ᠤᠯᠤᠰ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠵᠥᠪᠯᠡᠯ ᠤᠨ ᠠᠯᠪᠠᠨ ᠬᠡᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠳᠤᠮᠳᠠ ᠪᠠ ᠵᠡᠭᠦᠨ ᠬᠡᠰᠡᠭ ᠤᠨ ᠭᠠᠵᠠᠷ ᠣᠷᠣᠨ ᠤ ᠬᠦᠴᠦᠲᠡᠶ ᠰᠠᠯᠬᠢ᠂ ᠡᠯᠡᠰᠦ ᠲᠣᠭᠤᠰᠣ᠂ ᠴᠢᠩᠭ᠎ᠠ ᠰᠣᠯᠢᠭ ᠤᠷᠤᠰᠬᠠᠯᠲᠤ ᠴᠠᠭ ᠠᠭᠤᠷ ᠵᠡᠷᠭᠡ ᠶᠢ ᠰᠡᠷᠭᠡᠶᠢᠯᠡᠨ ᠠᠷᠭᠠᠴᠠᠭᠠᠬᠤ ᠠᠵᠢᠯ ᠢ ᠨᠢᠭᠡᠳᠦᠯᠲᠡᠶ ᠲᠥᠯᠥᠪᠯᠡᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/4/17
    4 ᠰᠠᠷ᠎ᠠ ᠶᠢᠨ 11 ᠤ ᠡᠳᠦᠷ᠂ ᠳᠤᠮᠳᠠ ᠪᠠ ᠵᠡᠭᠦᠨ ᠬᠡᠰᠡᠭ ᠤᠨ ᠭᠠᠵᠠᠷ ᠣᠷᠣᠨ ᠤ ᠬᠦᠴᠦᠲᠡᠶ ᠰᠠᠯᠬᠢ᠂ ᠡᠯᠡᠰᠦ ᠲᠣᠭᠤᠰᠣ᠂ ᠴᠢᠩᠭ᠎ᠠ ᠰᠣᠯᠢᠭ ᠤᠷᠤᠰᠬᠠᠯ ᠵᠡᠷᠭᠡ ᠭᠠᠮᠰᠢᠭᠲᠤ ᠴᠠᠭ ᠠᠭᠤᠷ ᠤᠨ ᠶᠠᠪᠤᠴᠠ ᠳᠤ ᠴᠢᠭᠯᠡᠭᠦᠯᠦᠨ᠂ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠵᠥᠪᠯᠡᠯ ᠤᠨ ᠳᠡᠳ᠋ ᠡᠷᠬᠢᠯᠡᠭᠴᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠰᠠᠶᠢᠳ ᠸᠠᠩ ᠰᠢᠶᠠᠩ ᠰᠢ ᠰᠡᠷᠭᠡᠶᠢᠯᠡᠨ ᠠᠷᠭᠠᠴᠠᠭᠠᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠪᠣᠳᠠᠲᠠᠶ ᠠᠵᠢᠯ ᠤᠨ ᠱᠠᠭᠠᠷᠳᠠᠯᠭ᠎ᠠ ᠳᠤᠷᠠᠳᠪᠠ᠃ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠵᠥᠪᠯᠡᠯ ᠤᠨ ᠠᠯᠪᠠᠨ ᠬᠡᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠲᠣᠰ ᠡᠭᠡᠯᠵᠢ ᠶᠢᠨ ᠴᠠᠭ ᠠᠭᠤᠷ ᠤᠨ ᠶᠠᠪᠤᠴᠠ ᠶᠢᠨ ᠬᠥᠭᠵᠢᠯᠲᠡ ᠬᠤᠪᠢᠷᠠᠯᠲᠠ ᠶᠢ ᠨᠢᠭᠲᠠ ᠠᠩᠬᠠᠷᠴᠤ᠂ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠪᠠ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠴᠢᠮ ᠡᠬᠢᠯᠡᠭᠦᠯᠵᠦ᠂ ᠴᠠᠭ ᠠᠭᠤᠷ᠂ ᠣᠶ ᠰᠢᠭᠤᠶ ᠡᠪᠡᠰᠦ ᠪᠡᠯᠴᠢᠭᠡᠷ ᠵᠡᠷᠭᠡ ᠰᠠᠯᠠᠭ᠎ᠠ ᠮᠥᠴᠢᠷ ᠲᠠᠢ ᠵᠥᠪᠳᠡᠯᠴᠡᠨ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠤᠷᠢᠳ ᠬᠤᠵᠢᠳ 2 ᠡᠭᠡᠯᠵᠢ ᠤᠳᠠᠭ᠎ᠠ ᠭᠤᠤᠯᠳᠠᠯᠭ᠎ᠠ ᠲᠠᠢ ᠭᠠᠵᠠᠷ ᠣᠷᠣᠨ ᠳᠤ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠶᠢ ᠴᠡᠭ ᠬᠤᠪᠢᠶᠠᠨ ᠰᠠᠨᠠᠭᠤᠯᠵᠤ᠂ ᠤᠯᠤᠰ ᠤᠨ ᠶᠡᠷᠦᠩᠬᠡᠶᠢᠯᠡᠭᠰᠡᠨ ᠴᠢᠨᠠᠷᠲᠠᠶ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠶᠢ ᠵᠢᠯᠣᠭᠤᠳᠤᠨ ᠳᠡᠭᠡᠳᠦ ᠬᠡᠮᠵᠢᠶ᠎ᠡ ᠪᠠᠷ ᠰᠡᠷᠡᠮᠵᠢᠯᠡᠬᠦ ᠶᠢ ᠪᠠᠲᠤᠯᠠᠵᠤ᠂ ᠤᠯᠤᠰ ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠲᠠᠢ ᠬᠠᠮᠲᠤᠷᠠᠨ ᠲᠥᠪ ᠤᠨ ᠭᠠᠮᠰᠢᠭ ᠠᠴᠠ ᠠᠪᠤᠷᠬᠠᠤ ᠡᠳ᠋ ᠪᠣᠳᠠᠰ ᠢ ᠰᠢᠯᠵᠢᠭᠦᠯᠦᠨ ᠥᠭᠬᠦ ᠪᠡᠯᠡᠳᠬᠡᠯ ᠢ ᠰᠠᠶᠢᠲᠤᠷ ᠬᠢᠪᠠ᠃ ᠤᠯᠤᠰ ᠤᠨ ᠣᠶ ᠰᠢᠭᠤᠶ ᠶᠢᠨ ᠰᠡᠷᠭᠡᠶᠢᠯᠡᠯᠲᠡ ᠶᠢᠨ ᠵᠢᠯᠣᠭᠤᠳᠬᠤ ᠠᠯᠪᠠᠨ ᠬᠡᠷ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠳᠥᠷᠪᠡᠳᠦᠭᠡᠷ ᠳᠡᠰ ᠠᠴᠠ ᠭᠤᠷᠪᠠᠳᠤᠭᠠᠷ ᠳᠡᠰ ᠪᠣᠯᠭᠠᠨ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠬᠤᠪᠸᠢ᠂ ᠬᠤᠨᠠᠨ ᠵᠡᠷᠭᠡ 13 ᠮᠤᠵᠢ ᠣᠷᠣᠨ ᠳᠤ ᠴᠢᠭᠯᠡᠭᠦᠯᠦᠨ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠲᠥᠰᠦᠯ ᠢ ᠡᠬᠢᠯᠡᠭᠦᠯᠪᠡ᠃    ᠤᠯᠤᠰ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠤᠨ ᠠᠯᠪᠠᠨ ᠭᠡᠷ ᠤᠨ ᠦᠨᠳᠦᠰᠦᠯᠡᠯ ᠢᠶᠠᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠨᠢᠭᠡᠳᠦᠯᠲᠡᠶ ᠲᠥᠯᠥᠪᠯᠡᠨ ᠪᠠᠶᠢᠷᠢᠯᠠᠭᠤᠯᠪᠠ᠂ ᠪᠡᠭᠡᠵᠢᠩ᠂ ᠲᠢᠶᠠᠨᠵᠢᠨ᠂ ᠾᠧᠪᠧᠢ᠂ ᠱᠠᠨ ᠰᠢ᠂ ᠥᠪᠥᠷ ᠮᠣᠩᠭᠤᠯ᠂ ᠬᠢᠷᠢᠨ᠂ ᠵᠢᠶᠠᠩᠰᠦ᠂ ᠹᠦᠵᠢᠶᠠᠨ᠂ ᠵᠢᠶᠠᠩᠰᠢ᠂ ᠱᠠᠨᠳᠦ᠋ᠩ᠂ ᠾᠧᠨᠠᠨ᠂ ᠬᠤᠪᠸᠢ᠂ ᠬᠤᠨᠠᠨ᠂ ᠴᠦᠩᠴᠢᠩ ᠵᠡᠷᠭᠡ ᠭᠤᠤᠯᠳᠠᠯᠭ᠎ᠠ ᠲᠠᠢ ᠮᠤᠵᠢ ᠣᠷᠣᠨ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠪᠠ᠂ ᠲᠦᠯᠰᠢᠷᠠᠯ ᠪᠠᠶᠢᠳᠠᠯ ᠢ  ᠭᠦᠢᠴᠡᠳ ᠪᠣᠳᠣᠯᠬᠢᠯᠠᠬᠤ᠂ ᠨᠢᠭᠤᠴᠠᠯᠠᠨ ᠵᠥᠪᠳᠡᠯᠴᠡᠵᠦ ᠲᠣᠬᠢᠷᠠᠭᠤᠯᠬᠤ᠂ ᠲᠦᠭᠰᠢᠭᠦᠷᠢ ᠶᠢ ᠰᠡᠷᠡᠮᠵᠢᠯᠡᠭᠦᠯᠬᠦ ᠰᠠᠨᠠᠭᠤᠯᠭ᠎ᠠ ᠶᠢ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ᠂ ᠥᠨᠳᠥᠷ ᠳᠡᠭᠡᠷᠡᠬᠢ ᠪᠠᠷᠢᠯᠭ᠎ᠠ ᠵᠡᠷᠭᠡ ᠳᠠᠯᠳᠠ ᠭᠡᠮ ᠢ ᠵᠢᠭᠰᠠᠭᠠᠨ ᠪᠠᠶᠢᠴᠠᠭᠠᠬᠤ ᠪᠠ ᠲᠠᠷᠢᠶᠠᠯᠠᠩ ᠤᠨ ᠲᠣᠮᠣ ᠫᠧᠩ ᠤᠨ ᠪᠡᠯᠡᠳᠬᠡᠮᠵᠢ ᠶᠢᠨ ᠰᠠᠯᠬᠢ ᠰᠡᠷᠭᠡᠶᠢᠯᠡᠬᠦ᠂ ᠡᠷᠴᠢᠮᠵᠢᠭᠦᠯᠦᠭᠰᠡᠨ ᠪᠠᠷᠢᠯᠭ᠎ᠠ ᠶᠢᠨ ᠠᠵᠢᠯ᠂ ᠵᠠᠮ ᠲᠡᠭᠡᠭᠡᠪᠦᠷᠢ᠂ ᠰᠤᠷᠭᠠᠭᠤᠯᠢ ᠶᠢᠨ ᠠᠮᠤᠷ ᠲᠦᠪᠰᠢᠨ᠂ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠵᠡᠷᠭᠡ ᠭᠤᠤᠯᠳᠠᠯᠭ᠎ᠠ ᠲᠠᠢ ᠬᠦᠷᠢᠶᠡᠨ ᠤ ᠲᠦᠭᠰᠢᠭᠦᠷᠢ ᠶᠢᠨ ᠰᠡᠷᠭᠡᠶᠢᠯᠡᠯᠲᠡ᠂ ᠬᠡᠭᠡᠷ᠎ᠡ ᠭᠠᠳᠠᠨᠠᠬᠢ ᠭᠠᠯ ᠤᠨ ᠡᠬᠢ ᠰᠤᠷᠪᠤᠯᠵᠢ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠂ ᠠᠪᠤᠷᠠᠨ ᠲᠤᠰᠠᠯᠠᠬᠤ ᠡᠳ᠋ ᠪᠣᠳᠠᠰ ᠪᠠ ᠬᠦᠴᠦᠨ ᠴᠢᠳᠠᠯ᠂ ᠵᠢᠵᠢᠭᠦᠷᠯᠡᠨ ᠰᠠᠬᠢᠬᠤ ᠪᠠ ᠮᠡᠳᠡᠭᠡ ᠵᠠᠩᠭᠢ ᠮᠡᠳᠡᠭᠦᠯᠦᠨ ᠬᠦᠷᠭᠡᠬᠦ ᠠᠵᠢᠯ ᠢ ᠰᠠᠶᠢᠲᠤᠷ ᠬᠢᠨ᠎ᠠ᠂ ᠤᠬᠠᠭᠤᠯᠵᠤ ᠬᠥᠲᠥᠯᠥᠨ ᠵᠢᠯᠣᠭᠤᠳᠬᠤ ᠪᠠ ᠰᠣᠨᠢᠨ ᠮᠡᠳᠡᠭᠡ ᠨᠡᠶᠢᠲᠡᠯᠡᠬᠦ ᠶᠢ ᠴᠢᠩᠭᠠᠷᠠᠭᠤᠯᠤᠨ᠎ᠠ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号