ᠰᠤᠷᠭᠠᠨ ᠬᠥᠮᠦᠵᠢᠯ ᠤᠨ ᠶᠠᠮᠤᠨ 4 ᠳ᠋ᠦ᠋ᠭᠡᠷ ᠰᠠᠷ᠎ᠠ ᠶᠢᠨ 22 ᠤᠨ ᠡᠳᠦᠷ 2024 ᠣᠨ ᠤ ᠡᠩ ᠤᠨ ᠳᠡᠭᠡᠳᠦ | ᠵᠡᠷᠭᠡ ᠶᠢᠨ ᠰᠤᠷᠭᠠᠭᠤᠯᠢ ᠶᠢᠨ ᠦᠨᠳᠦᠰᠦᠨ ᠠᠩᠭᠢ ᠶᠢᠨ ᠲᠤᠰᠬᠠᠢ ᠮᠡᠷᠭᠡᠵᠢᠯ ᠤᠨ ᠳᠠᠩᠰᠠᠯᠠᠯᠲᠠ ᠪᠠ ᠬᠢᠨᠠᠨ | ᠵᠥᠪᠰᠢᠶᠡᠷᠡᠯ ᠤᠨ ᠳ᠋ᠦᠩ ᠢ ᠨᠡᠶᠢᠲᠡᠯᠡᠬᠦ ᠳᠤ᠂ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠨᠡᠶᠢᠲᠡ 1839 | ᠲᠤᠰᠬᠠᠢ ᠮᠡᠷᠭᠡᠵᠢᠯ ᠤᠨ ᠴᠡᠭ ᠨᠡᠮᠡᠭᠳᠡᠵᠦ᠂ 2220 ᠲᠤᠰᠬᠠᠢ ᠮᠡᠷᠭᠡᠵᠢᠯ ᠤᠨ ᠴᠡᠭ ᠲᠤ ᠰᠣᠷᠣᠭᠴᠢ ᠡᠯᠰᠡᠬᠦ ᠶᠢ ᠨᠢ | ᠵᠣᠭᠰᠣᠭᠠᠵᠤ᠂ 1428 ᠲᠤᠰᠬᠠᠢ ᠮᠡᠷᠭᠡᠵᠢᠯ ᠤᠨ ᠴᠡᠭ ᠢ ᠬᠠᠰᠤᠪᠠ᠃ | ᠰᠤᠷᠭᠠᠨ ᠬᠥᠮᠦᠵᠢᠯ ᠤᠨ ᠶᠠᠮᠤᠨ ︽ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠦᠨᠳᠦᠰᠦᠨ ᠠᠩᠭᠢ ᠶᠢᠨ | ᠲᠤᠰᠬᠠᠢ ᠮᠡᠷᠭᠡᠵᠢᠯ ᠤᠨ ᠭᠠᠷᠴᠠᠭ ︵2025 ᠣᠨ︶︾ ᠢ ᠵᠡᠷᠭᠡ ᠳᠤ ᠨᠢ ᠰᠢᠨᠡᠳᠬᠡᠨ ᠨᠡᠶᠢᠲᠡᠯᠡᠵᠦ᠂ 29 | ᠵᠦᠢᠯ ᠤᠨ ᠰᠢᠨ᠎ᠡ ᠲᠤᠰᠬᠠᠢ ᠮᠡᠷᠭᠡᠵᠢᠯ ᠢ ᠨᠡᠮᠡᠨ ᠵᠢᠭᠰᠠᠭᠠᠵᠤ᠂ 2025 ᠣᠨ ᠤ ᠶᠡᠭᠡ ᠳᠡᠭᠡᠳᠦ ᠰᠤᠷᠭᠠᠭᠤᠯᠢ ᠶᠢᠨ | ᠰᠢᠯᠭᠠᠯᠲᠠ ᠪᠠᠷ ᠰᠣᠷᠣᠭᠴᠢ ᠡᠯᠰᠡᠬᠦ ᠪᠣᠯᠪᠠ᠃ ᠰᠢᠨ᠎ᠡ ᠭᠠᠷᠴᠠᠭ ᠲᠤ 93 ᠲᠤᠰᠬᠠᠢ ᠮᠡᠷᠭᠡᠵᠢᠯ ᠤᠨ ᠲᠥᠷᠥᠯ᠂ | 845 ᠵᠦᠢᠯ ᠤᠨ ᠲᠤᠰᠬᠠᠢ ᠮᠡᠷᠭᠡᠵᠢᠯ ᠢ ᠪᠠᠭᠲᠠᠭᠠᠵᠤ᠂ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠤᠯᠤᠰ ᠤᠨ | ᠪᠠᠶᠢᠯᠳᠤᠬᠤ ᠪᠣᠳᠣᠯᠭ᠎ᠠ ᠶᠢᠨ ᠪᠠᠴᠢᠮ ᠬᠡᠷᠡᠭᠴᠡᠭᠡ ᠪᠠ ᠴᠢᠨᠠᠷ ᠰᠠᠶᠢᠲᠠᠢ ᠬᠥᠭᠵᠢᠯᠲᠡ ᠳᠤ ᠲᠦᠷᠭᠡᠨ ᠨᠡᠶᠢᠴᠡᠭᠦᠯᠦᠨ | ᠲᠣᠬᠢᠷᠠᠭᠤᠯᠬᠤ ᠪᠠᠨ ᠤᠯᠠᠮ ᠨᠢᠭᠡ ᠠᠯᠬᠤᠮ ᠴᠢᠩᠭᠠᠳᠬᠠᠪᠠ᠃ | ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠲᠠᠯ᠎ᠠ ᠪᠠᠷ᠂ ᠣᠷᠣᠨ ᠪᠦᠰᠡ ᠪᠠ ᠤᠯᠤᠰ ᠤᠳ ᠤᠨ | ᠢᠯᠭᠠᠯ ᠤᠨ ᠤᠬᠠᠭᠠᠨ᠂ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠤᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ᠂ | ᠲᠡᠯᠡᠶ ᠲᠠᠩᠭᠢᠰ ᠤᠨ ᠰᠢᠨᠵᠢᠯᠡᠬᠦ ᠤᠬᠠᠭᠠᠨ ᠬᠢᠭᠡᠳ ᠲᠧᠭᠨᠢᠭ ᠮᠡᠷᠭᠡᠵᠢᠯ᠂ ᠡᠷᠡᠭᠦᠯ ᠮᠡᠨᠳᠦ ᠬᠢᠭᠡᠳ ᠡᠮᠴᠢᠯᠡᠭᠡᠨ ᠤ | ᠪᠠᠲᠤᠯᠠᠭ᠎ᠠ ᠵᠡᠷᠭᠡ ᠲᠤᠰᠬᠠᠢ ᠮᠡᠷᠭᠡᠵᠢᠯ ᠢ ᠨᠡᠮᠡᠵᠦ ᠲᠣᠬᠢᠷᠠᠭᠤᠯᠪᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠤᠰᠢᠭᠤᠷᠠᠯ ᠳᠤ ᠬᠠᠨᠳᠤᠭᠤᠯᠤᠨ᠂ ᠣᠶᠤᠨᠴᠢ | ᠮᠣᠯᠧᠺᠦ᠋ᠯ ᠤᠨ ᠢᠨᠵᠧᠨᠧᠷᠢᠩ᠂ ᠡᠮᠴᠢᠯᠡᠭᠡᠨ ᠤ ᠪᠠᠭᠠᠵᠢ ᠬᠡᠷᠡᠭᠰᠡᠯ ᠬᠢᠭᠡᠳ ᠲᠣᠨᠤᠭ ᠲᠥᠬᠦᠭᠡᠷᠦᠮᠵᠢ ᠶᠢᠨ | ᠢᠨᠵᠧᠨᠧᠷᠢᠩ᠂ ᠴᠠᠭ ᠣᠷᠣᠨ ᠵᠠᠢ ᠶᠢᠨ ᠮᠡᠳᠡᠭᠡ ᠵᠠᠩᠭᠢ ᠶᠢᠨ ᠢᠨᠵᠧᠨᠧᠷᠢᠩ ᠵᠡᠷᠭᠡ ᠲᠤᠰᠬᠠᠢ ᠮᠡᠷᠭᠡᠵᠢᠯ ᠢ ᠨᠡᠮᠡᠵᠦ | ᠲᠣᠬᠢᠷᠠᠭᠤᠯᠪᠠ᠃ | ᠵᠠᠬ᠎ᠠ ᠳᠡᠯᠭᠡᠭᠦᠷ ᠤᠨ ᠬᠡᠷᠡᠭᠴᠡᠭᠡ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠤᠯᠠᠨ ᠤᠯᠤᠰ ᠤᠨ ᠰᠢᠤᠳᠠᠨ ᠤ | ᠬᠥᠯᠭᠡ ᠣᠩᠭᠤᠴᠠᠨ ᠤ ᠬᠠᠮᠢᠶᠠᠷᠤᠯᠲᠠ᠂ ᠠᠭᠠᠷ ᠠᠶᠠᠯᠠᠯ ᠤᠨ ᠬᠥᠳᠡᠯᠭᠡᠭᠡᠨ ᠵᠡᠷᠭᠡ ᠲᠤᠰᠬᠠᠢ ᠮᠡᠷᠭᠡᠵᠢᠯ ᠢ ᠨᠡᠮᠡᠵᠦ | ᠲᠣᠬᠢᠷᠠᠭᠤᠯᠪᠠ᠃ | ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠣᠬᠢᠶᠠᠮᠠᠯ ᠣᠶᠣᠨ ᠢᠶᠠᠷ ᠡᠷᠴᠢᠮᠯᠡᠬᠦ ᠳᠤ ᠠᠩᠬᠠᠷᠤᠯ | ᠲᠥᠪᠯᠡᠷᠡᠭᠦᠯᠵᠦ᠂ ᠵᠣᠬᠢᠶᠠᠮᠠᠯ ᠣᠶᠣᠨ ᠤ ᠰᠤᠷᠭᠠᠨ ᠬᠥᠮᠦᠵᠢᠯ᠂ ᠣᠶᠤᠨᠴᠢ ᠠᠦ᠋ᠳᠢᠣ᠋ ᠸᠢᠳᠢᠣ᠋ ᠶᠢᠨ ᠢᠨᠵᠧᠨᠧᠷᠢᠩ᠂ | ᠳ᠋ᠢᠭᠢᠲ ᠰᠢ ᠵᠦᠴᠦᠭᠡ ᠵᠡᠷᠭᠡ ᠲᠤᠰᠬᠠᠢ ᠮᠡᠷᠭᠡᠵᠢᠯ ᠢ ᠨᠡᠮᠡᠵᠦ ᠲᠣᠬᠢᠷᠠᠭᠤᠯᠪᠠ᠃ | ᠣᠳᠣᠬᠠᠨ ᠳᠤ᠂ ᠪᠥᠬᠦ ᠤᠯᠤᠰ ᠤᠨ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠦᠨᠳᠦᠰᠦᠨ ᠠᠩᠭᠢ ᠶᠢᠨ | ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠨᠡᠶᠢᠲᠡ 6.28 ᠲᠦᠮᠡ ᠪᠠᠶᠢᠨ᠎ᠠ᠃ ᠰᠤᠷᠭᠠᠨ ᠬᠥᠮᠦᠵᠢᠯ ᠤᠨ ᠶᠠᠮᠤᠨ | ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠪᠠ ᠠᠵᠢᠯ ᠣᠯᠭᠤᠯᠲᠠ ᠶᠢᠨ ᠠᠵᠢᠯ ᠤᠨ ᠬᠤᠯᠪᠣᠯᠳᠤᠯ ᠢ ᠤᠯᠠᠮ ᠨᠢᠭᠡ | ᠠᠯᠬᠤᠮ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠶᠢ ᠵᠢᠭᠠᠨ ᠵᠢᠯᠤᠭᠤᠳᠴᠤ ᠪᠠᠶᠢᠭᠠᠳ ᠦᠯᠡᠳᠡᠭᠡᠯ ᠲᠤᠰᠬᠠᠢ | ᠮᠡᠷᠭᠡᠵᠢᠯ ᠢ ᠨᠢ ᠦᠷᠭᠦᠯᠵᠢᠯᠡᠨ ᠲᠣᠬᠢᠷᠠᠭᠤᠯᠤᠨ ᠰᠢᠯᠢᠳᠡᠭᠵᠢᠭᠦᠯᠬᠦ᠂ ᠡᠯ᠎ᠡ ᠬᠦᠷᠢᠶᠡᠨ ᠳᠠᠬᠢ ᠴᠢᠳᠠᠪᠤᠷᠢᠲᠠᠨ ᠤ | ᠬᠡᠷᠡᠭᠴᠡᠭᠡ ᠱᠠᠭᠠᠷᠳᠠᠯᠭ᠎ᠠ ᠪᠠᠨ ᠲᠥᠰᠥᠭᠡᠯᠡᠵᠦ ᠵᠠᠳᠠᠯᠬᠤ ᠶᠢ ᠴᠢᠩᠭᠠᠳᠬᠠᠨ᠂ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠬᠢᠭᠡᠳ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠣᠬᠢᠴᠠᠯᠳᠤᠯ ᠢ ᠲᠠᠰᠤᠷᠠᠯᠲᠠ ᠦᠭᠡᠢ | ᠴᠢᠩᠭᠠᠷᠠᠭᠤᠯᠬᠤ ᠪᠣᠯᠣᠨ᠎ᠠ᠃ | |