2025 ᠣᠨ ᠤ 5 ᠰᠠᠷ᠎ᠠ ᠶᠢᠨ 12 ᠤᠨ ᠡᠳᠦᠷ ᠪᠣᠯ ᠠᠷᠪᠠᠨ ᠳᠣᠯᠦᠭᠠᠳᠡᠬᠢ ᠪᠥᠬᠦ ᠤᠯᠤᠰ ᠤᠨ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠪᠣᠯᠣᠨ᠎ᠠ᠂ 5 ᠰᠠᠷ᠎ᠠ ᠶᠢᠨ 12 ᠤᠨ ᠡᠳᠦᠷ ᠠᠴᠠ 18 ᠤ ᠡᠳᠦᠷ | ᠪᠣᠯᠲᠠᠯ᠎ᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠠᠷᠠᠭ ᠪᠣᠯᠣᠨ᠎ᠠ᠂ ᠡᠨᠡ ᠵᠢᠯ ᠤᠨ | ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠭᠤᠣᠯ ᠰᠡᠳᠦᠪ ᠪᠣᠯ᠄ ᠬᠥᠮᠥᠨ | ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠥᠨ ᠪᠦᠬᠦᠨ ᠪᠠᠴᠢᠮ ᠪᠠᠶᠢᠳᠠᠯ ᠢ ᠠᠷᠭᠠᠴᠠᠵᠤ ᠳᠡᠷᠭᠡᠳᠡᠬᠢ | ᠭᠠᠮᠰᠢᠭ ᠤᠨ ᠳᠠᠯᠳᠠ ᠬᠡᠮ ᠢ ᠳᠠᠷᠠᠭᠠᠯᠠᠨ ᠪᠠᠶᠢᠴᠠᠭᠠᠨ᠎ᠠ᠃ ᠪᠦᠬᠦ ᠣᠷᠣᠨ ᠤ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠢᠰᠲ᠋ᠧᠮ ᠤᠨ ᠬᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠᠶᠠᠯᠢᠭ ᠰᠠᠶᠢᠬᠠᠨ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠪᠠᠶᠢᠨ᠎ᠠ᠃ | 01ᠬᠥᠬᠡᠬᠤᠲᠠ | ᠡᠨᠡ ᠵᠢᠯ ᠤᠨ 5 ᠰᠠᠷ᠎ᠠ ᠶᠢᠨ 12 ᠤᠨ ᠡᠳᠦᠷ ᠪᠣᠯ ᠪᠥᠬᠦ ᠤᠯᠤᠰ ᠤᠨ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ 17 ᠳ᠋ᠤᠭᠠᠷ ᠡᠳᠦᠷ ᠪᠣᠯᠣᠨ᠎ᠠ᠂ ᠬᠥᠬᠡᠬᠤᠲᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠵᠥᠪᠯᠡᠯ ᠤᠨ ᠠᠯᠪᠠᠨ ᠭᠡᠷ ᠡᠯ᠎ᠡ ᠭᠠᠵᠠᠷ ᠣᠷᠣᠨ ᠢ ᠵᠣᠬᠢᠶᠠᠨ ᠪᠠᠶᠢᠭᠤᠯᠵᠦ᠂ ᠡᠯ᠎ᠡ | ᠪᠦᠷᠢᠯᠳᠦᠭᠦᠨ ᠨᠢᠭᠡᠴᠡ ︽ᠬᠥᠮᠥᠨ ᠪᠦᠬᠦᠨ ᠠᠮᠤᠷ ᠲᠦᠪᠰᠢᠨ ᠢ ᠡᠷᠬᠢᠮᠯᠡᠨ᠎ᠡ᠂ ᠨᠢᠭᠡᠳ ᠨᠢᠭᠡ ᠪᠠᠷ ᠪᠠᠴᠢᠮ ᠪᠠᠶᠢᠳᠠᠯ ᠢ | ᠠᠷᠭᠠᠴᠠᠵᠤ ᠳᠡᠷᠭᠡᠳᠡᠬᠢ ᠭᠠᠮᠰᠢᠭ ᠤᠨ ᠳᠠᠯᠳᠠ ᠬᠡᠮ ᠢ ᠳᠠᠷᠠᠭᠠᠯᠠᠨ ᠪᠠᠶᠢᠴᠠᠭᠠᠬᠤ︾ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠪᠡ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠶᠢᠨ ᠦᠵᠡᠭᠦᠯᠦᠯᠭᠡ ᠶᠢᠨ ᠰᠠᠮᠪᠠᠷ᠎ᠠ ᠳᠤ ᠭᠠᠵᠠᠷ | ᠬᠥᠳᠡᠯᠦᠯᠲᠡ ᠶᠢ ᠨᠠᠷᠢᠨ ᠲᠠᠨᠢᠯᠴᠠᠭᠤᠯᠪᠠ᠂ ᠭᠠᠯ ᠤᠨ ᠠᠶᠤᠯ᠂ ᠦᠶᠡᠷ ᠵᠡᠷᠭᠡ ᠦᠷᠭᠦᠯᠵᠢ ᠲᠣᠬᠢᠶᠠᠯᠳᠤᠳᠠᠭ ᠭᠠᠮᠰᠢᠭ | ᠵᠢᠴᠢ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ᠂ ᠲᠤᠰᠬᠠᠢ ᠮᠡᠷᠭᠡᠵᠢᠯ ᠤᠨ ᠠᠵᠢᠯᠲᠠᠨ ᠲᠤᠬᠠᠢ ᠶᠢᠨ | ᠲᠠᠯᠠᠪᠠᠢ ᠳᠤ ᠭᠠᠯ ᠤᠨᠲᠠᠷᠠᠭᠠᠭᠤᠷ ᠤᠨ ᠵᠥᠪ ᠬᠡᠷᠡᠭᠯᠡᠬᠦ ᠠᠷᠭ᠎ᠠ ᠵᠢᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠬᠤ | ᠮᠡᠳᠡᠯᠭᠡ ᠶᠢ ᠲᠠᠶᠢᠯᠪᠤᠷᠢᠯᠠᠨ᠎ᠠ᠂ ᠡᠭᠦᠨ ᠤ ᠬᠠᠮᠲᠤ ᠡᠯ᠎ᠡ ᠱᠠᠲᠤᠨ ᠤ ᠡᠯ᠎ᠡ ᠲᠥᠷᠥᠯ ᠤᠨ ᠰᠣᠨᠢᠨ ᠮᠡᠳᠡᠭᠡᠨ ᠤ | ᠵᠠᠭᠤᠴᠢᠯᠠᠭᠤᠷ ᠤᠨ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠂ ᠲᠧᠯᠸᠢᠰ ᠢᠶᠠᠷ | ᠳᠠᠮᠵᠢᠨ᠂ ᠨᠡᠪᠲᠡᠷᠡᠭᠦᠯᠭᠡ᠂ ᠰᠦᠯᠵᠢᠶ᠎ᠡ᠂ ᠨᠡᠶᠢᠭᠡᠮ ᠤᠨ ᠬᠠᠷᠢᠯᠴᠠᠭᠠᠨ ᠤ ᠵᠠᠭᠤᠴᠢ᠂ LED ᠳᠡᠯᠭᠡᠴᠡ ᠵᠡᠷᠭᠡ | ᠲᠠᠪᠴᠠᠩ ᠳᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠬᠢᠨ᠎ᠡ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠮᠡᠳᠡᠯᠭᠡ ᠶᠢ ᠪᠥᠬᠦ ᠲᠠᠯ᠎ᠠ ᠪᠠᠷ ᠣᠯᠠᠨ ᠲᠠᠰ ᠳᠠᠪᠬᠤᠷᠭ᠎ᠠ ᠪᠠᠷ ᠤᠬᠠᠭᠤᠯᠤᠨ ᠲᠦᠭᠡᠮᠡᠯᠵᠢᠭᠦᠯᠦᠨ᠎ᠡ᠂ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠭᠦᠨ ᠬᠠᠳᠠᠩᠰᠢᠭᠤᠯᠤᠨ᠎ᠠ᠂ | ᠪᠦᠬᠦ ᠠᠷᠠᠳ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢ ᠴᠢᠩᠭᠠᠳᠬᠠᠬᠤ ᠬᠡᠷᠡᠭᠲᠡᠢ᠂ | ᠳᠡᠷᠭᠡᠳᠡᠬᠢ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ᠥᠪᠡᠷ ᠢ ᠪᠠᠨ ᠠᠪᠤᠷᠠᠬᠤ ᠴᠢᠳᠠᠪᠤᠷᠢ ᠪᠠᠨ | ᠳᠡᠭᠡᠭᠰᠢᠯᠡᠭᠦᠯᠬᠦ᠂ ᠠᠮᠤᠷ ᠲᠦᠪᠰᠢᠨ ᠲᠣᠭᠲᠠᠭᠤᠨ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠳᠤ ᠪᠠᠲᠤ ᠪᠠᠬᠢ | ᠰᠠᠭᠤᠷᠢ ᠶᠢ ᠲᠠᠯᠪᠢᠬᠤ ᠬᠡᠷᠡᠭᠲᠡᠢ᠂ ᠠᠮᠢ ᠨᠠᠰᠤᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠲᠣᠣᠷ ᠢ ᠭᠠᠷ ᠬᠤᠯᠪᠣᠨ | ᠬᠠᠮᠲᠤ ᠪᠠᠷ ᠴᠣᠭᠴᠠᠯᠠᠶ᠎ᠠ᠃ | 02 ᠪᠤᠭᠤᠲᠤ ᠬᠤᠲᠠ | ᠪᠤᠭᠤᠲᠤ ᠬᠤᠲᠠ ᠶᠢᠨ ︽ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾ ᠤᠨ ᠭᠤᠣᠯ | ᠬᠤᠷᠠᠯ ᠤᠨ ᠲᠠᠯᠠᠪᠠᠶ ᠶᠢ ᠬᠥᠨᠳᠡᠯᠡᠨ ᠲᠣᠭᠤᠷᠢᠭ ᠤᠨ ᠪᠤᠭᠤᠲᠤ ᠶᠢᠨ ᠴᠡᠩᠭᠡᠯ ᠤᠨ ᠬᠦᠷᠢᠶᠡᠯᠡᠩ ᠳᠤ ᠪᠠᠶᠢᠷᠢᠯᠠᠭᠤᠯᠵᠤ᠂ | ᠠᠵᠢᠯᠯᠠᠭ᠎ᠠ ᠶᠢ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠣᠯᠣᠨ ᠬᠥᠨᠳᠡᠯᠡᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠪᠤᠭᠤᠲᠤ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠠᠷᠢᠶᠠᠯᠠᠩ ᠮᠠᠯ | ᠠᠵᠤ ᠠᠬᠤᠢ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠭᠠᠵᠠᠷ | ᠬᠥᠳᠡᠯᠦᠯᠲᠡ ᠶᠢᠨ ᠲᠣᠪᠴᠢᠶ᠎ᠠ ᠵᠢᠴᠢ ᠬᠥᠨᠳᠡᠯᠡᠨ ᠲᠣᠭᠤᠷᠢᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ | ᠲᠤᠰᠠᠯᠠᠬᠤ ᠶᠡᠭᠡ ᠠᠩᠭᠢ᠂ ᠪᠤᠭᠤᠲᠤ ᠬᠤᠲᠠ ᠶᠢᠨ ᠬᠥᠬᠡ ᠣᠭᠲᠠᠷᠭᠤᠢ ᠠᠴᠠ ᠠᠪᠤᠷᠠᠨ ᠲᠤᠰᠠᠯᠠᠬᠤ ᠠᠩᠭᠢ᠂ | ᠪᠤᠭᠤᠲᠤ ᠶᠢᠨ ᠴᠡᠩᠭᠡᠯ ᠤᠨ ᠬᠦᠷᠢᠶᠡᠯᠡᠩ ᠵᠡᠷᠭᠡ ᠨᠢᠭᠡᠴᠡ ᠣᠷᠣᠯᠴᠠᠵᠤ᠂ ᠠᠷᠪᠠᠨ ᠬᠤᠰᠢᠭᠤ ᠰᠢᠶᠠᠨ ᠲᠣᠭᠤᠷᠢᠭ | ᠲᠤᠬᠠᠢ ᠶᠢᠨ ᠲᠠᠯᠠᠪᠠᠶ ᠳᠤ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢ ᠵᠡᠷᠭᠡ ᠪᠠᠷ ᠵᠣᠬᠢᠶᠠᠨ ᠪᠠᠶᠢᠭᠤᠯᠤᠨ | ᠥᠷᠨᠢᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ ᠠᠪᠤᠷᠠᠨ ᠲᠤᠰᠠᠯᠠᠬᠤ ᠪᠣᠭᠤᠮᠲᠠ ᠰᠢᠪᠲᠤᠯᠬᠤ ᠲᠠᠮᠢᠷ᠂ | ᠤᠰᠤᠨ ᠣᠷᠣᠨ ᠤ ᠠᠪᠤᠷᠠᠨ ᠲᠤᠰᠠᠯᠠᠬᠤ ᠦᠵᠡᠭᠦᠯᠭᠡ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ | ᠰᠣᠷᠢᠯᠲᠠ ᠵᠢᠴᠢ ᠡᠯ᠎ᠡ ᠲᠥᠷᠥᠯ ᠤᠨ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ᠂ | ᠠᠷᠠᠳ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠠᠴᠢᠮ ᠪᠠᠶᠢᠳᠠᠯ ᠢ ᠠᠷᠭᠠᠴᠠᠬᠤ ᠠᠪᠤᠷᠠᠨ | ᠲᠤᠰᠠᠯᠠᠬᠤ ᠠᠩᠭᠢ ᠳᠤ ᠲᠤᠭ ᠣᠯᠭᠤᠬᠤ᠂ ᠫᠠᠶᠢᠰᠠ ᠣᠯᠭᠤᠬᠤ ᠶᠣᠰᠣᠯᠠᠯ ᠶᠠᠪᠤᠭᠤᠯᠪᠠ᠃ ᠲᠤᠬᠠᠢ ᠶᠢᠨ ᠲᠠᠯᠠᠪᠠᠶ ᠳᠤ | ᠪᠠᠰᠠ 15 ᠠᠰᠠᠭᠤᠨ ᠯᠠᠪᠯᠠᠬᠤ ᠲᠠᠪᠴᠠᠩ ᠲᠣᠬᠢᠷᠠᠭᠤᠯᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠤᠬᠠᠭᠤᠯᠭ᠎ᠠ ᠶᠢᠨ ᠰᠠᠮᠪᠠᠷ᠎ᠠ ᠶᠢ ᠳᠡᠯᠭᠡᠵᠦ᠂ ᠲᠤᠬᠠᠢ ᠶᠢᠨ ᠲᠠᠯᠠᠪᠤᠷ ᠲᠤ ᠠᠰᠠᠭᠤᠨ ᠯᠠᠪᠯᠠᠵᠤ ᠮᠠᠳᠠᠭ ᠢ ᠲᠠᠶᠢᠯᠬᠤ᠂ | ᠤᠬᠠᠭᠤᠯᠭ᠎ᠠ ᠶᠢᠨ ᠳᠡᠪᠲᠡᠷ ᠪᠠ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ | ᠠᠷᠠᠳ ᠣᠯᠠᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠵᠡᠯ ᠤᠬᠠᠮᠰᠠᠷ ᠢ ᠴᠢᠩᠭᠠᠳᠬᠠᠵᠤ᠂ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠴᠢᠳᠠᠪᠤᠷᠢ ᠶᠢ ᠲᠦᠭᠡᠮᠡᠯᠵᠢᠭᠦᠯᠪᠡ᠃ | ᠡᠭᠦᠨ ᠠᠴᠠ ᠭᠠᠳᠠᠨ᠎ᠠ᠂ ᠪᠤᠭᠤᠲᠤ ᠬᠤᠲᠠ ᠶᠢᠨ ᠳᠥᠷᠪᠡᠳᠦᠭᠡᠷ ᠬᠤᠭᠤᠴᠠᠭᠠᠨ ᠤ ︽ᠬᠡᠦᠬᠡᠳ ᠤᠨ | ᠰᠡᠳᠬᠢᠯ ᠤᠨ ᠵᠢᠷᠤᠭ ᠤᠨ ᠠᠮᠤᠷ ᠲᠦᠪᠰᠢᠨ︾ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠᠭᠠᠴᠤᠳ | ᠬᠡᠦᠬᠡᠳ ᠤᠨ ᠵᠢᠷᠤᠭ ᠤᠨ ᠪᠦᠲᠦᠭᠡᠯ ᠢ ᠡᠯᠰᠡᠬᠦ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠵᠦ᠂ ᠣᠲᠣ ᠶᠠᠭ | ᠰᠦᠯᠵᠢᠶᠡᠨ ᠳᠡᠭᠡᠷ᠎ᠡ ᠳᠡᠯᠭᠡᠨ ᠦᠵᠡᠭᠦᠯᠵᠦ ᠪᠠᠶᠢᠨ᠎ᠠ᠃ ᠤᠷᠤᠯᠳᠤᠭᠠᠨ ᠳᠤ ᠣᠷᠣᠯᠴᠠᠭᠰᠠᠨ ᠪᠢᠴᠢᠬᠠᠨ ᠲᠠᠮᠢᠷᠴᠢᠳ | ᠨᠢᠯᠬᠠᠰᠠᠭ ᠦᠵᠦᠭ ᠢᠶᠠᠷ ᠢᠶᠠᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠮᠡᠳᠡᠯᠭᠡ ᠶᠢ ᠴᠠᠭᠠᠰᠤᠨ ᠳᠡᠭᠡᠷ᠎ᠡ | ᠳᠡᠯᠭᠡᠨ ᠦᠵᠡᠭᠦᠯᠵᠦ᠂ ᠠᠮᠤᠷ ᠲᠦᠪᠰᠢᠨ ᠤ ᠬᠠᠮᠠᠭᠠᠯᠠᠯᠲᠠ ᠶᠢᠨ ᠲᠤᠬᠠᠢ ᠣᠶᠢᠯᠠᠭᠠᠯᠲᠠ ᠪᠠᠨ ᠭᠦᠨᠵᠡᠭᠡᠶᠢᠷᠡᠭᠦᠯᠵᠦ᠂ | ᠥᠪᠡᠷ ᠢ ᠪᠠᠨ ᠬᠠᠮᠠᠭᠠᠯᠠᠬᠤ ᠤᠬᠠᠮᠰᠠᠷ ᠪᠣᠯᠣᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ | ᠳᠡᠭᠡᠭᠰᠢᠯᠡᠭᠦᠯᠪᠡ᠃ |