ᠥᠪᠥᠷ ᠮᠣᠩᠭᠤᠯ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ 2024 ᠣᠨ ᠳᠤ ᠳᠠᠬᠢᠨᠲᠠ | ᠲᠡᠦᠬᠡᠲᠦ ᠴᠢᠨᠠᠷᠲᠠᠢ ᠠᠯᠬᠤᠮ ᠢ ᠠᠯᠬᠤᠪᠠ — | ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ | ᠳᠠᠶᠢᠯᠠᠯᠳᠤᠭᠠᠨ ᠢ ᠭᠦᠨᠵᠡᠭᠡᠢ ᠠᠬᠢᠭᠤᠯᠵᠤ᠂ ᠪᠦᠭᠦ ᠣᠷᠣᠨ ᠤ ᠳᠡᠭᠡᠷ᠎ᠡ ᠳᠣᠣᠷ᠎ᠠ ᠱᠠᠲᠤ ᠪᠠᠷ ᠢᠶᠠᠨ | ᠤᠬᠠᠮᠰᠠᠷ ᠠᠴᠠ ᠪᠠᠨ ᠭᠤᠣᠯ ᠬᠦᠴᠦᠨ ᠪᠣᠯᠵᠤ᠂ ᠭᠤᠣᠯ ᠳᠠᠭᠠᠷᠢᠯᠲᠠ ᠬᠢᠵᠦ᠂ ᠪᠦᠭᠦ ᠵᠢᠯ ᠳᠤ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠬᠤ ᠶᠢ 1954 ᠲᠦᠮᠡᠨ ᠮᠦ ᠪᠡᠶᠡᠯᠡᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ | ᠡᠯᠡᠰᠦᠷᠬᠡᠭᠵᠢᠯ ᠢ ᠵᠠᠰᠠᠭᠰᠠᠨ ᠲᠠᠯᠠᠪᠠᠢ 238 ᠲᠦᠮᠡᠨ ᠮᠦ ᠳᠤ ᠬᠦᠷᠴᠦ᠂ ᠡᠳᠦᠷ ᠳᠤᠮᠳᠠᠴᠢ ᠪᠠᠷ 6 ᠲᠦᠮᠡᠨ ᠮᠦ | ᠡᠯᠡᠰᠦ ᠶᠢ ᠵᠠᠰᠠᠭᠰᠠᠨ ᠠᠮᠵᠢᠯᠲᠠ ᠪᠠᠷ ᠪᠦᠭᠦ ᠤᠯᠤᠰ ᠲᠤ ᠲᠦᠷᠦᠭᠦᠯᠡᠵᠦ᠂ ︽ᠳᠡᠯᠡᠬᠡᠢ ᠳ᠋ᠠᠬᠢᠨ ᠳᠤ ᠡᠯᠡᠰᠦ ᠶᠢ | ᠵᠠᠰᠠᠬᠤ ᠳᠤ ᠳᠤᠮᠳᠠᠳᠤ ᠤᠯᠤᠰ ᠢᠶᠠᠷ ᠲᠣᠯᠢ ᠪᠤᠯᠭᠠᠬᠤ᠂ ᠳᠤᠮᠳᠠᠳᠤ ᠤᠯᠤᠰ ᠲᠤ ᠡᠯᠡᠰᠦ ᠶᠢ ᠵᠠᠰᠠᠬᠤ ᠳᠤ ᠥᠪᠥᠷ | ᠮᠣᠩᠭᠤᠯ ᠢᠶᠠᠷ ᠲᠣᠯᠢ ᠪᠤᠯᠭᠠᠬᠤ︾ ᠲᠣᠮᠢᠶᠠᠯᠠᠯ ᠢ ᠳᠠᠬᠢᠨᠲᠠ ᠰᠢᠨᠡᠳᠬᠡᠪᠡ᠃ | ᠡᠶᠢᠮᠦᠷᠬᠦᠦ ᠭᠢᠯᠠᠯᠵᠠᠮ᠎ᠠ ᠠᠮᠵᠢᠯᠲᠠ ᠶᠢ ᠬᠡᠷᠬᠢᠨ ᠡᠭᠦᠳᠦᠭᠰᠡᠨ ᠪᠤᠢ︖ | ᠪᠦᠭᠦ ᠤᠯᠤᠰ ᠤᠨ ᠴᠦᠯᠯᠡᠷᠭᠡᠭᠵᠢᠯ ᠢ ᠵᠠᠰᠠᠬᠤ ᠭᠤᠣᠯ ᠳᠠᠶᠢᠯᠠᠯᠳᠤᠭᠠᠨ ᠤ ᠲᠠᠯᠠᠪᠤᠷ᠂ ᠡᠯᠡᠰᠦᠨ ᠰᠢᠭᠤᠷᠭ᠎ᠠ ᠶᠢ | ᠰᠡᠷᠭᠡᠶᠢᠯᠡᠬᠦ ᠭᠤᠣᠯ ᠰᠡᠷᠭᠡᠶᠢᠯᠡᠯᠲᠡ ᠶᠢᠨ ᠱᠤᠭᠤᠮ ᠪᠣᠯᠤᠭᠰᠠᠨ ᠤ ᠬᠤᠪᠢ ᠳᠤ ᠥᠪᠥᠷ ᠮᠣᠩᠭᠤᠯ ᠪᠣᠳᠠᠲᠤ | ᠦᠢᠯᠡᠳᠦᠯᠭᠡ ᠪᠠᠷ ᠢᠶᠠᠨ ᠬᠠᠷᠢᠭᠤᠯᠲᠠ ᠥᠭᠴᠡᠢ᠃ | ᠶᠠᠭᠠᠬᠢᠵᠤ ᠵᠠᠰᠠᠭᠰᠠᠨ ᠪᠤᠢ | — ᠵᠠᠭᠪᠤᠷ ᠤᠨ ᠰᠢᠨ᠎ᠡ ᠶᠢ ᠡᠭᠦᠳᠴᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠨᠡᠮᠡᠷᠢᠯᠡᠵᠦ᠂ | ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠶᠢ ︽ᠳᠠᠭᠢᠨ ᠢᠶᠠᠷ ᠲᠦᠷᠭᠡᠳᠬᠡᠬᠦ ᠵᠠᠭᠪᠤᠷ︾ ᠢ ᠬᠡᠷᠡᠭᠵᠢᠭᠦᠯᠪᠡ | ᠪᠦᠭᠦ ᠤᠯᠤᠰ ᠤᠨ ︽ᠠᠷᠪᠠᠨ ᠶᠡᠭᠡ ᠬᠠᠮᠤᠭ ᠤᠨ ᠭᠤᠶᠤ ᠬᠥᠳᠡᠭᠡ ᠲᠣᠰᠬᠤᠨ ᠤ ᠵᠠᠰᠠᠮᠠᠯ ᠵᠠᠮ︾ ᠢᠶᠠᠷ | ᠦᠨᠡᠯᠡᠭᠳᠡᠭᠰᠡᠨ ᠤᠯᠠᠭᠠᠨᠬᠠᠳᠠ ᠬᠤᠳᠠ ᠶᠢᠨ ᠣᠩᠨᠢᠭᠤᠳ ᠬᠤᠰᠢᠭᠤᠨ ᠤ ᠪᠣᠷᠣᠬᠤᠲᠠ ᠠᠴᠠ ᠪᠠᠶᠠᠨᠲᠤᠬᠤᠢ | ᠬᠦᠷᠲᠡᠯᠡᠬᠢ ᠠᠮᠢ ᠠᠬᠤᠢ ᠶᠢᠨ ᠵᠢᠭᠤᠯᠴᠢᠯᠠᠯ ᠤᠨ ᠵᠠᠰᠠᠮᠠᠯ ᠵᠠᠮ 2021 ᠣᠨ ᠳᠤ ᠲᠡᠷᠭᠡ ᠨᠡᠪᠳᠡᠷᠡᠵᠡᠢ᠂ ᠪᠦᠭᠦ | ᠤᠷᠳᠤ ᠨᠢ 91 ᠺᠢᠯᠣᠮᠧᠲᠷ ᠪᠠᠶᠢᠵᠤ ᠬᠤᠷᠴᠢᠨ ᠤ ᠡᠯᠡᠰᠦᠷᠬᠡᠭ ᠭᠠᠵᠠᠷ ᠢ ᠰᠤᠨᠳᠠᠯᠠᠵᠤ᠂ ᠵᠠᠰᠠᠮᠠᠯ ᠵᠠᠮ ᠤᠨ ᠬᠤᠶᠠᠷ | ᠬᠠᠵᠠᠭᠤ ᠪᠠᠷ ᠨᠠᠶᠢᠯᠵᠠᠭᠤᠷ ᠬᠠᠷᠭᠠᠨ᠎ᠠ᠂ ᠬᠠᠶᠢᠯᠠᠷ ᠨᠠᠷᠠᠰᠤ᠂ ᠢᠮᠠᠭᠠᠨ ᠪᠤᠷᠭᠠᠰᠤ ᠢᠭᠴᠤᠷᠠᠨ ᠵᠠᠯᠭᠠᠯᠳᠤᠵᠤ ᠪᠠᠶᠢᠳᠠᠭ᠃ | ᠡᠨᠡ ᠵᠠᠮ ᠪᠣᠯ ᠡᠯᠡᠰᠦ ᠶᠢ ᠵᠠᠰᠠᠬᠤ ᠵᠠᠮ᠂ ᠪᠠᠰᠠ ᠴᠤ ᠬᠥᠭᠵᠢᠯᠲᠡ ᠶᠢᠨ ᠵᠠᠮ ᠮᠥᠨ᠃ ᠡᠨᠡ ᠵᠠᠮ ᠢᠶᠠᠷ | ᠡᠯᠡᠰᠦ ᠶᠢ ᠵᠠᠰᠠᠬᠤ ᠡᠳ᠋ ᠪᠣᠳᠠᠰ᠂ ᠠᠷᠭ᠎ᠠ ᠬᠡᠮᠵᠢᠶ᠎ᠡ ᠶᠢ ᠬᠦᠷᠭᠡᠵᠦ᠂ ᠡᠨᠡ ᠵᠠᠮ ᠨᠢ ᠪᠠᠰᠠ ᠵᠠᠮ ᠳᠠᠭᠠᠤ ᠶᠢᠨ 4 | ᠰᠤᠮᠤ ᠪᠠᠯᠭᠠᠰᠤ ᠶᠢᠨ ᠣᠨᠴᠠᠯᠢᠭᠲᠤ ᠠᠵᠤ ᠦᠢᠯᠡᠰ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ᠂ | ᠬᠤᠪᠢᠰᠬᠠᠯᠲᠤ ᠬᠥᠮᠦᠵᠢᠯ ᠤᠨ ᠰᠤᠳᠤᠯᠤᠨ ᠰᠤᠷᠤᠯᠴᠠᠬᠤ ᠴᠡᠭ ᠪᠣᠯᠣᠨ ᠣᠨᠴᠠᠯᠢᠭᠲᠤ ᠵᠢᠭᠤᠯᠴᠢᠯᠠᠯ ᠤᠨ ᠡᠬᠢ | ᠪᠠᠶᠠᠯᠢᠭ ᠢ ᠬᠤᠯᠪᠣᠵᠤ᠂ ᠡᠯᠡᠰᠦᠷᠬᠡᠭ ᠭᠠᠵᠠᠷ ᠣᠷᠣᠨ ᠳᠤ ᠬᠢᠵᠠᠭᠠᠯᠠᠰᠢ ᠦᠭᠡᠢ ᠬᠥᠭᠵᠢᠯᠲᠡ ᠶᠢᠨ ᠪᠣᠯᠣᠮᠵᠢ ᠶᠢ | ᠬᠠᠩᠭᠠᠭᠰᠠᠨ ᠪᠠᠶᠢᠨ᠎ᠠ᠃ | ᠪᠣᠷᠣᠬᠤᠲᠠ ᠠᠴᠠ ᠪᠠᠶᠠᠨᠲᠤᠬᠤᠢ ᠬᠦᠷᠲᠡᠯᠡᠬᠢ ᠠᠮᠢ ᠠᠬᠤᠢ ᠶᠢᠨ ᠵᠢᠭᠤᠯᠴᠢᠯᠠᠯ ᠤᠨ ᠠᠵᠤ ᠦᠢᠯᠡᠰ ᠤᠨ ᠵᠠᠰᠠᠮᠠᠯ | ᠵᠠᠮ ᠪᠣᠯ ᠣᠩᠨᠢᠭᠤᠳ ᠬᠤᠰᠢᠭᠤᠨ ᠤ ᠪᠠᠶᠢᠭᠤᠯᠤᠭᠰᠠᠨ 13 ᠳ᠋ᠤᠭᠠᠷ ᠵᠤᠷᠪᠤᠰ ᠡᠯᠡᠰᠦ ᠶᠢ ᠳᠤᠭᠤᠯᠤᠬᠰᠠᠨ ᠵᠠᠰᠠᠮᠠᠯ | ᠵᠠᠮ ᠪᠣᠯᠣᠨ᠎ᠠ᠃ 2003 ᠣᠨ ᠠᠴᠠ ᠤᠳᠤ ᠪᠤᠯᠲᠠᠯ᠎ᠠ ᠵᠠᠰᠠᠭᠰᠠᠨ 16 ᠵᠤᠷᠪᠤᠰ ᠡᠯᠡᠰᠦ ᠶᠢ ᠲᠤᠭᠤᠯᠤᠬᠰᠠᠨ | ᠵᠠᠰᠠᠮᠠᠯ ᠵᠠᠮ ᠨᠢ ᠬᠤᠷᠴᠢᠨ ᠤ ᠡᠯᠡᠰᠦᠷᠬᠡᠭ ᠭᠠᠵᠠᠷ ᠢ ᠠᠯᠢ ᠤᠯᠠᠨ ᠠᠮᠢ ᠠᠬᠤᠢ ᠶᠢᠨ ᠵᠠᠰᠠᠯᠲᠠ ᠶᠢᠨ ᠣᠷᠣᠨ ᠪᠣᠯᠭᠠᠨ | ᠬᠡᠰᠡᠭᠯᠡᠵᠦ᠂ ᠨᠡᠶᠢᠳᠡ 351 ᠲᠦᠮᠡᠨ ᠮᠦ ᠡᠯᠡᠰᠦᠷᠬᠡᠭ ᠭᠠᠵᠠᠷ ᠢ ᠪᠦᠲᠦᠮᠵᠢᠲᠡᠢ ᠵᠠᠰᠠᠪᠠ᠃ | ︽ᠵᠠᠮ ᠵᠠᠰᠠᠵᠤ ᠡᠯᠡᠰᠦ ᠶᠢ ᠵᠠᠰᠠᠬᠤ︾ ᠨᠢ ᠡᠯᠡᠰᠦ ᠶᠢ ᠲᠡᠭᠡᠭᠡᠪᠦᠷᠢᠯᠡᠬᠦ ᠵᠠᠮ ᠪᠣᠯᠣᠨ ᠡᠯᠡᠰᠦᠷᠬᠡᠭ ᠣᠷᠣᠨ ᠤ | ᠤᠯᠠᠨ ᠲᠦᠮᠡᠨ ᠤ ᠭᠠᠳᠠᠨᠠᠬᠢ ᠲᠠᠢ ᠬᠠᠷᠢᠯᠴᠠᠬᠤ ᠵᠠᠮ ᠢ ᠨᠠᠪᠲᠠᠷᠡᠭᠦᠯᠵᠦ᠂ ᠥᠪᠥᠷ ᠮᠣᠩᠭᠤᠯ ᠤᠨ ᠡᠯᠡᠰᠦ ᠶᠢ ᠵᠠᠰᠠᠬᠤ | ᠲᠡᠦᠬᠡᠨ ᠳᠡᠭᠡᠷᠡᠬᠢ ᠨᠢᠭᠡᠨ ᠶᠡᠭᠡ ᠡᠭᠦᠳᠦᠯᠲᠡ ᠪᠣᠯᠤᠭᠰᠠᠨ ᠪᠠᠶᠢᠨ᠎ᠠ᠃ ᠬᠤᠷᠴᠢᠨ ᠪᠠ ᠬᠤᠯᠠᠨ ᠰᠢᠷᠭ᠎ᠠ ᠲᠠᠭ᠎ᠠ ᠶᠢᠨ | ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠴᠢᠨᠠᠷᠲᠠᠢ ᠳᠠᠶᠢᠯᠠᠯᠳᠤᠭᠠᠨ ᠢ ᠰᠠᠶᠢᠲᠤᠷ ᠬᠢᠬᠦ ᠳᠤᠮᠳᠠ ᠥᠪᠥᠷ ᠮᠣᠩᠭᠤᠯ | ︽ᠵᠠᠮ ᠵᠠᠰᠠᠵᠤ ᠡᠯᠡᠰᠦ ᠶᠢ ᠵᠠᠰᠠᠬᠤ︾ ᠵᠠᠭᠪᠤᠷ ᠢ ᠶᠡᠭᠡ ᠪᠠᠷ ᠳᠡᠯᠭᠡᠷᠡᠭᠦᠯᠵᠦ᠂ 2024 ᠣᠨ ᠳᠤ 26 ᠵᠤᠷᠪᠤᠰ | ᠡᠯᠡᠰᠦ ᠶᠢ ᠳᠤᠭᠤᠯᠤᠬᠰᠠᠨ ᠵᠠᠰᠠᠮᠠᠯ ᠵᠠᠮ ᠢ ᠡᠬᠢᠯᠡᠨ ᠪᠦᠲᠦᠭᠡᠨ ᠪᠠᠶᠢᠭᠤᠯᠵᠤ᠂ ᠪᠦᠲᠦᠭᠡᠨ ᠪᠠᠶᠢᠭᠤᠯᠤᠯᠲᠠ ᠶᠢᠨ | ᠬᠡᠪᠴᠢᠶ᠎ᠡ ᠨᠢ 450 ᠺᠢᠯᠣᠮᠧᠲᠷ ᠲᠤ ᠬᠦᠷᠴᠦ᠂ 85.8 ᠲᠦᠮᠡᠨ ᠮᠦ ᠡᠯᠡᠰᠦ ᠶᠢ ᠵᠠᠰᠠᠬᠤ ᠶᠢ ᠳᠠᠶᠢᠴᠢᠯᠠᠵᠤ᠂ | ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠬᠤᠷᠳᠤᠴᠠ ᠶᠢ ᠲᠦᠷᠭᠡᠳᠬᠡᠪᠡ᠃ | ᠳᠥᠷᠪᠡᠨ ᠶᠡᠭᠡ ᠡᠯᠡᠰᠦᠨ ᠴᠥᠯ᠂ ᠳᠥᠷᠪᠡᠨ ᠶᠡᠭᠡ ᠡᠯᠡᠰᠦᠷᠬᠡᠭ ᠭᠠᠵᠠᠷ ᠪᠠᠷᠠᠭᠤᠨ ᠠᠴᠠ ᠵᠡᠭᠦᠨᠰᠢ ᠲᠠᠷᠬᠠᠵᠤ᠂ | ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ | ᠳᠠᠶᠢᠯᠠᠯᠳᠤᠭᠠᠨ ᠤ ᠬᠤᠶᠠᠷ ᠬᠠᠭᠠᠰ ᠨᠢ᠂ 60% ᠶᠢᠨ ᠢᠨᠵᠧᠨᠧᠷᠢᠩ ᠨᠢ ᠥᠪᠥᠷ ᠮᠣᠩᠭᠤᠯ ᠳᠤ ᠪᠤᠢ᠃ | ᠡᠯᠡᠰᠦ ᠶᠢ ᠶᠠᠭᠠᠬᠢᠵᠤ ᠵᠠᠰᠠᠬᠤ ᠪᠤᠶ︖ ᠳᠡᠭᠡᠷ᠎ᠡ ᠳᠣᠣᠷ᠎ᠠ ᠱᠠᠲᠤ ᠪᠠᠷ ᠢᠶᠠᠨ ᠨᠢᠭᠡ ᠬᠥᠯᠭᠡ ᠰᠢᠲᠠᠷ᠎ᠠ ᠮᠡᠲᠦ | ᠪᠠᠶᠢᠷᠢᠰᠢᠯ ᠢ ᠡᠷᠡᠰ ᠪᠠᠲᠤ ᠪᠤᠢ ᠪᠤᠯᠭᠠᠵᠤ᠂ ᠤᠳᠠᠭᠠᠨ ᠳᠠᠭᠠᠭᠠᠮᠠᠭᠠᠢ ᠡᠷᠡᠰ ᠪᠠᠲᠤ ᠳᠠᠶᠢᠲᠤᠬᠤ ᠬᠡᠷᠡᠭᠲᠡᠢ᠂ ᠨᠡᠩ ᠴᠤ | ᠰᠢᠨᠵᠢᠯᠡᠬᠦ ᠤᠬᠠᠭᠠᠨᠴᠢ ᠤᠯᠠᠨ ᠶᠠᠩᠵᠤ ᠶᠢᠨ ᠵᠠᠰᠠᠯᠲᠠ ᠶᠢᠨ ᠵᠠᠭᠪᠤᠷ ᠪᠠ ᠠᠷᠭ᠎ᠠ ᠪᠠᠷᠢᠯ ᠪᠠᠶᠢᠬᠤ ᠬᠡᠷᠡᠭᠲᠡᠢ᠃ | ᠣᠯᠠᠨ ᠵᠢᠯ ᠤᠨ ᠲᠤᠷᠰᠢ᠂ ᠥᠪᠥᠷ ᠮᠣᠩᠭᠤᠯ ᠬᠥᠪᠴᠢ ᠶᠢᠨ ᠵᠠᠭᠪᠤᠷ᠂ ᠳ᠋ᠧᠩᠺᠧᠦ ᠶᠢᠨ ᠵᠠᠭᠪᠤᠷ᠂ ︽ᠵᠠᠮ | ᠵᠠᠰᠠᠵᠤ ᠡᠯᠡᠰᠦ ᠶᠢ ᠵᠠᠰᠠᠬᠤ︾ ᠵᠡᠷᠭᠡ ᠪᠦᠲᠦᠮᠵᠢᠲᠡᠶ ᠵᠠᠭᠪᠤᠷ ᠢ ᠬᠠᠶᠢᠨ ᠰᠦᠪᠡᠭᠴᠢᠯᠡᠵᠦ᠂ ᠪᠦᠭᠦ ᠪᠥᠮᠪᠥᠷᠴᠡᠭ ᠤᠨ | ᠴᠦᠯᠯᠡᠷᠭᠡᠭᠵᠢᠯ ᠢ ᠵᠠᠰᠠᠬᠤ ᠳᠤ ᠳᠤᠮᠳᠠᠳᠤ ᠤᠯᠤᠰ ᠤᠨ ᠲᠤᠷᠰᠢᠯᠭ᠎ᠠ ᠶᠢ ᠬᠠᠩᠭᠠᠪᠠ᠃ ᠥᠨᠥᠳᠥᠷ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠦᠴᠦᠨ ᠢᠶᠠᠷ ᠥᠪᠥᠷ ᠮᠣᠩᠭᠤᠯ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠠᠵᠢᠯ ︽ᠳᠠᠭᠢᠨ ᠢᠶᠠᠷ ᠲᠦᠷᠭᠡᠳᠬᠡᠬᠦ ᠵᠠᠭᠪᠤᠷ︾ ᠲᠤ ᠣᠷᠣᠪᠠ᠃ | ᠮᠣᠳᠣ ᠲᠠᠷᠢᠬᠤ ᠮᠠᠰᠢᠨ ᠬᠥᠮᠥᠨ ᠡᠳᠦᠷ ᠪᠦᠷᠢ ᠪᠠᠷᠤᠭ 180 ᠮᠦ ᠮᠣᠳᠣ ᠲᠠᠷᠢᠵᠤ᠂ ᠬᠥᠮᠥᠨ ᠤ ᠬᠦᠴᠦ ᠪᠠᠷ | ᠮᠣᠳᠣ ᠲᠠᠷᠢᠬᠤ ᠠᠵᠢᠯ ᠢ ᠬᠡᠳᠦᠨ ᠠᠷᠪᠠᠨ ᠳᠠᠭᠢᠨ ᠢᠶᠠᠷ ᠲᠦᠷᠭᠡᠳᠬᠡᠵᠦ᠂ ᠥᠪᠡᠷ ᠤᠨ ᠥᠷᠲᠡᠭ ᠨᠢ ᠵᠦᠪᠭᠡᠨ | ᠬᠥᠮᠥᠨ ᠤ ᠬᠦᠴᠦᠨ ᠤ 30% ᠣᠷᠴᠢᠮ ᠯᠠ ᠪᠠᠶᠢᠳᠠᠭ︔ ᠡᠯᠡᠰᠦᠨ ᠬᠠᠯᠬᠠᠪᠴᠢ ᠳᠡᠪᠢᠰᠬᠦ ᠪᠤᠳᠠ ᠮᠣᠳᠣ | ᠬᠠᠳᠬᠤᠨ ᠰᠠᠭᠤᠯᠭᠠᠬᠤ ᠶᠢ ᠨᠢᠭᠡ ᠴᠣᠭᠴᠠᠵᠢᠭᠤᠯᠤᠭᠰᠠᠨ ᠮᠠᠰᠢᠨ ᠨᠢ ᠡᠯᠡᠰᠦ ᠵᠠᠰᠠᠬᠤ ᠥᠪᠡᠷ ᠤᠨ ᠥᠷᠲᠡᠭ ᠢ | ᠶᠡᠭᠡ ᠪᠠᠷ ᠪᠠᠭᠤᠷᠠᠭᠤᠯᠤᠨ ᠠᠵᠢᠯᠯᠠᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠠ︔ ᠵᠢᠯᠣᠭᠤᠴᠢ ᠦᠭᠡᠢ | ᠨᠢᠰᠬᠡᠯ ᠢᠶᠠᠷ ᠳᠠᠷᠢᠬᠤ ᠦᠷ᠎ᠡ ᠪᠦᠲᠦᠮᠵᠢ ᠨᠢ ᠬᠥᠮᠥᠨ ᠤ ᠬᠦᠴᠦ ᠪᠠᠷ ᠳᠠᠷᠢᠬᠤ ᠠᠴᠠ 100 ᠳᠠᠭᠢᠨ ᠳᠡᠭᠡᠭᠰᠢᠯᠡᠵᠦ᠂ | ᠡᠩ ᠤᠨ ᠮᠠᠰᠢᠨ ᠮᠧᠬᠠᠨᠢᠭ ᠢᠶᠠᠷ ᠳᠠᠷᠢᠬᠤ ᠠᠴᠠ 10 ᠳᠠᠭᠢᠨ ᠳᠡᠭᠡᠭᠰᠢᠯᠡᠵᠡᠢ ᠁ | 2024 ᠣᠨ ᠳᠤ᠂ ᠥᠪᠥᠷ ᠮᠣᠩᠭᠤᠯ 1.06 ᠳ᠋ᠦᠩᠰᠢᠭᠤᠷ ᠲᠥᠭᠦᠷᠢᠭ ᠭᠠᠷᠭᠠᠵᠤ ᠡᠯᠡᠰᠦᠷᠬᠡᠭᠵᠢᠯ ᠢ | ᠰᠡᠷᠭᠡᠶᠢᠯᠡᠵᠦ ᠡᠯᠡᠰᠦ ᠶᠢ ᠵᠠᠰᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠤ ᠬᠡᠷᠡᠭᠯᠡᠵᠡᠢ᠃ ᠣᠳᠣᠬᠠᠨ ᠳᠤ᠂ ᠵᠠᠷᠢᠮ | ᠲᠡᠷᠢᠭᠦᠨ ᠤ ᠮᠠᠰᠢᠨ ᠮᠧᠬᠠᠨᠢᠭ ᠪᠠ ᠮᠡᠷᠭᠡᠵᠢᠯ ᠢ ᠨᠢᠭᠡᠨᠲᠡ ᠳᠡᠯᠭᠡᠷᠡᠭᠦᠯᠦᠨ ᠬᠡᠷᠡᠭᠯᠡᠵᠦ᠂ ᠠᠮᠢ ᠠᠬᠤᠢ ᠶᠢᠨ | ᠢᠨᠵᠧᠨᠧᠷᠢᠩ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠪᠦᠲᠦᠮᠵᠢᠲᠡᠶ ᠪᠠᠷ ᠳᠡᠭᠡᠭᠰᠢᠯᠡᠭᠦᠯᠪᠡ᠂ ᠡᠭᠦᠨ ᠳᠤ | ᠣᠷᠳᠣᠰ ᠬᠤᠲᠠ ᠶᠢᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠮᠠᠰᠢᠨᠴᠢᠯᠠᠯᠲᠠ ᠶᠢᠨ ᠨᠣᠷᠮ᠎ᠠ ᠨᠢᠭᠡᠨᠲᠡ | 75% ᠠᠴᠠ ᠳᠡᠭᠡᠭᠰᠢ ᠳᠤ ᠬᠦᠷᠴᠡᠢ᠃ | ᠶᠠᠭᠤ ᠶᠢ ᠵᠠᠰᠠᠭᠰᠠᠨ ᠪᠤᠢ | — ᠠᠵᠤ ᠦᠢᠯᠡᠰ ᠤᠨ ᠰᠢᠨ᠎ᠡ ᠶᠢ ᠡᠭᠦᠳᠴᠦ᠂ ᠡᠯᠡᠰᠦᠨ ᠠᠴᠠ ᠠᠯᠲᠠ ᠮᠠᠯᠲᠠᠵᠤ᠂ ᠡᠯᠡᠰᠦ ᠶᠢ ᠵᠠᠰᠠᠭᠰᠠᠨ | ᠮᠥᠷᠲᠡᠭᠡᠨ ᠪᠠᠶᠠᠵᠢᠨ ᠴᠢᠨᠡᠭᠡᠯᠢᠭᠵᠢᠬᠦ ᠶᠢ ᠪᠡᠶᠡᠯᠡᠭᠦᠯᠪᠡ | 2024 ᠣᠨ ᠤ 12 ᠰᠠᠷ᠎ᠠ ᠶᠢᠨ 30 ᠤ ᠡᠳᠦᠷ᠂ ᠠᠮᠧᠷᠢᠺᠠ ᠶᠢᠨ ᠤᠯᠤᠰ ᠤᠨ ᠠᠭᠠᠷ ᠤᠨ ᠠᠶᠠᠯᠠᠯ | ᠰᠠᠨᠰᠠᠷ ᠤᠨ ᠠᠶᠠᠯᠠᠯ ᠤᠨ ᠲᠣᠪᠴᠢᠶ᠎ᠠ ︵NASA︶ ᠥᠪᠥᠷ ᠮᠣᠩᠭᠤᠯ ᠤᠨ ᠬᠥᠪᠴᠢ ᠶᠢᠨ ᠡᠯᠡᠰᠦᠨ ᠴᠥᠯ ᠳᠤ | ᠰᠡᠭᠦᠳᠡᠷᠯᠡᠭᠰᠡᠨ ᠭᠡᠷᠡᠯᠴᠢ ᠴᠡᠨᠡᠭ ᠤᠨ ᠴᠠᠭᠢᠯᠭᠠᠨ ᠥᠷᠲᠡᠭᠡᠨ ᠤ ᠳᠠᠭᠠᠭᠤᠯᠢ ᠣᠳᠣᠨ ᠤ ᠵᠢᠷᠤᠭ ᠳᠦᠷᠰᠦ ᠶᠢ | ᠨᠡᠶᠢᠲᠡᠯᠡᠪᠡ᠄ 2017 ᠣᠨ ᠳᠤ ᠡᠵᠡᠭᠦᠢ ᠡᠯᠡᠰᠦᠨ ᠴᠥᠯ ᠪᠠᠶᠢᠭᠰᠠᠨ ᠠᠴᠠ ᠪᠠᠨ ᠣᠬᠤᠷᠬᠠᠨ ᠬᠡᠳᠦᠨ ᠵᠢᠯ ᠤᠨ | ᠳᠣᠲᠣᠷ᠎ᠠ ᠨᠢᠭᠡᠨᠲᠡ ᠶᠡᠭᠡ ᠬᠡᠪᠴᠢᠶᠡᠨ ᠤ ᠰᠢᠨ᠎ᠡ ᠡᠨᠧᠷᠭᠢ ᠶᠢᠨ ᠬᠠᠩᠭᠠᠯᠭ᠎ᠠ ᠶᠢᠨ ᠰᠠᠭᠤᠷᠢᠨ ᠪᠣᠯᠵᠤ᠂ ︽ᠦᠬᠦᠮᠡᠯ | ᠲᠡᠯᠡᠶ︾ ᠨᠢ ᠭᠡᠷᠡᠯᠴᠢ ᠴᠡᠨᠡᠭ ᠢᠶᠠᠷ ᠴᠠᠭᠢᠯᠭᠠᠨ ᠭᠠᠷᠭᠠᠬᠤ ︽ᠳᠠᠯᠳᠠ ᠬᠦᠴᠦᠨ ᠤ ᠲᠡᠯᠡᠶ︾ ᠪᠣᠯᠤᠭᠰᠠᠨ ᠪᠠᠶᠢᠨ᠎ᠠ᠃ | ᠡᠨᠡ ᠨᠢ ᠵᠥᠪᠭᠡᠨ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ | ᠣᠯᠣᠭᠰᠠᠨ ︽ᠭᠡᠷᠡᠯᠴᠢ ᠴᠡᠨᠡᠭ ᠤᠨ ᠤᠷᠳᠤ ᠴᠠᠭᠠᠨ ᠬᠡᠷᠡᠮ︾ ᠤᠨ ᠨᠢᠭᠡ ᠬᠡᠰᠡᠭ ᠪᠣᠯᠣᠨ᠎ᠠ᠃ ᠣᠷᠳᠣᠰ | ᠬᠤᠳᠠ ᠶᠢᠨ ᠬᠠᠩᠭᠢᠨ ᠬᠤᠰᠢᠭᠤᠨ ᠠᠴᠠ ᠲᠠᠯᠠᠳ ᠬᠤᠰᠢᠭᠤ ᠭᠦᠷᠲᠡᠯ᠎ᠡ᠂ ᠳᠠᠭᠢᠭᠠᠳ ᠵᠡᠭᠦᠨᠭᠠᠷ ᠬᠤᠰᠢᠭᠤ ᠭᠦᠷᠲᠡᠯ᠎ᠡ | ᠂ 400 ᠺᠢᠯᠣᠮᠧᠲᠷ ᠦᠷᠭᠦᠯᠵᠢᠯᠡᠭᠰᠡᠨ ᠳᠤᠮᠳᠠᠴᠢ ᠥᠷᠭᠡᠨ ᠨᠢ 5 ᠺᠢᠯᠣᠮᠧᠲᠷ ᠪᠦᠬᠦᠢ ︽ᠭᠡᠷᠡᠯᠴᠢ ᠴᠡᠨᠡᠭ ᠤᠨ | ᠤᠷᠳᠤ ᠴᠠᠭᠠᠨ ᠬᠡᠷᠡᠮ︾ ᠨᠢ ᠡᠯᠡᠰᠦ ᠶᠢ ᠵᠠᠰᠠᠬᠤ ᠪᠦᠰᠡ ᠪᠣᠯᠣᠨ ᠰᠦᠨᠳᠡᠷᠯᠡᠵᠦ᠂ ᠬᠠᠳᠤᠨ ᠭᠤᠣᠯ ᠪᠣᠯᠣᠨ | ᠬᠥᠪᠴᠢ ᠶᠢᠨ ᠡᠯᠡᠰᠦ ᠶᠢ ᠲᠤᠰᠠᠭᠠᠷᠯᠠᠨ ᠰᠠᠯᠭᠠᠵᠠᠢ᠃ | ︽ᠭᠡᠷᠡᠯᠴᠢ ᠴᠡᠨᠡᠭ ᠤᠨ ᠣᠷᠳᠣ ᠴᠠᠭᠠᠨ ᠬᠡᠷᠡᠮ︾ ᠪᠣᠯ ᠥᠪᠥᠷ ᠮᠣᠩᠭᠤᠯ ᠤᠨ ᠡᠯᠡᠰᠦᠷᠬᠡᠭᠵᠢᠯ ᠢ ᠰᠡᠷᠭᠡᠶᠢᠯᠡᠵᠦ | ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ | ᠢᠨᠵᠧᠨᠧᠷᠢᠩ ᠤᠨ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠪᠤᠯᠬᠤ ᠪᠥᠭᠡᠳ ᠥᠪᠥᠷ ᠮᠣᠩᠭᠤᠯ ᠤᠨ ᠠᠵᠤ | ᠦᠢᠯᠡᠰ ᠤᠨ ᠡᠯᠡᠰᠦ ᠶᠢ ᠵᠠᠰᠠᠬᠤ ᠰᠢᠨ᠎ᠡ ᠶᠢ ᠡᠭᠦᠳᠬᠦ ᠦᠢᠯᠡᠳᠦᠯᠭᠡ ᠪᠣᠯᠣᠨ᠎ᠠ᠃ ︽ᠭᠡᠷᠡᠯᠴᠢ ᠴᠡᠨᠡᠭ ᠢᠶᠠᠷ | ᠴᠠᠭᠢᠯᠭᠠᠨ ᠭᠠᠷᠭᠠᠬᠤ + ᠠᠮᠢ ᠠᠬᠤᠢ ᠶᠢᠨ ᠵᠠᠰᠠᠯᠲᠠ + ᠬᠠᠪᠲᠠᠰᠤ ᠶᠢᠨ ᠳᠣᠣᠷᠠᠬᠢ ᠠᠵᠤ ᠠᠬᠤᠢ︾ ᠶᠢᠨ | ᠪᠣᠰᠤᠭ᠎ᠠ ᠴᠣᠭᠴᠠᠲᠤ ᠵᠠᠭᠪᠤᠷ ᠢᠶᠠᠷ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠡᠨᠧᠷᠭᠢ ᠶᠢ ᠨᠡᠮᠡᠭᠳᠡᠭᠦᠯᠬᠦ᠂ | ᠣᠷᠣᠯᠭ᠎ᠠ ᠶᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠪᠡᠶᠡᠯᠡᠭᠦᠯᠪᠡ᠃ 2024 ᠣᠨ ᠳᠤ | ᠨᠢᠭᠡ ᠴᠣᠭᠴᠠᠵᠢᠭᠤᠯᠤᠭᠰᠠᠨ ᠢᠨᠵᠧᠨᠧᠷᠢᠩ ᠢᠶᠠᠷ 238 ᠲᠦᠮᠡᠨ ᠮᠦ ᠡᠯᠡᠰᠦᠷᠬᠡᠭᠵᠢᠭᠰᠡᠨ ᠭᠠᠵᠠᠷ ᠰᠢᠷᠣᠢ ᠶᠢ | ᠵᠠᠰᠠᠵᠤ᠂ 2727 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ ᠢᠵᠢ ᠪᠦᠷᠢᠳᠦᠭᠦᠯᠪᠡ | ᠃ | ᠴᠦᠯᠯᠡᠷᠭᠡᠭᠵᠢᠯ ᠨᠢ ᠠᠮᠢ ᠠᠬᠤᠢ ᠶᠢᠨ ᠠᠰᠠᠭᠤᠳᠠᠯ ᠪᠤᠯᠬᠤ ᠪᠠᠷ ᠪᠠᠷᠠᠬᠤ ᠦᠭᠡᠢ ᠨᠡᠩ ᠴᠤ ᠬᠥᠭᠵᠢᠯᠲᠡ ᠶᠢᠨ | ᠠᠰᠠᠭᠤᠳᠠᠯ ᠪᠣᠯᠣᠨ᠎ᠠ᠃ ᠥᠪᠥᠷ ᠮᠣᠩᠭᠤᠯ ᠤᠨ 12 ᠠᠶᠢᠮᠠᠭ ᠬᠤᠳᠠ ᠶᠢᠨ 103 ᠬᠤᠰᠢᠭᠤ ᠰᠢᠶᠠᠨ ᠤ | ᠡᠯᠡᠰᠦᠷᠬᠡᠭᠵᠢᠭᠰᠡᠨ ᠭᠠᠵᠠᠷ ᠰᠢᠷᠣᠢ 12 ᠠᠶᠢᠮᠠᠭ ᠬᠤᠳᠠ ᠶᠢᠨ 92 ᠬᠤᠰᠢᠭᠤ ᠰᠢᠶᠠᠨ ᠳᠤ ᠲᠠᠷᠬᠠᠵᠤ᠂ ᠥᠷᠭᠡᠨ | ᠠᠭᠤᠳᠠᠮ ᠡᠯᠡᠰᠦᠷᠬᠡᠭ ᠣᠷᠣᠨ ᠤ ᠤᠯᠠᠨ ᠲᠦᠮᠡᠨ ᠨᠢᠭᠡᠨ ᠦᠶ᠎ᠡ ᠭᠠᠴᠢᠭᠳᠠᠯ ᠳᠤ ᠲᠤᠯᠭᠠᠷᠠᠵᠤ ᠪᠠᠶᠢᠪᠠ᠃ | ᠡᠯᠡᠰᠦ ᠶᠢ ᠵᠠᠰᠠᠬᠤ ᠳᠤ ᠶᠠᠭᠤ ᠶᠢ ᠵᠠᠰᠠᠬᠤ ᠪᠤᠢ︖ ᠠᠮᠢ ᠠᠬᠤᠢ ᠶᠢ ᠵᠠᠰᠠᠬᠤ ᠪᠠᠷ ᠪᠠᠷᠠᠬᠤ ᠦᠭᠡᠢ ᠪᠠᠰᠠ | ᠶᠠᠳᠠᠭᠤᠷᠠᠯ ᠤᠨ ᠦᠨᠳᠦᠰᠦ ᠶᠢ ᠵᠠᠰᠠᠬᠤ ᠬᠡᠷᠡᠭᠲᠡᠢ᠃ | 2024 ᠣᠨ ᠤ ᠨᠠᠮᠤᠷ᠂ ᠪᠠᠶᠠᠨᠨᠠᠭᠤᠷ ᠬᠤᠲᠠ ᠶᠢᠨ ᠤᠷᠠᠳ ᠤᠨ ᠬᠤᠶᠢᠲᠤ ᠬᠤᠰᠢᠭᠤᠨ ᠤ ᠤᠯᠠᠭᠠᠨᠬᠤᠰᠢᠭᠤ | ᠭᠠᠴᠠᠭ᠎ᠠ ᠶᠢᠨ 1600 ᠭᠠᠷᠤᠢ ᠮᠦ ᠬᠡᠭᠡᠷ᠎ᠡ ᠶᠢᠨ ᠴᠢᠪᠠᠭ᠎ᠠ ᠡᠯᠪᠡᠭ ᠬᠤᠷᠢᠶᠠᠯᠲᠠ ᠣᠯᠪᠠ᠃ ᠬᠡᠭᠡᠷ᠎ᠡ ᠶᠢᠨ | ᠴᠢᠪᠠᠭ᠎ᠠ ᠶᠢᠨ ᠮᠣᠳᠣ ᠭᠠᠩ ᠬᠠᠭᠤᠷᠠᠢ ᠳᠤ ᠲᠡᠰᠪᠦᠷᠢᠲᠡᠢ ᠮᠥᠷᠲᠡᠭᠡᠨ ᠰᠠᠯᠬᠢ ᠰᠢᠭᠤᠷᠭᠠᠨ ᠢ ᠴᠤ ᠳᠠᠭᠠᠭᠠᠳᠠᠭ᠂ | ᠬᠡᠭᠡᠷ᠎ᠡ ᠶᠢᠨ ᠴᠢᠪᠠᠭ᠎ᠠ ᠶᠢᠨ ᠴᠥᠮ᠎ᠡ ᠨᠢ ᠬᠢᠲᠠᠳ ᠡᠮ ᠤᠨ ᠮᠠᠲ᠋ᠧᠷᠢᠶᠠᠯ ᠳᠤ ᠪᠠᠭᠲᠠᠵᠤ᠂ ᠨᠠᠪᠴᠢ ᠪᠠᠷ ᠨᠢ ᠴᠢᠳᠠᠮᠵᠢᠲᠤ | ᠴᠢᠨᠠᠷᠲᠠᠢ ᠴᠠᠢ ᠬᠢᠵᠦ᠂ ᠵᠢᠮᠢᠰ ᠤᠨ ᠮᠢᠬ᠎ᠠ ᠪᠠᠷ ᠨᠢ ᠴᠢᠪᠠᠭ᠎ᠠ ᠶᠢᠨ ᠪᠣᠣᠪᠤ ᠬᠢᠵᠦ ᠪᠤᠯᠲᠠᠭ ᠲᠤᠯᠠ ᠮᠠᠰᠢ ᠶᠡᠭᠡ ᠠᠵᠤ | ᠠᠬᠤᠢ ᠶᠢᠨ ᠦᠨ᠎ᠡ ᠥᠷᠲᠡᠭ ᠲᠠᠢ ᠪᠠᠶᠢᠳᠠᠭ᠃ 2014 ᠣᠨ ᠳᠤ᠂ ᠲᠣᠰᠬᠤᠨ ᠤ ᠠᠷᠠᠳ ᠷᠧᠨ ᠡᠯ ᠬᠤᠸᠠᠨ ᠨᠠᠷ | ᠬᠡᠭᠡᠷ᠎ᠡ ᠶᠢᠨ ᠴᠢᠪᠠᠭ᠎ᠠ ᠲᠠᠷᠢᠵᠤ᠂ ᠬᠤᠪᠠᠭ᠋ᠠᠢ ᠡᠯᠡᠰᠦ ᠮᠠᠩᠬ᠎ᠠ ᠶᠢ ᠲᠣᠭᠲᠠᠭᠤᠨ ᠭᠠᠷᠤᠯᠲᠠ ᠲᠠᠢ ᠴᠢᠪᠠᠭ᠎ᠠ ᠶᠢᠨ | ᠬᠦᠷᠢᠶᠡᠯᠡᠩ ᠪᠤᠯᠭᠠᠬᠰᠠᠨ ᠠᠴᠠ ᠡᠷᠭᠢᠨ ᠲᠣᠭᠤᠷᠢᠨ ᠤ ᠲᠣᠰᠬᠤᠨ ᠤ ᠠᠷᠠᠳ ᠬᠤᠶᠢᠨ᠎ᠠ ᠬᠤᠶᠢᠨ᠎ᠠ ᠠᠴᠠ ᠪᠠᠨ | ᠳᠠᠭᠤᠷᠢᠶᠠᠨ ᠳᠠᠷᠢᠵᠠᠢ᠃ | ᠬᠠᠲᠤᠨ ᠭᠤᠣᠯ ᠤᠨ ︽ᠶᠡᠭᠡ ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠤᠰᠢᠭᠤᠴᠢ | ᠬᠦᠴᠦᠨ ᠪᠣᠯᠤᠭᠰᠠᠨ ᠤ ᠬᠤᠪᠢ ᠳᠤ ᠪᠠᠶᠠᠨᠨᠠᠭᠤᠷ ᠬᠤᠲᠠ ᠶᠢᠨ ᠬᠢᠨ ᠳᠠᠭᠠᠭᠤᠯᠤᠭᠴᠢ ᠠᠵᠤ ᠠᠬᠤᠶᠢᠯᠠᠯ ᠢ | ᠭᠤᠣᠯᠳᠠᠯᠭ᠎ᠠ ᠲᠠᠢ ᠳᠡᠮᠵᠢᠵᠦ ᠴᠠᠭᠠᠨ ᠭᠤᠶᠣᠣ᠂ ᠠᠷᠢᠬᠢ ᠨᠡᠷᠡᠬᠦ ᠦᠵᠦᠮ᠂ ᠬᠢᠲᠠᠳ ᠡᠮ ᠤᠨ ᠮᠠᠲ᠋ᠧᠷᠢᠶᠠᠯ ᠵᠡᠷᠭᠡ | ᠠᠵᠤ ᠦᠢᠯᠡᠰ ᠢ ᠬᠥᠭᠵᠢᠭᠦᠯᠵᠦ᠂ ᠳᠠᠷᠢᠬᠤ᠂ ᠦᠢᠯᠡᠳᠪᠦᠷᠢᠯᠡᠵᠦ ᠡᠳ᠋ᠰᠢᠭᠦᠯᠬᠦ᠂ ᠬᠥᠮᠥᠷᠭᠡᠯᠡᠨ ᠬᠠᠳᠠᠭᠠᠯᠠᠬᠤ ᠡᠳ᠋ | ᠪᠠᠷᠠᠭᠠᠨ ᠤ ᠭᠦᠢᠯᠭᠡᠭᠡ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠤᠯᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠠᠵᠤ | ᠦᠢᠯᠡᠰ ᠤᠨ ᠬᠡᠯᠬᠢᠶ᠎ᠡ ᠶᠢ ᠪᠤᠶ ᠪᠣᠯᠭᠠᠵᠠᠢ᠃ | ᠠᠮᠢ ᠠᠬᠤᠢ ᠶᠢ ᠠᠵᠤ ᠦᠢᠯᠡᠰᠵᠢᠭᠦᠯᠬᠦ ᠪᠣᠯ ᠠᠮᠢ ᠠᠬᠤᠢ ᠶᠢᠨ ᠦᠷᠳᠡᠭ ᠢ ᠪᠡᠶᠡᠯᠡᠭᠦᠯᠬᠦ ᠶᠢᠨ ᠭᠤᠣᠯ | ᠵᠠᠩᠭᠢᠯᠠᠭ᠎ᠠ ᠮᠥᠨ᠂ ᠪᠠᠰᠠ ᠴᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷᠭᠦᠯᠵᠢᠯᠡᠬᠦ ᠵᠠᠶᠢᠯᠠᠰᠢ ᠦᠭᠡᠢ | ᠱᠠᠭᠠᠷᠳᠠᠯᠭ᠎ᠠ ᠮᠥᠨ᠃ ᠡᠯ᠎ᠡ ᠭᠠᠵᠠᠷ ᠤᠨ ᠬᠢᠨ ᠭᠠᠵᠠᠷ ᠣᠷᠣᠨ ᠤ ᠪᠠᠨ ᠪᠠᠶᠢᠳᠠᠯ ᠳᠤ ᠲᠣᠬᠢᠷᠠᠭᠤᠯᠵᠤ᠂ ᠡᠯᠡᠰᠦ ᠶᠢ | ᠠᠯᠲᠠ ᠪᠤᠯᠭᠠᠵᠤ᠂ ᠠᠮᠢ ᠠᠬᠤᠢ ᠪᠣᠯᠣᠨ ᠠᠵᠤ ᠠᠬᠤᠢ ᠬᠤᠶᠠᠷ ᠲᠠᠯ᠎ᠠ ᠪᠠᠷ ᠢᠶᠠᠨ ᠠᠰᠢᠭ ᠭᠦᠷᠳᠡᠭᠦ ᠪᠣᠬᠢᠷᠳᠤᠯ | ᠦᠭᠡᠢ ᠬᠥᠭᠵᠢᠯᠲᠡ ᠶᠢᠨ ᠵᠠᠮ ᠢ ᠨᠡᠭᠡᠭᠡᠪᠡ᠃ | ᠣᠳᠣᠬᠠᠨ ᠳᠤ᠂ ᠪᠦᠭᠦ ᠣᠷᠣᠨ ᠳᠤ ᠨᠢᠭᠡᠨᠲᠡ ᠣᠨᠴᠠᠯᠢᠭᠲᠤ ᠠᠵᠤ ᠠᠬᠤᠢ ᠶᠢᠨ ᠣᠶ᠂ ᠬᠢᠲᠠᠳ ᠡᠮ ᠤᠨ | ᠮᠠᠲ᠋ᠧᠷᠢᠶᠠᠯ᠂ ᠪᠤᠳᠠ ᠮᠣᠳᠣᠨ ᠤ ᠲᠦᠭᠦᠬᠡᠢ ᠮᠠᠲ᠋ᠧᠷᠢᠶᠠᠯ᠂ ᠡᠯᠡᠰᠦᠨ ᠴᠥᠯ ᠤᠨ ᠠᠮᠢ ᠠᠬᠤᠢ ᠶᠢᠨ ᠵᠢᠭᠤᠯᠴᠢᠯᠠᠯ᠂ | ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠵᠡᠷᠭᠡ ᠠᠵᠤ ᠦᠢᠯᠡᠰ ᠢᠶᠠᠷ ᠭᠤᠣᠯ ᠪᠤᠯᠭᠠᠬᠰᠠᠨ᠂ ᠳᠠᠭᠠᠭᠤᠯᠤᠭᠴᠢ ᠠᠵᠤ | ᠠᠬᠤᠶᠢᠯᠠᠯ ᠢᠶᠠᠷ ᠤᠳᠤᠷᠢᠳᠤᠮᠵᠢ ᠪᠤᠯᠭᠠᠬᠰᠠᠨ᠂ ︽ᠠᠵᠤ ᠠᠬᠤᠶᠢᠯᠠᠯ + ᠬᠤᠷᠰᠢᠶ᠎ᠠ + ᠰᠠᠭᠤᠷᠢᠨ + ᠲᠠᠷᠢᠶᠠᠴᠢᠨ | ᠡᠷᠦᠭᠡ︾ ᠪᠠᠷ ᠠᠰᠢᠭ ᠲᠤᠰᠠ ᠶᠢᠨ ᠬᠤᠯᠪᠤᠯᠴᠠᠭᠠᠨ ᠤ ᠲᠣᠭᠲᠠᠴᠠ ᠪᠤᠯᠭᠠᠬᠰᠠᠨ ᠣᠯᠠᠨ ᠲᠠᠰ ᠳᠠᠪᠬᠤᠷᠭ᠎ᠠ ᠶᠢᠨ | ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠦᠨᠳᠦᠰᠦᠨ ᠳᠡᠭᠡᠨ ᠪᠦᠷᠢᠯᠳᠦᠭᠦᠯᠵᠦ᠂ ᠡᠯᠡᠰᠦ ᠮᠠᠩᠬ᠎ᠠ ᠡᠯᠡᠰᠦᠨ | ᠴᠥᠯ ᠢ ᠬᠥᠭᠵᠢᠯᠲᠡ ᠶᠢᠨ ᠥᠩ ᠰᠢᠮᠡᠯᠢᠭ ᠬᠥᠷᠥᠰᠥ ᠪᠣᠯᠭᠠᠨ ᠬᠤᠪᠢᠷᠠᠭᠤᠯᠵᠤ᠂ ᠵᠠᠰᠠᠯᠲᠠ ᠶᠢᠨ ᠣᠷᠳᠣ | ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠪᠡᠶᠡᠯᠡᠭᠦᠯᠪᠡ᠃ | ᠬᠡᠨ ᠵᠠᠰᠠᠭᠰᠠᠨ ᠪᠤᠢ | — ᠣᠯᠠᠨ ᠲᠠᠯ᠎ᠠ ᠪᠠᠷ ᠪᠡᠯᠡ ᠣᠷᠣᠭᠤᠯᠵᠤ ᠣᠯᠠᠨ ᠲᠠᠯ᠎ᠠ ᠪᠠᠷ ᠣᠷᠣᠯᠴᠠᠵᠤ᠂ ᠪᠦᠭᠦ ᠠᠷᠠᠳ ᠬᠠᠮᠲᠤ ᠪᠠᠷ | ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠶᠢ ᠪᠡᠶᠡᠯᠡᠭᠦᠯᠪᠡ | ᠡᠳᠦᠷ ᠪᠦᠷᠢ ᠥᠪᠡᠷ ᠤᠨ ᠨᠤᠲᠤᠭ ᠪᠡᠯᠴᠢᠭᠡᠷ ᠢᠶᠠᠷ ᠢᠶᠠᠨ ᠲᠣᠭᠤᠷᠢᠨ ᠪᠠᠶᠢᠴᠠᠭᠠᠵᠤ ᠨᠤᠲᠤᠭ ᠪᠡᠯᠴᠢᠭᠡᠷ ᠤᠨ | ᠬᠠᠮᠠᠭᠠᠯᠠᠯᠲᠠ ᠬᠢᠬᠦ ᠪᠠᠷ ᠪᠠᠷᠠᠬᠤ ᠦᠭᠡᠢ ᠪᠠᠰᠠ ᠤᠯᠤᠰ ᠤᠨ ᠲᠥᠷᠥᠯ ᠵᠦᠢᠯ ᠤᠨ ᠬᠠᠮᠢᠶᠠᠷᠤᠨ ᠬᠠᠮᠠᠭᠠᠯᠠᠬᠤ ᠪᠡᠯᠡ | ᠮᠥᠩᠭᠦ ᠶᠢ ᠣᠯᠣᠨ᠎ᠠ᠃ ᠰᠢᠯᠢ ᠶᠢᠨ ᠭᠤᠣᠯ ᠠᠶᠢᠮᠠᠭ ᠤᠨ ᠰᠥᠨᠢᠳ ᠪᠠᠷᠠᠭᠤᠨ ᠬᠤᠰᠢᠭᠤᠨ ᠤ ᠭᠦᠪᠦᠷ ᠭᠠᠴᠠᠭᠠᠨ ᠤ | ᠮᠠᠯᠴᠢᠨ ᠴᠣᠯᠮᠣᠨ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠲᠦᠷᠦ ᠶᠢᠨ ᠪᠣᠳᠣᠯᠭ᠎ᠠ ᠶᠢᠨ | ᠠᠰᠢᠭ ᠢ ᠦᠨᠡᠨᠬᠦ ᠭᠦᠷᠳᠡᠪᠡ᠃ | 2023 ᠣᠨ ᠳᠤ᠂ ᠴᠣᠯᠮᠣᠨ ᠤ 5190 ᠮᠦ ᠶᠢᠨ ᠡᠯᠡᠰᠦᠷᠬᠡᠭᠵᠢᠭᠰᠡᠨ ᠨᠤᠲᠤᠭ ᠪᠡᠯᠴᠢᠭᠡᠷ ᠢ ᠠᠮᠢ | ᠠᠬᠤᠢ ᠶᠢᠨ ᠵᠠᠰᠠᠯᠲᠠ ᠶᠢᠨ ᠲᠦᠷᠦᠯ ᠵᠦᠢᠯ ᠤᠨ ᠲᠣᠭᠤᠷᠢᠭ ᠲᠤ ᠬᠤᠪᠢᠶᠠᠷᠢᠯᠠᠨ ᠣᠷᠣᠭᠤᠯᠵᠠᠢ᠃ ᠲᠦᠷᠦᠯ ᠵᠦᠢᠯ ᠢ | ᠬᠡᠷᠡᠭᠵᠢᠭᠦᠯᠦᠭᠰᠡᠨ 3 ᠵᠢᠯ ᠤᠨ ᠬᠤᠭᠤᠴᠠᠭᠠᠨ ᠳᠤ ᠲᠤᠬᠠᠢ ᠶᠢᠨ ᠭᠠᠵᠠᠷ ᠤᠨ ᠬᠢᠨ ᠵᠢᠯ ᠪᠦᠷᠢ ᠮᠦ ᠪᠦᠷᠢ ᠶᠢ 3 | ᠲᠥᠭᠦᠷᠢᠭ ᠤᠨ ᠪᠠᠷᠢᠮᠵᠢᠶ᠎ᠠ ᠪᠠᠷ ᠬᠠᠮᠢᠶᠠᠷᠤᠨ ᠬᠠᠮᠠᠭᠠᠯᠠᠬᠤ ᠵᠠᠷᠤᠳᠠᠯ ᠢ ᠨᠠᠶᠢᠳᠠᠪᠤᠷᠢᠵᠢᠭᠤᠯᠵᠤ᠂ ᠴᠣᠯᠮᠣᠨ 15570 | ᠲᠥᠭᠦᠷᠢᠭ ᠤᠨ ᠠᠰᠢᠭ ᠭᠦᠷᠳᠡᠪᠡ᠃ | ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ | ᠥᠪᠥᠷ ᠮᠣᠩᠭᠤᠯ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠶᠢ ᠶᠡᠭᠡ ᠪᠠᠷ ᠳᠡᠯᠭᠡᠷᠡᠭᠦᠯᠵᠦ᠂ | ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠲᠥᠷᠥᠯ ᠵᠦᠢᠯ ᠤᠨ ︽ᠠᠵᠢᠯ ᠣᠯᠭᠤᠯᠲᠠ ᠪᠠᠷ ᠲᠡᠳᠬᠦᠮᠵᠢ ᠶᠢ | ᠣᠷᠣᠯᠠᠭᠤᠯᠬᠤ︾ ᠭᠦᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠶᠢᠨ ᠬᠡᠪᠴᠢᠶ᠎ᠡ ᠶᠢ ᠲᠥᠷᠥᠯ ᠵᠦᠢᠯ ᠤᠨ | ᠶᠡᠷᠦᠩᠬᠡᠢ ᠪᠡᠯᠡ ᠣᠷᠣᠭᠤᠯᠤᠯᠲᠠ ᠶᠢᠨ 10% ᠠᠴᠠ ᠳᠣᠣᠷ᠎ᠠ ᠪᠠᠶᠢᠯᠭᠠᠵᠤ ᠪᠤᠯᠬᠤ ᠦᠭᠡᠢ ᠭᠡᠵᠦ ᠱᠠᠭᠠᠷᠳᠠᠪᠠ᠃ | ᠡᠯ᠎ᠡ ᠭᠠᠵᠠᠷ ᠤᠨ ᠬᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠰᠡᠭᠦᠯᠴᠢ ᠶᠢᠨ ᠬᠤᠭᠤᠴᠠᠭᠠᠨ ᠤ | ᠬᠠᠮᠢᠶᠠᠷᠤᠯᠲᠠ ᠬᠠᠮᠠᠭᠠᠯᠠᠯᠲᠠ ᠵᠡᠷᠭᠡ ᠭᠤᠭᠴᠤᠭ᠎ᠠ ᠶᠢᠨ ᠠᠵᠢᠯᠴᠢᠨ ᠬᠡᠷᠡᠭᠯᠡᠬᠦ ᠳᠠᠯᠳᠠ ᠬᠦᠴᠦᠨ ᠢ ᠭᠦᠢᠴᠡᠳ | ᠠᠭᠤᠳᠠᠯᠵᠤ᠂ ᠮᠠᠯᠴᠢᠨ ᠲᠠᠷᠢᠶᠠᠴᠢᠨ ᠢ ᠦᠨᠡᠨ ᠬᠦ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠣᠷᠣᠯᠴᠠᠭᠴᠢ | ᠪᠠ ᠠᠰᠢᠭ ᠭᠦᠷᠲᠡᠭᠴᠢ ᠪᠤᠯᠭᠠᠵᠤ᠂ ᠪᠦᠭᠦ ᠣᠷᠣᠨ ᠳᠤ ᠪᠦᠭᠦ ᠠᠷᠠᠳ ᠢᠶᠠᠷ ᠢᠶᠠᠨ ᠡᠯᠡᠰᠦ ᠶᠢ ᠵᠠᠰᠠᠬᠤ ᠬᠠᠯᠠᠭᠤᠨ | ᠥᠷᠨᠢᠯᠲᠡ ᠭᠠᠷᠭᠠᠪᠠ᠃ | 2024 ᠣᠨ ᠳᠤ ᠪᠦᠭᠦ ᠣᠷᠣᠨ ᠢᠶᠠᠷ ᠢᠶᠠᠨ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ | ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ 8.5 ᠳ᠋ᠦᠩᠰᠢᠭᠤᠷ | ᠲᠥᠭᠦᠷᠢᠭ ᠨᠡᠮᠡᠭᠳᠡᠭᠦᠯᠵᠦ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ᠂ ᠰᠢᠨ᠎ᠡ ᠡᠨᠧᠷᠭᠢ ᠶᠢ ᠬᠥᠭᠵᠢᠭᠦᠯᠬᠦ᠂ ᠠᠷᠠᠳ | ᠣᠯᠠᠨ ᠤ ᠣᠷᠣᠯᠭ᠎ᠠ ᠶᠢ ᠨᠡᠮᠡᠭᠳᠡᠭᠦᠯᠦᠨ ᠬᠠᠮᠲᠤ ᠪᠠᠷ ᠠᠰᠢᠭ ᠭᠦᠷᠳᠡᠭᠦ ᠶᠢ ᠠᠬᠢᠭᠤᠯᠪᠠ᠃ | ︽ᠤᠮᠠᠷᠠᠲᠤ ᠶᠢᠨ ᠭᠤᠷᠪᠠᠨ ᠣᠷᠣᠨ︾ ᠤ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠢ | ᠬᠡᠷᠡᠭᠵᠢᠭᠦᠯᠦᠭᠰᠡᠨ ᠠᠴᠠ ᠨᠠᠭᠠᠰᠢ᠂ ᠥᠪᠥᠷ ᠮᠣᠩᠭᠤᠯ 7824 ᠲᠦᠮᠡᠨ ᠮᠦ ᠶᠢᠨ ᠪᠦᠲᠦᠭᠡᠨ ᠪᠠᠶᠢᠭᠤᠯᠤᠯᠲᠠ ᠶᠢᠨ | ᠡᠭᠦᠷᠭᠡ ᠶᠢ ᠪᠡᠶᠡᠯᠡᠭᠦᠯᠵᠡᠢ᠂ ᠦᠯᠡᠳᠡᠵᠦ ᠪᠦᠬᠦᠢ ᠡᠭᠦᠷᠭᠡ ᠮᠥᠨ ᠬᠦ ᠪᠠᠭ᠎ᠠ ᠪᠤᠰᠤ ᠮᠥᠷᠲᠡᠭᠡᠨ ᠶᠠᠪᠤᠬᠤ ᠲᠤᠲᠤᠮ | ᠬᠦᠴᠢᠷ ᠪᠣᠯᠵᠤ ᠪᠠᠶᠢᠨ᠎ᠠ᠃ | ᠬᠡᠨ ᠡᠯᠡᠰᠦ ᠶᠢ ᠵᠠᠰᠠᠭᠰᠠᠨ ᠪᠤᠢ︖ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠳᠠᠶᠢᠴᠢᠯᠠᠬᠤ ᠪᠣᠯ ᠥᠪᠥᠷ | ᠮᠣᠩᠭᠤᠯ ᠤᠨ ᠬᠠᠭᠠᠰ ᠢᠯᠡᠭᠦᠦ ᠵᠠᠭᠤᠨ ᠦᠷᠭᠦᠯᠵᠢᠯᠡᠭᠰᠡᠨ ᠡᠯᠡᠰᠦ ᠶᠢ ᠵᠠᠰᠠᠬᠤ ︽ᠵᠣᠷ︾ ᠪᠤᠯᠬᠤ ᠪᠥᠭᠡᠳ ᠥᠪᠥᠷ | ᠮᠣᠩᠭᠤᠯ ᠤᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠣᠯᠬᠤ ᠢᠲᠡᠭᠡᠯ ᠵᠣᠷᠢᠭ ᠪᠣᠯᠣᠨ᠎ᠠ᠃ | ᠡᠯᠡᠰᠦᠷᠬᠡᠭᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠠᠬᠢᠴᠠ ᠶᠢ ᠲᠦᠷᠭᠡᠳᠬᠡᠨ ᠠᠬᠢᠭᠤᠯᠬᠤ ᠶᠢᠨ | ᠲᠥᠯᠥᠭᠡ᠂ ᠥᠪᠥᠷ ᠮᠣᠩᠭᠤᠯ ︽ᠤᠯᠤᠰ ᠤᠨ ᠣᠷᠣᠭᠤᠯᠤᠯᠲᠠ ᠪᠠᠷ ᠭᠤᠣᠯ ᠪᠤᠯᠭᠠᠵᠤ᠂ ᠣᠷᠣᠨ ᠨᠤᠲᠤᠭ ᠤᠨ ᠬᠢᠨ | ᠢᠵᠢ ᠪᠦᠷᠢᠳᠦᠭᠦᠯᠬᠦ ᠪᠠᠷ ᠬᠠᠪᠰᠤᠷᠤᠮᠵᠢ ᠪᠤᠯᠭᠠᠵᠤ᠂ ᠨᠡᠶᠢᠭᠡᠮ ᠤᠨ ᠬᠢᠨ ᠥᠷᠭᠡᠨ ᠢᠶᠠᠷ ᠣᠷᠤᠯᠴᠠᠬᠤ︾ ᠣᠯᠠᠨ | ᠡᠰᠢᠲᠦ ᠣᠷᠣᠭᠤᠯᠤᠯᠲᠠ ᠶᠢ ᠢᠳᠡᠪᠬᠢᠲᠡᠢ ᠰᠦᠪᠡᠭᠴᠢᠯᠡᠨ ᠪᠠᠶᠢᠭᠤᠯᠵᠤ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠠᠭᠤᠷᠢ ᠮᠥᠩᠭᠦᠨ ᠤ ᠨᠡᠶᠢᠭᠡᠮᠯᠢᠭ ᠢ | ᠪᠠᠶᠢᠭᠤᠯᠵᠤ᠂ ᠨᠡᠶᠢᠲᠡ 8150 ᠲᠦᠮᠡᠨ ᠲᠥᠭᠦᠷᠢᠭ ᠤᠨ ᠨᠡᠶᠢᠭᠡᠮ ᠤᠨ ᠬᠠᠨᠳᠢᠪ ᠢ ᠭᠥᠯᠢᠶᠡᠨ ᠠᠪᠴᠤ᠂ ᠪᠦᠭᠦ | ᠨᠡᠶᠢᠭᠡᠮ ᠢᠶᠠᠷ ᠢᠶᠠᠨ ᠳᠡᠮᠵᠢᠬᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠣᠷᠤᠯᠴᠠᠬᠤ ᠬᠦᠴᠦᠷᠬᠡᠭ | ᠶᠡᠭᠡ ᠨᠡᠶᠢᠯᠡᠯ ᠬᠦᠴᠦᠨ ᠢ ᠪᠤᠶ ᠪᠣᠯᠭᠠᠪᠠ᠃ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠣᠯᠣᠨ ᠬᠠᠮᠠᠭᠠᠯᠠᠯᠲᠠ ᠪᠣᠯ ᠰᠢᠰᠲ᠋ᠧᠮᠲᠦ ᠢᠨᠵᠧᠨᠧᠷᠢᠩ ᠮᠥᠨ᠂ | ᠵᠥᠪᠭᠡᠨ ᠥᠪᠥᠷ ᠮᠣᠩᠭᠤᠯ ᠳᠤ ᠲᠦᠰᠢᠭᠯᠡᠭᠡᠳ ᠪᠡᠶᠡᠯᠡᠭᠦᠯᠵᠦ ᠳᠡᠶᠢᠯᠭᠦ ᠦᠭᠡᠢ ᠶᠤᠮ᠃ ᠡᠭᠦᠨ ᠤ ᠲᠥᠯᠥᠭᠡ ᠥᠪᠥᠷ | ᠮᠣᠩᠭᠤᠯ ᠣᠷᠣᠨ ᠪᠦᠰᠡ ᠬᠤᠯᠪᠤᠭᠠᠯᠠᠨ ᠬᠥᠳᠡᠯᠦᠯᠴᠡᠵᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ | ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠲᠣᠭᠲᠠᠴᠠ ᠶᠢ ᠪᠠᠶᠢᠭᠤᠯᠪᠠ᠃ | ᠣᠷᠣᠨ ᠤ ᠭᠠᠳᠠᠨ᠎ᠠ᠂ ᠨᠢᠩᠰᠢᠶᠠ ᠯᠤᠭ᠎ᠠ ᠮᠤᠤᠡᠤᠰᠤ ᠶᠢᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠢ | ᠥᠷᠨᠢᠭᠦᠯᠵᠦ᠂ ᠭᠠᠨᠰᠤ ᠯᠤᠭ᠎ᠠ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠬᠠᠮᠲᠤᠷᠠᠯᠴᠠᠭᠠᠨ ᠤ | ᠪᠦᠳᠦᠭᠦᠪᠴᠢ ᠵᠥᠪᠯᠡᠯᠴᠡᠭᠡᠷ ᠲᠣᠭᠲᠠᠵᠤ᠂ ᠯᠢᠶᠣᠤᠨᠢᠩ ᠯᠤᠭ᠎ᠠ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ | ᠵᠢᠱᠢᠶ᠎ᠡ ᠦᠵᠡᠭᠦᠯᠭᠦ ᠣᠷᠣᠨ ᠢ ᠪᠠᠶᠢᠭᠤᠯᠪᠠ᠃ ᠣᠷᠣᠨ ᠤ ᠳᠣᠲᠣᠷ᠎ᠠ᠂ ᠪᠠᠶᠠᠨᠨᠠᠭᠤᠷ᠂ ᠪᠤᠭᠤᠲᠤ᠂ ᠣᠷᠳᠣᠰ᠂ ᠦᠬᠠᠢ᠂ | ᠠᠯᠠᠱᠠ ᠵᠡᠷᠭᠡ ᠠᠶᠢᠮᠠᠭ ᠬᠤᠲᠠ ᠬᠠᠲᠤᠨ ᠭᠤᠣᠯ ᠤᠨ ︽ᠶᠡᠭᠡ ᠲᠣᠬᠤᠢ︾ ᠶᠢᠨ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠣᠷᠣᠨ ᠪᠦᠰᠡ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠬᠠᠮᠲᠤᠷᠠᠯᠴᠠᠭᠠᠨ ᠤ | ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠤᠨ | ᠭᠦᠨᠵᠡᠭᠡᠶᠢᠷᠡᠨ ᠠᠭᠢᠬᠤ ᠶᠢ ᠳᠠᠭᠠᠯᠳᠤᠨ ᠥᠪᠥᠷ ᠮᠣᠩᠭᠤᠯ ᠨᠡᠩ ᠤᠯᠠᠨ ᠨᠥᠯᠥᠭᠡᠯᠡᠬᠦ ᠬᠦᠴᠦᠨ ᠲᠠᠢ ᠵᠢᠱᠢᠶ᠎ᠡ | ᠦᠵᠡᠭᠦᠯᠭᠦ ᠴᠢᠨᠠᠷᠲᠠᠢ ᠢᠨᠵᠧᠨᠧᠷᠢᠩ ᠢ ᠬᠦᠴᠦᠯᠡᠨ ᠪᠠᠶᠢᠭᠤᠯᠵᠤ᠂ ᠨᠡᠩ ᠤᠯᠠᠨ ᠡᠯᠡᠰᠦᠷᠬᠡᠭᠵᠢᠯ ᠢ ᠵᠠᠰᠠᠭᠰᠠᠨ | ᠲᠤᠷᠰᠢᠯᠭ᠎ᠠ ᠪᠠᠨ ︽ᠤᠮᠠᠷᠠᠲᠤ ᠶᠢᠨ ᠭᠤᠷᠪᠠᠨ ᠣᠷᠣᠨ︾ ᠲᠡᠶᠢᠰᠢ ᠠᠬᠢᠭᠤᠯᠵᠤ᠂ ᠳᠡᠯᠡᠬᠡᠢ ᠳ᠋ᠠᠬᠢᠨ ᠳᠤ ᠳᠡᠯᠭᠡᠷᠡᠭᠦᠯᠵᠦ | ᠂ ᠬᠥᠮᠥᠨ ᠲᠥᠷᠥᠯᠬᠢᠲᠡᠨ ᠳᠤ ᠪᠤᠶᠠᠨ ᠦᠢᠯᠡᠳᠴᠦ ᠪᠤᠢ᠃ | |