ᠣᠶᠢᠷ᠎ᠠ ᠳᠤ᠂ ᠬᠡᠰᠡᠭ ᠣᠯᠠᠨ ᠲᠦᠮᠡᠨ ︽ᠲᠠᠪᠤᠨ ᠳᠠᠭᠠᠳᠬᠠᠯ ᠨᠢᠭᠡ ᠮᠥᠩᠭᠦ ᠶᠢᠨ ᠨᠥᠬᠦᠪᠦᠷᠢ︾ ᠠᠪᠬᠤ | ᠮᠡᠳᠡᠭᠳᠡᠯ ᠲᠣᠰᠣᠭᠰᠠᠨ ᠪᠠᠶᠢᠳᠠᠯ ᠢ ᠲᠤᠰᠬᠠᠵᠠᠢ᠃ ᠡᠭᠦᠨ ᠤ ᠲᠤᠬᠠᠢ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠠᠮᠤᠨ ᠢᠯᠡᠷᠬᠡᠶᠢᠯᠡᠬᠦ ᠳᠡᠭᠡᠨ᠂ ᠶᠡᠷᠦ ᠠᠴᠠ ᠡᠩ ᠤᠨ ᠣᠯᠠᠨ ᠲᠦᠮᠡᠨ ᠳᠤ ︽ᠲᠠᠪᠤᠨ | ᠳᠠᠭᠠᠳᠬᠠᠯ ᠨᠢᠭᠡ ᠮᠥᠩᠭᠦ ᠶᠢᠨ ᠨᠥᠬᠦᠪᠦᠷᠢ︾ ᠭᠡᠳᠡᠭ ᠢ ᠲᠠᠷᠬᠠᠭᠠᠵᠤ ᠥᠩᠭᠡᠷᠡᠭᠰᠡᠨ ᠦᠭᠡᠢ᠂ ᠡᠨᠡ ᠬᠦ ᠮᠡᠳᠡᠭᠳᠡᠯ ᠨᠢ | ᠬᠤᠳᠠᠯ ᠮᠡᠳᠡᠭᠡ ᠵᠠᠩᠭᠢ ᠪᠣᠯᠬᠤ ᠮᠥᠷᠲᠡᠭᠡᠨ ᠮᠡᠬᠡᠯᠡᠯ ᠤᠨ ᠰᠡᠵᠢᠭᠯᠡᠯᠲᠡᠢ ᠪᠣᠯᠬᠤᠷ ᠶᠠᠭᠠᠬᠢᠭᠰᠠᠨ ᠴᠤ ᠢᠲᠡᠭᠡᠵᠦ | ᠪᠣᠯᠬᠤ ᠦᠭᠡᠢ ᠭᠡᠵᠡᠢ᠃ | | | | ᠡᠨᠡ ᠬᠦ ᠮᠡᠳᠡᠭᠳᠡᠯ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠠᠵᠢᠯ ᠳᠤ ᠣᠷᠣᠭᠠᠳ ᠪᠦᠬᠦᠯᠢ ᠨᠢᠭᠡ ᠰᠠᠷ᠎ᠠ ᠪᠣᠯᠤᠭᠰᠠᠨ ᠪᠥᠭᠡᠳ | ᠤᠯᠤᠰ ᠤᠨ ᠲᠣᠭᠲᠠᠭᠠᠯ ᠶᠣᠰᠣᠭᠠᠷ ᠲᠠᠪᠤᠨ ᠳᠠᠭᠠᠳᠬᠠᠯ ᠨᠢᠭᠡ ᠮᠥᠩᠭᠦ ᠶᠢ ᠬᠡᠪ ᠤᠨ ᠶᠣᠰᠣᠭᠠᠷ ᠲᠣᠰᠢᠶᠠᠭᠰᠨ | ᠠᠵᠢᠯᠲᠠᠨ ᠪᠦᠬᠦᠨ ᠴᠥᠮ ︽ᠲᠠᠪᠤᠨ ᠳᠠᠭᠠᠳᠬᠠᠯ ᠨᠢᠭᠡ ᠮᠥᠩᠭᠦ ᠶᠢᠨ ᠨᠥᠬᠦᠪᠦᠷᠢ︾ ᠭᠤᠶᠤᠴᠢᠯᠠᠬᠤ ᠬᠢᠷᠢ | ᠬᠡᠮ ᠲᠠᠢ᠂ ᠡᠷᠬᠡᠪᠰᠢ ᠲᠣᠭᠲᠠᠭᠰᠠᠨ ᠴᠠᠭ ᠤᠨ ᠳᠣᠲᠣᠷ᠎ᠠ ᠮᠡᠳᠡᠭᠡ ᠵᠠᠩᠭᠢ ᠶᠢ ᠭᠡᠷᠡᠴᠢᠯᠡᠬᠦ ᠪᠠ ᠨᠥᠬᠦᠪᠦᠷᠢᠯᠡᠬᠦ | ᠠᠵᠢᠯ ᠢ ᠪᠡᠶᠡᠯᠡᠭᠦᠯᠬᠦ ᠬᠡᠷᠡᠭᠲᠡᠢ᠂ ᠬᠤᠭᠤᠴᠠᠭ᠎ᠠ ᠥᠩᠭᠡᠷᠡᠲᠡᠯ᠎ᠡ ᠭᠦᠢᠴᠡᠳᠬᠡᠭᠰᠡᠨ ᠦᠭᠡᠢ ᠠᠵᠢᠯᠲᠠᠨ ᠨᠥᠬᠦᠪᠦᠷᠢ ᠶᠢ | ᠬᠦᠷᠲᠡᠵᠦ ᠳᠡᠶᠢᠯᠬᠦ ᠦᠭᠡᠢ ᠭᠡᠵᠡᠢ᠃ ᠳᠣᠣᠷᠠᠬᠢ ᠬᠤᠶᠠᠷ ᠬᠡᠮᠵᠢᠯᠳᠦ ᠺᠣᠳ᠋ ᠢ ᠰᠢᠷᠪᠢᠪᠡᠯ ︽ᠡᠳ᠋ ᠤᠨ ᠵᠠᠰᠠᠭ ᠤᠨ | ᠶᠠᠮᠤᠨ ᠤ ᠰᠦᠯᠵᠢᠶ᠎ᠡ︾ ᠭᠠᠷᠤᠭᠠᠳ ᠢᠷᠡᠳᠡᠭ ᠪᠥᠭᠡᠳ ᠥᠪᠡᠷ ᠤᠨ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ | ᠨᠣᠮᠧᠷ ᠵᠡᠷᠭᠡ ᠪᠠᠨ ᠣᠷᠣᠭᠤᠯᠬᠤ ᠶᠢ ᠱᠠᠭᠠᠷᠳᠠᠳᠠᠭ᠂ ᠵᠠᠯᠭᠠᠭᠠᠳ ᠪᠠᠰᠠ ᠪᠠᠩᠬᠢ ᠶᠢᠨ ᠺᠠᠷᠲ ᠤᠨ ᠨᠣᠮᠧᠷ᠂ ᠰᠢᠯᠭᠠᠨ | ᠪᠠᠲᠤᠯᠠᠬᠤ ᠺᠣᠳ᠋ ᠵᠡᠷᠭᠡ ᠪᠠᠨ ᠲᠠᠭᠯᠠᠬᠤ ᠬᠡᠷᠡᠭᠲᠡᠢ ᠭᠡᠳᠡᠭ᠃ ᠠᠩᠬᠠᠷᠤᠭᠠᠷᠠᠢ︕ ᠡᠨᠡ ᠬᠦ ᠰᠦᠯᠵᠢᠶᠡᠨ ᠤ ᠥᠷᠲᠡᠭᠡ | ᠪᠣᠯ ᠬᠠᠭᠤᠷᠮᠠᠭ ᠶᠤᠮ᠃ ᠪᠢᠲᠡᠭᠡᠢ ᠢᠲᠡᠭᠡ᠂ ᠪᠢᠲᠡᠭᠡᠢ ᠲᠠᠭᠯᠠ᠂ ᠡᠨᠡ ᠪᠣᠯ ᠮᠡᠬᠡᠯᠡᠯ ᠤᠨ ᠶᠡᠷᠦᠳᠡ ᠶᠢᠨ ᠠᠷᠭ᠎ᠠ᠃ | ᠮᠡᠳᠡᠭᠡ ᠵᠠᠩᠭᠢ ᠪᠠᠨ ᠲᠤᠰᠢᠶᠠᠭᠰᠠᠨ ᠤ ᠳᠠᠷᠠᠭ᠎ᠠ ᠨᠥᠬᠦᠪᠦᠷᠢ ᠣᠯᠵᠤ ᠳᠡᠶᠢᠯᠬᠦ ᠦᠭᠡᠢ ᠮᠥᠷᠲᠡᠭᠡᠨ ᠺᠠᠷᠲ ᠲᠠᠬᠢ | ᠵᠣᠭᠤᠰ ᠴᠢᠨᠢ ᠪᠠᠰᠠ ᠬᠤᠯᠠᠭᠠᠶᠢᠯᠠᠭᠳᠠᠬᠤ ᠪᠣᠯᠣᠨ᠎ᠠ᠃ | | | | | | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ | ᠢᠯᠡᠷᠬᠡᠶᠢᠯᠡᠭᠰᠡᠨ ᠢᠶᠠᠷ᠂ ᠡᠶᠢᠮᠦᠷᠬᠦ ᠮᠡᠬᠡᠯᠡᠯ ᠨᠢ ᠬᠠᠤᠯᠢ ᠪᠤᠰᠤ ᠠᠷᠭ᠎ᠠ ᠵᠠᠮ ᠢᠶᠠᠷ ᠣᠯᠠᠨ ᠲᠦᠮᠡᠨ ᠤ ᠭᠠᠷ | ᠤᠲᠠᠰᠤᠨ ᠤ ᠨᠣᠮᠧᠷ᠂ ᠸᠢᠴᠠᠲ ᠳ᠋ᠤᠭᠠᠷ ᠪᠤᠶᠤ ᠢᠮᠧᠯ ᠤᠨ ᠲᠠᠩᠰᠠᠨ ᠨᠣᠮᠧᠷ ᠵᠡᠷᠭᠡ ᠶᠢ ᠣᠯᠵᠤ᠂ ᠳᠠᠷᠠᠭ᠎ᠠ ᠨᠢ | ᠬᠤᠳᠠᠯ ᠬᠠᠭᠤᠷᠮᠠᠭ ᠮᠡᠳᠡᠭᠡ ᠵᠠᠩᠭᠢ ᠶᠠᠪᠤᠭᠤᠯᠵᠤ᠂ ᠣᠯᠠᠨ ᠲᠦᠮᠡᠨ ᠢ ᠥᠳᠥᠭᠡᠵᠦ ᠪᠠᠶᠢᠭᠠᠳ ᠬᠤᠶᠠᠷ ᠬᠡᠮᠵᠢᠯᠳᠦ | ᠺᠣᠳ᠋ ᠢ ᠰᠢᠷᠪᠢᠬᠦ ᠪᠤᠶᠤ ᠴᠥᠷᠬᠡᠯᠡᠭᠡ ᠶᠢ ᠳᠠᠷᠤᠭᠤᠯᠵᠤ᠂ ᠬᠤᠳᠠᠯ ᠬᠠᠭᠤᠷᠮᠠᠭ ︽ᠠᠯᠪᠠᠨ ᠤ ᠲᠠᠯ᠎ᠠ︾ ᠶᠢᠨ ᠵᠢᠵᠢᠭ | ᠫᠷᠣᠭ᠍ᠷᠠᠮ ᠪᠤᠶᠤ ᠰᠦᠯᠵᠢᠶᠡᠨ ᠥᠷᠲᠡᠭᠡ ᠳᠤ ᠣᠷᠣᠭᠤᠯᠬᠤ ᠶᠢᠨ ᠬᠠᠮᠲᠤ ᠪᠡᠶ᠎ᠡ ᠶᠢᠨ ᠦᠨᠡᠮᠯᠡᠯ᠂ ᠪᠠᠩᠬᠢ ᠶᠢᠨ ᠺᠠᠷᠲ᠂ | ᠰᠢᠯᠭᠠᠨ ᠪᠠᠲᠤᠯᠠᠬᠤ ᠺᠣᠳ᠋ ᠵᠡᠷᠭᠡ ᠬᠤᠪᠢ ᠬᠥᠮᠥᠨ ᠤ ᠮᠡᠳᠡᠭᠡ ᠵᠠᠩᠭᠢ ᠶᠢ ᠲᠠᠭᠯᠠᠵᠤ᠂ ᠵᠣᠭᠤᠰ ᠮᠥᠩᠭᠦ ᠮᠡᠬᠡᠯᠡᠨ | ᠠᠪᠬᠤ ᠵᠣᠷᠢᠯᠭ᠎ᠠ ᠳᠠᠭᠠᠨ ᠭᠥᠷᠳᠡᠭ᠃ |