᠠᠬᠤ ᠦᠭᠡᠢ᠂ ᠱᠠᠲᠤ ᠦᠶ᠎ᠡ ᠬᠤᠪᠢᠶᠠᠬᠤ | ᠦᠭᠡᠢ ᠪᠠᠷ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠡᠳᠦᠷ | ᠲᠤᠲᠤᠮ ᠤᠨ ᠠᠵᠢᠯ ᠳᠤ ᠠᠭᠤᠰᠤᠯᠴᠠᠭᠤᠯᠤᠨ᠂ ᠪᠠᠶᠢᠩᠭᠤ ᠠᠳᠬᠤᠬᠤ ᠬᠡᠷᠡᠭᠲᠡᠢ᠃ ᠰᠤᠷᠤᠯᠴᠠᠵᠤ ᠰᠤᠳᠤᠯᠤᠨ | ᠶᠠᠷᠢᠯᠴᠠᠬᠤ ᠳᠤ ᠪᠠᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠢ ᠶᠢᠨ ᠫᠢᠩ ᠶᠡᠷᠦᠩᠬᠡᠢ | ᠱᠦᠵᠢ ᠶᠢᠨ ᠴᠢᠬᠤᠯᠠ ᠥᠭᠦᠯᠡᠯᠲᠡ ᠪᠠ ᠲᠥᠪ ᠬᠤᠷᠢᠶᠠᠨ ᠤ ᠨᠠᠢᠮᠠᠨ ᠲᠣᠭᠲᠠᠭᠠᠯ ᠪᠠ ᠬᠡᠷᠡᠭᠵᠢᠭᠦᠯᠬᠦ ᠨᠠᠷᠢᠨ | ᠳᠦᠷᠢᠮ ᠤᠨ ᠵᠣᠷᠢᠭ ᠰᠠᠨᠠᠭ᠎ᠠ ᠶᠢ ᠵᠣᠬᠢᠶᠠᠨ ᠪᠠᠶᠢᠭᠤᠯᠤᠨ ᠰᠤᠷᠤᠯᠴᠠᠵᠤ᠂ ᠲᠥᠪ ᠬᠤᠷᠢᠶᠠᠨ ᠤ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ ᠶᠢ | ᠳ᠋ᠦᠩᠨᠡᠨ ᠰᠤᠷᠤᠯᠴᠠᠵᠤ ᠲᠠᠨᠢᠯᠲᠠ ᠪᠠᠨ ᠳᠡᠭᠡᠭᠰᠢᠯᠡᠭᠦᠯᠦᠨ ᠢᠲᠡᠭᠡᠯ ᠢᠶᠠᠨ ᠨᠡᠮᠡᠭᠳᠡᠭᠦᠯᠵᠦ ᠨᠠᠶᠢᠳᠠᠪᠤᠷᠢᠵᠢᠭᠤᠯᠤᠯᠲᠠ ᠶᠢ | ᠡᠷᠡᠰ ᠭᠤᠶᠢᠪᠢᠰᠢ ᠦᠭᠡᠢ ᠪᠠᠷ ᠰᠠᠶᠢᠲᠤᠷ ᠠᠳᠬᠤᠬᠤ ᠬᠡᠷᠡᠭᠲᠡᠢ᠃ ᠠᠰᠠᠭᠤᠳᠠᠯ ᠢ ᠪᠠᠶᠢᠴᠠᠭᠠᠨ ᠳᠡᠯᠭᠡᠬᠦ ᠳᠤ ᠪᠠᠨ | ᠪᠠᠷᠢᠮᠵᠢᠶ᠎ᠠ ᠶᠢ ᠬᠠᠷᠭᠤᠭᠤᠯᠬᠤ ᠬᠦᠰᠦᠨᠦᠭᠲᠦ ᠶᠢ ᠪᠠᠶᠢᠴᠠᠭᠠᠨ ᠳᠡᠯᠭᠡᠬᠦ ᠪᠠᠷ ᠳᠠᠮᠵᠢᠭᠤᠯᠤᠨ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ᠂ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ᠂ ᠬᠢᠨᠠᠨ ᠪᠤᠳᠤᠬᠤ ᠬᠢᠨᠠᠯᠲᠠ | ᠲᠠᠯᠪᠢᠬᠤ᠂ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠬᠢᠨᠠᠯᠲᠠ ᠲᠠᠯᠪᠢᠬᠤ᠂ ᠱᠠᠯᠠᠪᠳᠠᠭᠤᠯᠤᠨ ᠪᠠᠶᠢᠴᠠᠭᠠᠬᠤ᠂ | ᠪᠠᠶᠢᠴᠠᠭᠠᠨ ᠰᠤᠳᠤᠯᠤᠯᠲᠠ ᠬᠢᠬᠦ᠂ ᠵᠠᠬᠢᠳᠠᠯ ᠰᠣᠷᠪᠤᠯᠵᠢᠯᠠᠭ᠎ᠠ ᠪᠠᠷ ᠲᠤᠰᠬᠠᠬᠤ ᠵᠡᠷᠭᠡ ᠠᠷᠭ᠎ᠠ ᠵᠠᠮ ᠢ ᠭᠦᠢᠴᠡᠳ | ᠬᠡᠷᠡᠭᠯᠡᠨ ᠲᠥᠪ ᠬᠤᠷᠢᠶᠠᠨ ᠤ ᠨᠠᠢᠮᠠᠨ ᠲᠣᠭᠲᠠᠭᠠᠯ ᠪᠠ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠭᠦᠨᠵᠡᠭᠡᠢ ᠡᠷᠢᠬᠦ ᠬᠡᠷᠡᠭᠲᠡᠢ᠃ | ᠲᠥᠪᠯᠡᠷᠡᠭᠦᠯᠦᠨ ᠴᠡᠭᠴᠡᠯᠡᠬᠦ ᠳᠤ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠰᠢᠢᠳᠪᠦᠷᠢᠯᠡᠬᠦ᠂ ᠶᠠᠮᠠᠷ | ᠠᠰᠠᠭᠤᠳᠠᠯ ᠲᠣᠪᠤᠶᠢᠮ᠎ᠠ ᠪᠠᠶᠢᠪᠠᠯ ᠲᠡᠷᠡ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠬᠡᠳ ᠳᠠᠷᠤᠢ ᠪᠠᠶᠢᠴᠠᠭᠠᠵᠤ | ᠳᠠᠷᠤᠢ ᠥᠭᠡᠷᠡᠴᠢᠯᠡᠵᠦ ᠲᠠᠷᠤᠢ ᠮᠡᠳᠡᠵᠦ ᠳᠠᠷᠤᠢ ᠥᠭᠡᠷᠡᠴᠢᠯᠡᠬᠦ ᠬᠡᠷᠡᠭᠲᠡᠢ᠃ ᠨᠡᠬᠡᠬᠡᠯᠳᠡᠯᠢᠭ ᠢᠶᠠᠷ ᠬᠥᠮᠥᠵᠢᠭᠦᠯᠬᠦ ᠳᠤ | ᠤᠯᠠᠨ ᠲᠦᠮᠡᠨ ᠤ ᠤᠷᠤᠯᠴᠠᠭ᠎ᠠ ᠶᠢ ᠴᠢᠬᠤᠯᠠᠴᠢᠯᠠᠵᠤ᠂ ᠤᠯᠠᠨ ᠲᠦᠮᠡᠨ ᠤ ᠬᠢᠨᠠᠯᠲᠠ ᠶᠢ ᠬᠦᠯᠢᠶᠡᠵᠦ ᠡᠯ᠎ᠡ ᠱᠠᠲᠤᠨ ᠤ | ᠤᠳᠤᠷᠢᠳᠬᠤ ᠺᠠᠳ᠋ᠷ ᠲᠦᠷᠦᠭᠦᠯᠡᠨ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠵᠠᠮᠨᠠᠨ | ᠨᠠᠮ ᠤᠨ ᠭᠡᠰᠢᠭᠦᠨ᠂ ᠺᠠᠳ᠋ᠷ ᠢ ᠵᠣᠬᠢᠶᠠᠨ ᠪᠠᠶᠢᠭᠤᠯᠤᠨ ᠠᠵᠢᠯ ᠤᠨ ᠪᠠᠶᠢᠷᠢ ᠳᠤ ᠪᠠᠨ ᠰᠠᠭᠤᠷᠢᠯᠠᠵᠤ ᠴᠢᠨᠠᠷᠯᠢᠭ | ᠬᠥᠭᠵᠢᠯᠲᠡ ᠶᠢ ᠠᠬᠢᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ᠂ ᠪᠠᠴᠢᠮ ᠬᠦᠴᠢᠷᠲᠡᠢ | ᠠᠶᠤᠯᠲᠠᠢ ᠬᠦᠨᠳᠦ ᠡᠭᠦᠷᠭᠡ ᠶᠢ ᠪᠡᠶᠡᠯᠡᠭᠦᠯᠬᠦ ᠳᠤᠮᠳᠠ ᠡᠭᠦᠷᠭᠡᠯᠡᠨ ᠠᠵᠢᠯᠯᠠᠵᠤ ᠤᠯᠠᠨ ᠲᠦᠮᠡᠨ ᠳᠤ ᠦᠢᠯᠡᠴᠢᠯᠡᠵᠦ | ᠤᠯᠠᠨ ᠲᠦᠮᠡᠨ ᠳᠤ ᠰᠠᠶᠢᠬᠠᠨ ᠲᠥᠷᠥᠭᠳᠡᠯ ᠦᠭᠭᠦ ᠬᠡᠷᠡᠭᠳᠡᠢ︾ ᠭᠡᠵᠤ ᠴᠢᠬᠤᠯᠠᠴᠢᠯᠠᠯ᠎ᠠ᠃ | ︽ᠮᠡᠳᠡᠭᠳᠡᠯ︾ ᠳᠤ᠄ ︽ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠢ | ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠬᠡᠴᠢ ᠶᠢᠨ ᠰᠤᠷᠤᠯᠴᠠᠯᠭ᠎ᠠ ᠬᠥᠮᠦᠵᠢᠯ ᠤᠨ ᠶᠡᠷᠦᠩᠬᠡᠢ | ᠬᠠᠷᠢᠭᠤᠴᠠᠯᠭ᠎ᠠ ᠶᠢ ᠡᠭᠦᠷᠭᠡᠯᠡᠵᠦ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ | ᠬᠠᠷᠢᠭᠤᠴᠠᠯᠭᠠᠲᠠᠨ ᠨᠥᠬᠦᠳ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠡᠭᠦᠷᠭᠡᠯᠡᠵᠦ ᠭᠤᠣᠯ ᠠᠵᠢᠯ ᠲᠠᠢ | ᠨᠢᠭᠲᠠ ᠤᠶᠠᠯᠳᠤᠭᠤᠯᠵᠤ ᠪᠠᠶᠢᠭᠠᠳ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠲᠦᠷᠦᠯ ᠬᠤᠪᠢᠶᠠᠨ | ᠵᠢᠯᠤᠭᠤᠳᠬᠤ ᠠᠵᠢᠯ ᠢ ᠴᠢᠩᠭᠠᠳᠬᠠᠵᠤ ᠤᠬᠠᠭᠤᠯᠵᠤ ᠵᠢᠯᠤᠭᠤᠳᠬᠤ ᠠᠵᠢᠯ ᠢ ᠰᠠᠶᠢᠲᠤᠷ ᠬᠢᠵᠦ ᠬᠡᠯᠪᠡᠷᠢᠴᠢ ᠦᠵᠡᠯ ᠢ | ᠡᠷᠡᠰ ᠡᠰᠡᠷᠭᠦᠴᠡᠬᠦ ᠬᠡᠷᠡᠭᠲᠡᠢ︾ ᠬᠡᠵᠡᠢ᠃ |