ᠦᠴᠦᠸᠠᠨ ᠰᠢᠶᠠᠨ᠄ ᠪᠣᠬᠢᠷᠲᠤᠯ ᠦᠭᠡᠢ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ ᠤᠢ ᠰᠢᠭᠤᠢ ᠨᠤᠲᠤᠭ ᠪᠡᠯᠴᠢᠭᠡᠷ ᠤᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2025/4/27
    ᠦᠴᠦᠸᠠᠨ ᠰᠢᠶᠠᠨ ᠳᠤ᠂ 79 . 35 ᠲᠦᠮᠡᠨ ᠮᠦ ᠣᠶᠢᠲᠤ ᠭᠠᠵᠠᠷ ᠪᠣᠯᠤᠨ 351 ᠲᠦᠮᠡᠨ ᠮᠦ ᠪᠡᠯᠴᠢᠭᠡᠷ ᠦᠷᠭᠦᠯᠵᠢᠯᠡᠵᠦ᠂ ᠥᠷᠭᠡᠨ ᠠᠭᠤᠳᠠᠮ ᠨᠣᠮᠢᠨ ᠨᠣᠭᠤᠭᠠᠨ ᠭᠡᠷ ᠣᠷᠣᠨ ᠢ ᠪᠦᠷᠢᠯᠳᠦᠭᠦᠯᠪᠡ᠃ ᠡᠨᠡᠬᠦ ᠬᠤᠪᠣᠷ ᠨᠠᠨᠳᠢᠨ ᠠᠮᠢ ᠠᠬᠤᠢ ᠶᠢᠨ ᠡᠬᠢ ᠪᠠᠶᠠᠯᠢᠭ ᠢ ᠬᠠᠮᠠᠭᠠᠯᠠᠬᠤ ᠶᠢᠨ ᠲᠥᠯᠥᠭᠡ᠂ ᠦᠴᠦᠸᠠᠨ ᠰᠢᠶᠠᠨ ᠢᠳᠡᠪᠬᠢᠲᠡᠢ ᠬᠥᠳᠡᠯᠦᠯᠴᠡᠵᠦ ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ︽ᠠᠮᠤᠷ ᠲᠦᠪᠰᠢᠨ ᠤ ᠲᠣᠣᠷ︾ ᠢ ᠪᠦᠬᠦ ᠲᠠᠯ᠎ᠠ ᠪᠠᠷ᠂ ᠤᠯᠠᠨ ᠳᠠᠪᠬᠤᠷᠭ᠎ᠠ ᠪᠠᠷ ᠨᠢᠭᠲᠠ ᠰᠦᠯᠵᠢᠪᠡ᠃    ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠣᠯ ᠵᠠᠩᠭᠢᠯᠠᠭ᠎ᠠ ᠪᠣᠯᠤᠨ᠎ᠠ᠃ ᠡᠭᠦᠨ ᠤ ᠲᠤᠯᠠᠳᠠ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠠᠶᠤᠯ ᠥᠬᠡᠶ  ᠦᠢᠯᠡᠳᠪᠦᠷᠢᠯᠡᠯ ᠤᠨ ᠬᠢᠨᠠᠨ ᠰᠢᠯᠭᠠᠯᠲᠠ︾ ᠪᠠ ︽ᠣᠶ ᠶᠢᠨ ᠳᠠᠷᠤᠭ᠎ᠠ ᠶᠢᠨ ᠲᠦᠷᠢᠮ ᠤᠨ ᠬᠢᠨᠠᠨ ᠰᠢᠯᠭᠠᠯᠲᠠ︾ ᠶᠢᠨ ᠬᠤᠶᠠᠷ ᠶᠡᠭᠡ ᠭᠠᠷᠳᠠᠴᠠ ᠶᠢ ᠠᠰᠢᠭᠯᠠᠨ᠂ ᠭᠤᠯᠳᠤ ᠪᠠᠷ ᠡᠴᠦᠰ ᠲᠤᠨᠢ ᠲᠤᠯᠲᠠᠯ᠎ᠠ᠂ ᠬᠥᠨᠳᠡᠯᠡᠨ ᠢᠶᠠᠷ ᠬᠥᠪᠡᠭᠡ ᠵᠠᠬ᠎ᠠ ᠳᠤᠨᠢ ᠭᠦᠷᠦᠭᠰᠡᠨ ᠬᠠᠷᠢᠭᠤᠴᠠᠯᠭ᠎ᠠ ᠶᠢᠨ ᠲᠤᠤᠷ ᠰᠦᠯᠵᠢᠶ᠎ᠡ ᠶᠢ ᠦᠳᠲᠡᠷ ᠲᠦᠷᠭᠡᠨ ᠨᠡᠭᠡᠭᠡᠵᠦ᠂ ᠣᠶᠢᠲᠤ ᠭᠠᠵᠠᠷ᠂ ᠡᠪᠡᠰᠦ ᠪᠡᠯᠴᠢᠭᠡᠷ ᠨᠢᠭᠡᠪᠦᠷᠢ ᠳᠤ ᠴᠥᠮ ᠲᠣᠳᠣᠷᠬᠠᠶ ᠬᠠᠷᠢᠭᠤᠴᠠᠯᠭ᠎ᠠ ᠲᠠᠢ ᠪᠣᠯᠭᠠᠵᠤ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠵᠠᠪᠰᠠᠷ ᠥᠬᠡᠶ ᠵᠣᠯᠭᠠᠯᠳᠤᠭᠤᠯᠪᠠ᠃ ᠦᠴᠦᠸᠠᠨ ᠰᠢᠶᠠᠨ ᠤ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠭᠤᠣᠯᠳᠠᠯᠭ᠎ᠠ ᠲᠠᠢ ᠭᠠᠯ ᠰᠡᠷᠭᠡᠶᠢᠯᠡᠬᠦ ᠬᠤᠭᠤᠴᠠᠭᠠᠨ ᠳᠤ ᠬᠡᠰᠡᠭ ᠭᠠᠵᠠᠷ ᠢ ᠳᠠᠭᠠᠭᠠᠴᠢᠯᠠᠬᠤ ᠦᠢᠯᠡᠴᠢᠯᠡᠭᠡᠨ ᠤ ᠵᠢᠯᠣᠭᠤᠳᠬᠤ ᠳᠤᠭᠤᠶᠢᠯᠠᠩ ᠪᠠᠶᠢᠭᠤᠯᠵᠤ᠂ ᠲᠡᠳᠡ ᠠᠭᠤᠯᠠ ᠰᠢᠭᠤᠢ ᠨᠤᠲᠤᠭ ᠪᠡᠯᠴᠢᠭᠡᠷ ᠤᠨ ᠬᠤᠭᠤᠷᠣᠨᠳᠣ ᠰᠦᠯᠵᠢᠯᠳᠦᠵᠦ᠂ ᠬᠠᠮᠢᠭ᠎ᠠ ᠬᠡᠮ ᠰᠣᠭᠤᠭ ᠣᠷᠣᠰᠢᠵᠤ ᠪᠠᠶᠢᠪᠠᠯ᠂ ᠬᠠᠮᠢᠭ᠎ᠠ ᠲᠡᠳᠡᠨ ᠤ ᠪᠠᠷ᠎ᠠ ᠰᠡᠭᠦᠳᠡᠷ ᠪᠠᠶᠢᠵᠤ᠂ ᠭᠠᠯ ᠰᠡᠷᠭᠡᠶᠢᠯᠡᠬᠦ ᠠᠵᠢᠯ ᠤᠨ ᠭᠤᠭᠴᠤᠭ᠎ᠠ ᠪᠣᠯᠭᠠᠨ ᠳᠤ ᠴᠥᠮ ᠲᠤᠰᠬᠠᠢ ᠬᠥᠮᠦᠨ ᠬᠠᠷᠢᠭᠤᠴᠠᠬᠤ ᠶᠢ ᠪᠠᠲᠤᠯᠠᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨ ᠬᠦ ᠪᠡᠶᠡᠯᠡᠭᠦᠯᠪᠡ᠃    ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠪᠣᠯ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠤᠨ᠎ᠠ᠃ ᠦᠴᠦᠸᠠᠨ ᠰᠢᠶᠠᠨ ᠤ ᠡᠯ᠎ᠡ ᠠᠭᠤᠯᠠᠨ ᠳᠤ ᠣᠷᠣᠬᠤ ᠵᠠᠮ ᠤᠨ ᠠᠭᠤᠯᠵᠠᠷ ᠤᠨ ᠪᠠᠶᠢᠴᠠᠭᠠᠬᠤ ᠴᠡᠭ ᠲᠤ᠂ ᠠᠵᠢᠯᠲᠠᠳ ᠠᠭᠤᠯᠠᠨ ᠳᠤ ᠣᠷᠣᠬᠤ ᠬᠥᠮᠦᠰ ᠢ ᠨᠠᠷᠢᠨ ᠬᠢᠨᠠᠮᠠᠭᠠᠶ ᠪᠦᠷᠢᠳᠬᠡᠨ ᠲᠡᠮᠳᠡᠭᠯᠡᠬᠦ ᠶᠢᠨ ᠬᠠᠮᠲᠤ ᠭᠠᠯ ᠰᠡᠷᠭᠡᠶᠢᠯᠡᠬᠦ ᠤᠬᠠᠭᠤᠯᠭ᠎ᠠ ᠥᠷᠨᠢᠭᠦᠯᠵᠦ᠂  ᠲᠦᠢᠮᠡᠷ ᠤᠨ ᠲᠥᠷᠥᠯ ᠢ ᠡᠭᠦᠳᠡᠨ ᠭᠠᠳᠠᠨ᠎ᠠ ᠵᠣᠭᠰᠣᠭᠠᠪᠠ᠃ ᠣᠶ ᠰᠢᠭᠤᠶ ᠲᠠᠷᠢᠶᠠᠨ ᠭᠠᠵᠠᠷ ᠰᠣᠯᠪᠢᠴᠠᠭᠰᠠᠨ ᠭᠠᠵᠠᠷ ᠲᠤ᠂ ᠬᠢᠨᠠᠨ ᠬᠠᠮᠢᠶᠠᠷᠬᠤ ᠠᠵᠢᠯᠲᠠᠨ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠤᠨ ᠶᠠᠪᠤᠳᠠᠯ ᠳᠤ ᠭᠠᠯ ᠬᠡᠷᠡᠭᠯᠡᠬᠦ ᠶᠢ ᠨᠢᠭᠲᠠ ᠠᠩᠬᠠᠷᠴᠤ᠂ ᠠᠰᠢᠭ ᠥᠬᠡᠶ ᠠᠭᠤᠷ ᠠᠮᠢᠰᠬᠤᠯ ᠲᠣᠬᠢᠶᠠᠯᠳᠤᠪᠠᠯ ᠴᠠᠭ ᠲᠤᠬᠠᠶ ᠳᠤᠨᠢ ᠲᠣᠰᠬᠤᠨ ᠤ ᠠᠷᠠᠳ ᠤᠨ ᠭᠠᠯ ᠬᠡᠷᠡᠭᠯᠡᠬᠦ ᠶᠢ ᠢᠳᠬᠠᠨ ᠬᠤᠷᠢᠭᠯᠠᠬᠤ ᠬᠡᠷᠡᠭᠲᠡᠶ᠃ ᠪᠤᠩᠬᠤᠨ ᠤ ᠭᠠᠵᠠᠷ ᠤᠨ ᠡᠷᠬᠢᠨ ᠲᠣᠭᠤᠷᠢᠨ ᠳᠤ᠂ ᠠᠵᠢᠯᠲᠠᠳ ᠰᠢᠲᠠᠮᠠᠬᠠᠢ ᠪᠣᠳᠠᠰ ᠢ ᠤᠷᠢᠳᠴᠢᠯᠠᠨ ᠴᠡᠪᠡᠷᠯᠡᠵᠦ᠂ ᠲᠥᠪᠯᠡᠷᠡᠭᠦᠯᠦᠨ ᠳᠠᠬᠢᠯᠭ᠎ᠠ ᠶᠢᠨ ᠣᠷᠣᠨ ᠭᠠᠷᠭᠠᠬᠤ ᠪᠥᠭᠡᠳ ᠤᠯᠠᠨ ᠲᠦᠮᠡᠨ ᠤ ᠪᠣᠯᠪᠠᠰᠤᠨ ᠢᠶᠠᠷ ᠳᠠᠬᠢᠯᠭ᠎ᠠ ᠬᠢᠬᠦ ᠶᠢ ᠤᠬᠠᠭᠤᠯᠵᠤ ᠬᠦᠳᠦᠯᠥᠨ ᠵᠢᠯᠣᠭᠤᠳᠬᠤ ᠪᠠᠷ ᠳᠠᠮᠵᠢᠭᠤᠯᠵᠤ᠂ ᠭᠠᠯ ᠤᠨ ᠭᠠᠮᠰᠢᠭ ᠡᠭᠦᠰᠬᠦ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠪᠠᠭᠠᠰᠬᠠᠨ᠎ᠠ᠃    ᠭᠠᠯ ᠤᠨ ᠠᠶᠤᠯ ᠢ ᠡᠷᠲᠡ ᠢᠯᠡᠷᠡᠭᠦᠯᠵᠦ ᠡᠷᠲᠡ ᠰᠢᠢᠳᠪᠦᠷᠢᠯᠡᠬᠦ ᠶᠢᠨ ᠲᠥᠯᠥᠭᠡ᠂ ᠦᠴᠦᠸᠠᠨ ᠰᠢᠶᠠᠨ ᠤ ᠬᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢᠶᠠᠨ ᠭᠦᠢᠴᠡᠳ ᠪᠠᠳᠠᠷᠠᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠪᠠ᠃ ᠣᠶ ᠰᠢᠭᠤᠶ ᠡᠪᠡᠰᠦ ᠪᠡᠯᠴᠢᠭᠡᠷ ᠬᠢᠭᠡᠳ ᠴᠠᠭ ᠠᠭᠤᠷ ᠵᠡᠷᠭᠡ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠵᠦ᠂ ᠴᠠᠭ ᠠᠭᠤᠷ ᠤᠨ ᠰᠠᠯᠠᠭ᠎ᠠ ᠮᠥᠴᠢᠷ ᠤᠳ ᠴᠠᠭ ᠠᠭᠤᠷ ᠢ ᠬᠢᠨᠠᠨ ᠬᠡᠮᠵᠢᠬᠦ ᠲᠥᠬᠦᠭᠡᠷᠦᠮᠵᠢ ᠪᠣᠯᠤᠨ ᠮᠡᠷᠭᠡᠵᠢᠯ ᠢ ᠠᠰᠢᠭᠯᠠᠨ᠂ ᠣᠬᠤᠷ ᠬᠤᠭᠤᠴᠠᠭᠠᠨ ᠤ ᠲᠦᠷ ᠴᠠᠭ ᠤᠨ ᠤᠷᠢᠳᠴᠢᠯᠠᠭᠰᠠᠨ ᠮᠡᠳᠡᠭᠡ ᠶᠢ ᠰᠠᠶᠢᠲᠤᠷ ᠬᠢᠵᠦ᠂ ᠭᠠᠯ ᠰᠡᠷᠭᠡᠶᠢᠯᠡᠨ ᠤᠨᠲᠠᠷᠠᠭᠠᠬᠤ ᠳᠤ ᠣᠨᠣᠪᠴᠢᠲᠠᠶ ᠴᠠᠭ ᠠᠭᠤᠷ ᠤᠨ ᠦᠢᠯᠡᠴᠢᠯᠡᠭᠡ ᠬᠠᠩᠭᠠᠬᠤ ᠬᠡᠷᠡᠭᠲᠡᠶ᠃ ᠬᠢᠨᠠᠨ ᠬᠡᠮᠵᠢᠬᠦ ᠠᠷᠭ᠎ᠠ ᠪᠠᠷᠢᠯ ᠤᠨ ᠲᠠᠯ᠎ᠠ ᠪᠠᠷ᠂ ᠦᠴᠦᠸᠠᠨ ᠰᠢᠶᠠᠨ ᠪᠦᠬᠦ ᠲᠠᠯ᠎ᠠ ᠶᠢᠨ᠂ ᠪᠣᠰᠤᠭ᠎ᠠ ᠴᠣᠭᠴᠠᠲᠤ ᠬᠢᠨᠠᠨ ᠬᠡᠮᠵᠢᠬᠦ ᠰᠢᠰᠲ᠋ᠧᠮ ᠢ ᠪᠠᠶᠢᠭᠤᠯᠪᠠ᠃ ᠸᠢᠳᠢᠣ᠋ ᠪᠠᠷ 24 ᠴᠠᠭ ᠬᠢᠨᠠᠨ ᠡᠵᠡᠮᠳᠡᠵᠦ᠂ ᠠᠭᠤᠯᠠ ᠰᠢᠭᠤᠶ ᠶᠢᠨ ᠬᠥᠳᠡᠯᠦᠯ ᠪᠠᠶᠢᠳᠠᠯ ᠢ ᠲᠠᠰᠤᠷᠠᠯᠲᠠ ᠥᠬᠡᠶ ᠠᠵᠢᠭᠯᠠᠵᠤ᠂ ᠰᠤᠪᠤᠷᠭᠠᠨ ᠲᠠᠶᠢᠰᠠ ᠶᠢᠨ ᠦᠵᠡᠭᠴᠢ ᠠᠯᠤᠰ ᠢ ᠴᠠᠭ ᠢᠮᠠᠭᠲᠠ ᠰᠡᠷᠡᠮᠵᠢᠯᠡᠵᠦ᠂ ᠭᠠᠵᠠᠷ ᠳᠡᠭᠡᠷᠡᠬᠢ ᠴᠠᠭᠳᠠᠨ ᠪᠠᠶᠢᠴᠠᠭᠠᠬᠤ ᠠᠵᠢᠯᠲᠠᠳ ᠠᠭᠤᠯᠠ ᠰᠢᠭᠤᠶ ᠳᠤ ᠭᠦᠨᠵᠡᠭᠡᠶᠢᠷᠡᠨ᠂ ᠠᠯᠢ ᠨᠢᠭᠡ ᠥᠨᠴᠥᠭ ᠪᠤᠯᠤᠩ ᠢ ᠴᠤ ᠣᠷᠬᠢᠭᠳᠠᠭᠤᠯᠬᠤ ᠥᠬᠡᠶ ᠪᠠᠶᠢᠪᠠ᠃ ᠡᠭᠦᠰᠴᠦ ᠮᠡᠳᠡᠬᠦ ᠭᠠᠯ ᠤᠨ ᠠᠶᠤᠯ ᠤᠨ ᠡᠮᠦᠨ᠎ᠡ᠂ ᠦᠴᠦᠸᠠᠨ ᠰᠢᠶᠠᠨ ᠴᠠᠭ ᠢᠮᠠᠭᠲᠠ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠢᠶᠠᠨ ᠪᠠᠲᠤᠯᠠᠵᠤ ᠪᠠᠶᠢᠨ᠎ᠠ᠃ ᠭᠠᠯ ᠤᠨᠲᠠᠷᠠᠭᠠᠬᠤ ᠡᠩᠨᠡᠭᠡ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠬᠠᠮᠵᠢᠯᠴᠠᠨ ᠪᠠᠶᠢᠯᠳᠤᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠦᠴᠦᠸᠠᠨ ᠰᠢᠶᠠᠨ ᠲᠣᠭᠲᠠᠭᠰᠠᠨ ᠬᠤᠭᠤᠴᠠᠭ᠎ᠠ ᠲᠠᠢ ᠪᠠᠷ ᠪᠣᠳᠠᠲᠤ ᠪᠠᠶᠢᠯᠳᠤᠭᠠᠨ ᠤ ᠰᠣᠷᠢᠯᠲᠠ ᠶᠢ ᠵᠣᠬᠢᠶᠠᠨ ᠪᠠᠶᠢᠭᠤᠯᠬᠤ ᠶᠢᠨ ᠬᠠᠮᠲᠤ ᠬᠤᠣᠰ ᠪᠠᠯᠠᠢ ᠳᠠᠶᠢᠴᠢᠯᠠᠯᠳᠠ ᠬᠢᠵᠡᠢ᠃ ᠡᠳᠦᠭᠡ ᠂ ᠦᠴᠦᠸᠠᠨ ᠰᠢᠶᠠᠨ ᠨᠢᠭᠡᠨᠲᠡ ᠠᠷᠠᠳ ᠤᠨ ᠠᠭᠠᠷ ᠤᠨ ᠰᠡᠷᠭᠡᠶᠢᠯᠡᠯᠲᠡ᠂ ᠪᠣᠳᠠᠰ ᠤᠨ ᠰᠡᠷᠭᠡᠶᠢᠯᠡᠯᠲᠡ᠂ ᠮᠡᠷᠭᠡᠵᠢᠯ ᠤᠨ ᠰᠡᠷᠭᠡᠶᠢᠯᠡᠯᠲᠡ ᠶᠢ ᠠᠭᠤᠰᠤᠯᠴᠠᠭᠤᠯᠤᠭᠰᠠᠨ ᠰᠡᠷᠭᠡᠶᠢᠯᠡᠨ ᠡᠵᠡᠮᠳᠡᠬᠦ ᠰᠢᠰᠲ᠋ᠧᠮ ᠢ ᠪᠠᠶᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠪᠣᠯᠤᠨ ᠤᠯᠠᠨ ᠲᠦᠮᠡᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠳᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠪᠠᠶᠢᠭᠤᠯᠵᠤ ᠥᠭᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号