ᠠᠶᠤᠯ ᠲᠠᠢ ᠬᠢᠮᠢ ᠶᠢᠨ ᠪᠣᠳᠠᠰ ᠦᠢᠯᠡᠳᠪᠦᠷᠢᠯᠡᠬᠦ ᠠᠵᠤ ᠠᠬᠤᠶᠢᠯᠠᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠦᠨᠡᠨᠬᠦ ᠴᠢᠩᠭᠠᠳᠬᠠᠵᠤ᠂ ︽5᠂1︾ ᠤ ᠠᠮᠠᠷᠠᠯᠲᠠ ᠶᠢᠨ ᠬᠤᠭᠤᠴᠠᠭᠠᠨ ᠤ ᠦᠢᠯᠡᠳᠪᠦᠷᠢᠯᠡᠯ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠦᠨᠡᠨᠬᠦ ᠪᠠᠲᠤᠯᠠᠬᠤ ᠬᠡᠷᠡᠭᠲᠡᠶ
ᠨᠡᠶᠢᠲᠡᠯᠡᠭᠰᠡᠨ ᠴᠠᠭ᠄
2025/5/12
     4 ᠰᠠᠷ᠎ᠠ ᠶᠢᠨ 30 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠶ  ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠵᠣᠬᠢᠶᠠᠨ ᠪᠠᠶᠢᠭᠤᠯᠵᠤ ᠬᠤᠷᠠᠯᠳᠤᠭᠤᠯᠤᠭᠰᠠᠨ ︽5᠂1︾ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠬᠠᠷᠠᠭᠠᠨ ᠳᠠᠪᠲᠠᠮᠵᠢ ᠶᠢᠨ ᠬᠤᠷᠠᠯ ᠳᠡᠭᠡᠷ᠎ᠡ ᠣᠶᠢᠷ᠎ᠠ ᠶᠢᠨ ᠬᠤᠭᠤᠴᠠᠭᠠᠨ ᠤ ᠨᠡᠶᠢᠲᠡᠯᠢᠭ ᠠᠳᠡᠯ ᠢ ᠵᠠᠷᠯᠠᠨ ᠮᠡᠳᠡᠭᠳᠡᠵᠦ᠂ ᠡᠯ᠎ᠡ ᠭᠠᠵᠠᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠶᠡᠷᠦᠩᠬᠡᠶ ᠰᠠᠶᠢᠳ ᠯᠢ ᠴᠢᠶᠠᠩ ᠤᠨ ᠴᠣᠬᠤᠯᠠᠪᠤᠷᠢ ᠶᠢᠨ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠦᠨᠵᠡᠭᠡᠶ ᠰᠤᠷᠭᠠᠮᠵᠢ ᠠᠪᠴᠤ᠂ ᠡᠯ᠎ᠡ ᠲᠥᠷᠥᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠬᠦᠨᠳᠦ ᠣᠨᠴᠠ ᠶᠡᠭᠡ ᠠᠳᠡᠯ ᠢ ᠡᠷᠡᠰ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃    ᠬᠤᠷᠠᠯ ᠤᠨ ᠱᠠᠭᠠᠷᠳᠠᠯᠭ᠎ᠠ ᠶᠣᠰᠣᠭᠠᠷ᠂ ᠥᠪᠥᠷ ᠮᠣᠩᠭᠤᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠥᠪᠥᠷ ᠮᠣᠩᠭᠤᠯ ᠤᠨ ᠷᠦᠩ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ︽427︾ ᠢᠯᠴᠢ ᠳᠠᠮᠵᠢᠭᠤᠯᠬᠤ ᠲᠣᠰᠣᠨ ᠤ ᠬᠤᠭᠤᠯᠠᠶ ᠳᠤ ᠭᠠᠯ ᠭᠠᠷᠤᠭᠰᠠᠨ ᠠᠳᠡᠯ ᠲᠠᠢ ᠤᠶᠠᠯᠳᠤᠭᠤᠯᠤᠨ᠂ ᠠᠳᠡᠯ ᠡᠭᠦᠰᠬᠦ ᠪᠣᠯᠤᠯᠴᠠᠭ᠎ᠠ ᠲᠠᠢ ᠰᠢᠯᠲᠠᠭᠠᠨ ᠢ ᠭᠦᠨᠵᠡᠭᠡᠶ ᠵᠠᠳᠠᠯᠪᠠ᠂ ᠬᠠᠨᠳᠤᠯᠭᠠᠲᠤ ᠴᠢᠨᠠᠷᠲᠠᠶ ᠪᠠᠷ ᠰᠡᠷᠭᠡᠶᠢᠯᠡᠬᠦ ᠠᠷᠭ᠎ᠠ ᠬᠡᠮᠵᠢᠶ᠎ᠡ ᠲᠣᠭᠲᠠᠭᠠᠪᠠ᠂ ᠡᠯ᠎ᠡ ᠭᠠᠵᠠᠷ ᠤᠨ ᠬᠢᠨ ᠰᠣᠨᠣᠷ ᠰᠡᠷᠡᠮᠵᠢ ᠪᠠᠨ ᠳᠡᠭᠡᠭᠰᠢᠯᠡᠭᠦᠯᠬᠦ ᠶᠢ ᠱᠠᠭᠠᠷᠳᠠᠵᠠᠶ᠂ ᠣᠨᠴᠠᠭᠠᠢ ᠴᠠᠭ ᠦᠶ᠎ᠡ ᠳᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ᠂ ᠨᠢᠭᠡ ᠤᠳᠠᠭᠠᠨ ᠤ ᠪᠠᠶᠠᠷ ᠤᠨ ᠡᠳᠦᠷ ᠠᠴᠠ ᠡᠮᠦᠨᠡᠬᠢ ᠰᠡᠷᠡᠮᠵᠢᠯᠡᠭᠦᠯᠬᠦ ᠬᠥᠮᠦᠵᠢᠯ ᠪᠣᠯᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠂ ᠵᠢᠵᠢᠭᠦᠷᠯᠡᠨ ᠰᠠᠬᠢᠬᠤ ᠠᠵᠢᠯ ᠢ ᠴᠢᠩᠭ᠎ᠠ ᠰᠠᠶᠢᠲᠤᠷ ᠬᠢᠬᠦ ᠬᠡᠷᠡᠭᠲᠡᠶ᠂ ᠬᠡᠪ ᠤᠨ ᠪᠤᠰᠤ ᠠᠵᠢᠯ ᠶᠢᠨ ᠪᠠᠶᠢᠳᠠᠯ ᠢ ᠠᠮᠤᠷ ᠲᠦᠪᠰᠢᠨ ᠢᠶᠠᠷ  ᠰᠢᠢᠳᠪᠦᠷᠢᠯᠡᠬᠦ ᠶᠢ ᠵᠢᠷᠤᠮᠵᠢᠭᠤᠯᠬᠤ ᠬᠡᠷᠡᠭᠲᠡᠶ᠂ ᠶᠡᠷᠦᠩᠬᠡᠢ ᠱᠦᠵᠢ ᠰᠢ ᠶᠢᠨ ᠫᠢᠩ ᠤᠨ ᠯᠢᠶᠣᠤᠨᠢᠩ ᠤᠨ ᠯᠢᠶᠤᠤᠶᠠᠩ ᠬᠤᠳᠠ ᠶᠢᠨ ᠴᠠᠭᠠᠨ ᠰᠤᠪᠤᠷᠭ᠎ᠠ ᠲᠣᠭᠤᠷᠢᠭ ᠤᠨ ᠰᠠᠨ ᠯᠢ ᠵᠤᠸᠠᠩ ᠤᠨ ᠴᠤ ᠨᠢᠶᠠᠩ ᠬᠤᠭᠤᠯᠠᠨ ᠭᠡᠷ ᠤᠨ ᠭᠠᠯ ᠤᠨ ᠭᠠᠮᠰᠢᠭ ᠤᠨ ᠠᠳᠡᠯ ᠤᠨ ᠲᠤᠬᠠᠢ ᠴᠢᠬᠤᠯᠠ ᠵᠢᠭᠠᠪᠤᠷᠢ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠂ ︽ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠴᠦ ᠲᠡᠭᠦᠨ ᠢ ᠵᠠᠰᠠᠬᠤ︾ ᠥᠨᠳᠥᠷ ᠳᠠᠷᠤᠯᠲᠠᠲᠤ ᠪᠠᠶᠢᠳᠠᠯ ᠢ ᠦᠷᠭᠦᠯᠵᠢᠯᠡᠨ ᠪᠠᠲᠤᠯᠠᠨ᠎ᠠ᠂ ᠠᠶᠤᠯ ᠲᠦᠭᠰᠢᠭᠦᠷᠢ ᠶᠡᠬᠡᠲᠡᠶ ᠠᠵᠤ ᠠᠬᠤᠶᠢᠯᠠᠯ ᠢ ᠴᠢᠩᠭ᠎ᠠ ᠠᠵᠢᠭᠯᠠᠬᠤ ᠬᠡᠷᠡᠭᠲᠡᠶ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠡᠯ᠎ᠡ  ᠵᠦᠢᠯ ᠤᠨ ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠂ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠶ᠃    ᠠᠶᠤᠯᠲᠠᠶ ᠬᠢᠮᠢ ᠶᠢᠨ ᠪᠣᠳᠠᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽5᠂1︾ ᠤ ᠬᠤᠭᠤᠴᠠᠭᠠᠨ ᠳᠠᠬᠢ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠠᠭ ᠲᠤᠬᠠᠶ ᠳᠤᠨᠢ ᠮᠥᠷᠳᠡᠨ ᠬᠢᠨᠠᠨ ᠬᠡᠮᠵᠢᠬᠦ ᠶᠢ ᠦᠨᠡᠨ ᠬᠦ ᠴᠢᠩᠭᠠᠳᠬᠠᠪᠠ᠂ ᠭᠤᠣᠯᠳᠠᠯᠭ᠎ᠠ ᠲᠠᠢ ᠠᠵᠤ ᠠᠬᠤᠶᠢᠯᠠᠯ ᠳᠤ ᠡᠳᠦᠷ ᠪᠦᠷᠢ ᠰᠦᠯᠵᠢᠶᠡᠨ ᠳᠡᠭᠡᠷ᠎ᠡ ᠲᠣᠭᠤᠷᠢᠨ ᠪᠠᠶᠢᠴᠠᠭᠠᠯᠲᠠ ᠬᠢᠬᠦ ᠶᠢ ᠪᠠᠷᠢᠮᠲᠠᠯᠠᠨ᠎ᠠ᠂ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠭᠦᠢᠴᠡᠳ ᠠᠰᠢᠭᠯᠠᠨ᠎ᠠ᠂ 186 ᠣᠨᠴᠠᠭᠠᠶ ᠠᠵᠢᠯ ᠣᠯᠠᠨᠲᠠᠶ ᠠᠵᠤ ᠠᠬᠤᠶᠢᠯᠠᠯ ᠪᠠ ᠰᠡᠷᠡᠮᠵᠢᠯᠡᠭᠦᠯᠦᠯ ᠭᠠᠷᠭᠠᠭᠰᠠᠨ 31 ᠠᠵᠤ ᠠᠬᠤᠶᠢᠯᠠᠯ ᠳᠤ ᠰᠤᠭᠤᠴᠢᠨ ᠪᠠᠶᠢᠴᠠᠭᠠᠯᠲᠠ ᠥᠷᠨᠢᠭᠦᠯᠪᠡ᠂ ᠭᠠᠵᠠᠷ ᠣᠷᠣᠨ ᠢᠶᠠᠷ ᠨᠢᠭᠡᠴᠢ ᠪᠣᠯᠭᠠᠨ ᠲᠤᠬᠠᠶ ᠶᠢᠨ ᠭᠠᠵᠠᠷ ᠤᠨ ᠡᠯ᠎ᠡ ᠲᠥᠷᠥᠯ ᠤᠨ ᠣᠨᠴᠣᠭᠤᠶ ᠠᠵᠢᠯ ᠤᠨ ᠲᠤᠭ᠎ᠠ ᠬᠡᠮᠵᠢᠶ᠎ᠡ ᠪᠣᠯᠤᠨ ᠣᠨᠴᠣᠭᠤᠶ ᠠᠵᠢᠯ ᠢ ᠬᠡᠷᠡᠭᠵᠢᠭᠦᠯᠬᠦ ᠠᠵᠤ ᠠᠬᠤᠶᠢᠯᠠᠯ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠨᠠᠷᠢᠨ ᠪᠦᠷᠢᠳᠬᠡᠬᠦ ᠶᠢᠨ ᠬᠠᠮᠲᠤ ᠨᠡᠶᠢᠲᠡᠯᠡᠨ᠎ᠡ᠂ ᠠᠵᠢᠯ ᠨᠡᠯᠢᠶᠡᠳ ᠲᠥᠪᠯᠡᠷᠡᠭᠰᠡᠨ ᠠᠵᠤ ᠠᠬᠤᠶᠢᠯᠠᠯ ᠪᠠ ᠣᠨᠴᠠᠭᠠᠶ ᠠᠵᠢᠯ ᠤᠨ ᠲᠥᠷᠥᠯ ᠬᠡᠯᠪᠡᠷᠢ ᠶᠢ ᠵᠠᠳᠠᠯᠤᠨ ᠬᠤᠷᠢᠶᠠᠩᠭᠤᠶᠢᠯᠠᠬᠤ᠂ ᠡᠯ᠎ᠡ ᠭᠠᠵᠠᠷ ᠣᠷᠣᠨ ᠢ ︽ᠰᠦᠯᠵᠢᠶᠡᠨ ᠳᠡᠭᠡᠷ᠎ᠡ ᠲᠣᠭᠤᠷᠢᠨ ᠪᠠᠶᠢᠴᠠᠭᠠᠬᠤ + ᠰᠦᠯᠵᠢᠶᠡᠨ ᠭᠠᠳᠠᠨ᠎ᠠ ᠰᠤᠭᠤᠴᠢᠨ ᠪᠠᠶᠢᠴᠠᠭᠠᠬᠤ︾ ᠠᠷᠭ᠎ᠠ ᠮᠠᠶ᠋ᠢᠭ ᠠᠪᠬᠤ ᠶᠢ ᠱᠠᠭᠠᠷᠳᠠᠪᠠ᠂ ᠠᠵᠤ ᠠᠬᠤᠶᠢᠯᠠᠯ ᠤᠨ ᠭᠠᠯ ᠭᠠᠷᠤᠭᠰᠠᠨ ᠵᠡᠷᠭᠡ ᠣᠨᠴᠠᠭᠠᠢ ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠶᠢ ᠰᠢᠪᠠᠳᠠᠨ᠎ᠠ᠂ ᠪᠠᠶᠢᠴᠠᠭᠠᠨ ᠰᠡᠯᠪᠢᠬᠦ ᠠᠵᠢᠯ ᠤᠨ ᠠᠮᠤᠷ ᠲᠦᠪᠰᠢᠨ ᠤ ᠲᠦᠭᠰᠢᠭᠦᠷᠢ  ᠶᠢ ᠴᠠᠭ ᠲᠤᠬᠠᠶ ᠳᠤᠨᠢ ᠰᠢᠢᠳᠪᠦᠷᠢᠯᠡᠨ᠎ᠡ᠃ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠤ ᠭᠠᠯ ᠬᠥᠳᠡᠯᠭᠡᠬᠦ ᠠᠵᠢᠯ ᠢ ᠲᠠᠰ ᠳᠡᠪᠰᠢᠭᠦᠯᠦᠨ ᠬᠠᠮᠢᠶᠠᠷᠤᠭᠰᠠᠨ ᠥᠬᠡᠶ ᠠᠵᠤ ᠠᠬᠤᠶᠢᠯᠠᠯ ᠢ ᠪᠥᠬᠦ ᠣᠷᠣᠨ ᠳᠤ ᠰᠦᠯᠵᠢᠶᠡᠨ ᠳᠡᠭᠡᠷ᠎ᠡ ᠮᠡᠳᠡᠭᠡᠯᠡᠬᠦ ᠶᠢᠨ ᠬᠠᠮᠲᠤ᠂ ᠡᠯ᠎ᠡ ᠭᠠᠵᠠᠷ ᠣᠷᠣᠨ ᠤ ᠠᠵᠤ ᠠᠬᠤᠶᠢᠯᠠᠯ ᠢ ᠴᠡᠭᠡᠷᠯᠡᠯ ᠪᠣᠯᠭᠠᠵᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠣᠨᠴᠠᠭᠠᠶ ᠠᠵᠢᠯ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠳᠡᠯ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃    ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ ᠠᠶᠤᠯᠲᠠᠶ ᠬᠢᠮᠢ ᠶᠢᠨ ᠪᠣᠳᠠᠰ ᠤᠨ ᠠᠶᠤᠯ ᠥᠬᠡᠶ  ᠦᠢᠯᠡᠳᠪᠦᠷᠢᠯᠡᠯ ᠤᠨ ᠠᠳᠡᠯ ᠭᠠᠷᠤᠭᠰᠠᠨ ᠥᠬᠡᠶ᠂ ᠪᠥᠬᠦ ᠣᠷᠣᠨ ᠤ ᠠᠶᠤᠯᠲᠠᠶ ᠬᠢᠮᠢ ᠶᠢᠨ ᠪᠣᠳᠠᠰ ᠤᠨ ᠬᠦᠷᠢᠶᠡᠨ ᠳᠠᠬᠢ ᠠᠶᠤᠯ ᠥᠬᠡᠶ  ᠦᠢᠯᠡᠳᠪᠦᠷᠢᠯᠡᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号