5 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ | ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ | ᠪᠦᠬᠦᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 4 ᠰᠠᠷ᠎ᠠ ᠶᠢᠨ 25 ᠤ ᠡᠳᠦᠷ ᠤᠨ ᠨᠠᠮ ᠤᠨ ᠲᠥᠪ | ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠭᠤᠣᠯ ᠪᠤᠯᠭᠠᠬᠤ ᠶᠢ | ᠪᠠᠷᠢᠮᠲᠠᠯᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ | ᠠᠵᠤ ᠠᠬᠤᠢ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠶᠢ ᠪᠦᠭᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ | ᠲᠤᠯᠭᠠᠮ ᠪᠤᠳᠤᠯ ᠢᠶᠠᠨ ᠴᠢᠩᠭᠠᠳᠬᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠴᠥᠮ ᠦᠨᠡᠨ ᠪᠣᠳᠠᠲᠠᠢ | ᠬᠥᠳᠡᠯᠦᠯᠴᠡᠵᠦ᠂ ᠠᠵᠢᠯᠯᠠᠵᠤ᠂ ᠨᠢᠭᠡᠨᠲᠡ ᠲᠣᠭᠲᠠᠭᠰᠠᠨ ᠪᠠᠶᠢᠷᠢᠯᠠᠭᠤᠯᠤᠯᠲᠠ ᠶᠢ ᠪᠠᠲᠤ ᠡᠵᠡᠮᠳᠡᠵᠦ ᠠᠷᠭ᠎ᠠ | ᠬᠡᠮᠵᠢᠶ᠎ᠡ ᠪᠠᠨ ᠨᠠᠷᠢᠯᠢᠭᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠰᠡᠷᠭᠡᠭ ᠴᠢᠨᠠᠷ ᠢᠶᠠᠨ | ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠭᠦᠨᠵᠡᠭᠡᠶᠢᠷᠡᠭᠦᠯᠦᠨ | ᠬᠡᠷᠡᠭᠵᠢᠭᠦᠯᠬᠦ ᠪᠠᠷ ᠵᠢᠯᠣᠭᠤᠳᠤᠮᠵᠢ ᠪᠤᠯᠭᠠᠵᠤ᠂ ᠤᠯᠤᠰ ᠤᠨ ᠰᠢᠨ᠎ᠡ ᠪᠠᠷ ᠲᠣᠭᠲᠠᠭᠠᠭᠰᠠᠨ ᠡᠯ᠎ᠡ ᠵᠦᠢᠯ ᠤᠨ | ᠲᠦᠷᠦ ᠶᠢᠨ ᠪᠣᠳᠣᠯᠭ᠎ᠠ ᠶᠢ ᠴᠠᠭ ᠲᠤᠬᠠᠢ ᠳᠤᠨᠢ ᠮᠥᠷᠳᠡᠨ ᠰᠤᠳᠤᠯᠵᠤ᠂ ᠵᠣᠷᠢᠭ ᠰᠠᠨᠠᠭ᠎ᠠ ᠶᠢ ᠨᠡᠪᠲᠡᠷᠬᠡᠢ ᠣᠶᠢᠯᠠᠭᠠᠵᠤ᠂ | ᠠᠵᠠ ᠲᠣᠭᠢᠶᠠᠯ ᠢ ᠡᠵᠡᠮᠳᠡᠵᠦ᠂ ᠲᠦᠷᠦ ᠶᠢᠨ ᠪᠣᠳᠣᠯᠭ᠎ᠠ ᠶᠢ ᠥᠪᠥᠷ ᠮᠣᠩᠭᠤᠯ ᠤᠨ ᠡᠬᠡ ᠭᠠᠵᠠᠷ ᠳᠡᠭᠡᠷ᠎ᠡ ᠦᠨᠡᠨ ᠬᠦ | ᠨᠠᠶᠢᠳᠠᠪᠤᠷᠢᠵᠢᠭᠤᠯᠬᠤ ᠬᠡᠷᠡᠭᠲᠡᠢ᠃ ᠬᠥᠭᠵᠢᠯᠲᠡ ᠪᠣᠯᠣᠨ ᠠᠮᠤᠷ ᠲᠦᠪᠰᠢᠨ ᠢ ᠰᠠᠶᠢᠲᠤᠷ ᠨᠢᠭᠡᠳᠦᠯᠲᠡᠢ | ᠲᠥᠯᠥᠪᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠬᠤ | ᠬᠡᠷᠡᠭᠲᠡᠢ᠃ ᠦᠷᠭᠦᠯᠵᠢᠯᠡᠨ ᠬᠦᠴᠦᠯᠡᠵᠦ ᠪᠠᠶᠢᠭᠠᠳ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠡᠳ᠋ ᠤᠨ | ᠵᠠᠰᠠᠭ ᠤᠨ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠡᠰᠡᠭ ᠮᠤᠵᠢ ᠣᠷᠣᠨ ᠬᠤᠲᠠ ᠶᠢᠨ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠥᠪᠥᠷ ᠮᠣᠩᠭᠤᠯ ᠤᠨ ᠬᠥᠭᠵᠢᠯᠲᠡ ᠶᠢ ᠪᠦᠭᠦ ᠤᠯᠤᠰ ᠤᠨ ᠶᠡᠭᠡ ᠲᠠᠯ᠎ᠠ ᠳᠤ ᠲᠠᠯᠪᠢᠵᠤ᠂ ᠲᠤᠰ | ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠪᠣᠯᠣᠨ ᠬᠠᠷᠢᠴᠠᠭᠤᠯᠤᠭᠰᠠᠨ ᠳᠠᠪᠠᠭᠤᠯᠢᠭ ᠲᠠᠭᠠᠨ ᠰᠠᠭᠤᠷᠢᠯᠠᠵᠤ᠂ | ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ | ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠤᠬᠠᠭᠠᠯᠠᠨ ᠲᠥᠯᠥᠪᠯᠡᠬᠦ ᠬᠡᠷᠡᠭᠲᠡᠢ᠃ ᠲᠦᠷᠦᠯ ᠵᠦᠢᠯ ᠢᠶᠠᠷ ᠭᠤᠣᠯ | ᠪᠤᠯᠭᠠᠬᠤ ᠶᠢ ᠪᠠᠷᠢᠮᠲᠠᠯᠠᠵᠤ᠂ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠶᠢ ᠯᠠᠪᠳᠠᠭᠤᠨ | ᠪᠠᠲᠤᠲᠠᠢ ᠥᠷᠨᠢᠭᠦᠯᠵᠦ᠂ ᠨᠡᠩ ᠤᠯᠠᠨ ᠪᠦᠭᠦ ᠲᠠᠯ᠎ᠠ ᠶᠢᠨ ᠴᠢᠨᠠᠷᠲᠠᠢ ᠲᠦᠷᠦᠯ ᠵᠦᠢᠯ ᠢ ᠤᠯᠤᠰ ᠤᠨ | ᠲᠥᠯᠦᠪᠵᠢᠭᠦᠯᠭᠡ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ᠃ ᠳᠠᠪᠠᠭᠤᠯᠢᠭ ᠲᠠᠯ᠎ᠠ ᠪᠠᠨ ᠪᠠᠳᠠᠷᠠᠭᠤᠯᠤᠨ ᠪᠠᠭᠤᠷᠠᠢ | ᠲᠠᠯ᠎ᠠ ᠪᠠᠨ ᠲᠡᠪᠴᠢᠵᠦ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠠᠭᠠᠷ ᠤᠨ | ᠦᠢᠯᠡᠰ ᠤᠨ ᠠᠵᠤ ᠠᠬᠤᠢ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ᠂ ᠪᠣᠬᠢᠷᠳᠤᠯ ᠦᠭᠡᠢ ᠤᠰᠤᠲᠥ᠋ᠷᠥᠭᠴᠢ | ᠪᠣᠬᠢᠷᠳᠤᠯ ᠦᠭᠡᠢ ᠰᠢᠪᠲᠦᠷ᠂ ᠴᠥᠮ᠎ᠡ ᠶᠢᠨ ᠡᠨᠧᠷᠭᠢ᠂ ᠪᠣᠳᠣᠯᠲᠠ ᠶᠢᠨ ᠴᠢᠳᠠᠪᠤᠷᠢ᠂ ᠳᠠᠬᠢᠯᠲᠠ ᠡᠬᠢ ᠪᠠᠶᠠᠯᠢᠭ ᠤᠨ | ᠠᠰᠢᠭᠯᠠᠯᠲᠠ ᠵᠡᠷᠭᠡ ᠠᠵᠤ ᠦᠢᠯᠡᠰ ᠢ ᠱᠠᠯᠠᠪᠳᠠᠨ ᠲᠥᠯᠥᠪᠵᠢᠭᠦᠯᠦᠨ ᠪᠠᠶᠢᠷᠢᠰᠢᠭᠤᠯᠬᠤ ᠬᠡᠷᠡᠭᠲᠡᠢ᠃ ᠠᠷᠠᠳ | ᠲᠦᠮᠡᠨ ᠳᠤ ᠪᠤᠶᠠᠨ ᠦᠢᠯᠡᠳᠬᠦ ᠪᠠᠷ ᠦᠨᠳᠦᠰᠦᠨ ᠦᠷᠳᠡᠭ ᠤᠨ ᠬᠠᠨᠳᠤᠰᠢ ᠪᠤᠯᠭᠠᠵᠤ᠂ ᠠᠷᠠᠳ ᠤᠨ ᠠᠮᠢᠳᠤᠷᠠᠯ ᠤᠨ | ᠨᠡᠩ ᠤᠯᠠᠨ ᠪᠣᠳᠠᠲᠤ ᠶᠠᠪᠤᠳᠠᠯ ᠢ ᠤᠬᠠᠭᠠᠯᠠᠨ ᠲᠥᠯᠥᠪᠯᠡᠵᠦ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠱᠠᠩᠬᠠᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠳᠬᠤᠬᠤ ᠡᠭᠦᠷᠭᠡᠲᠦ ᠪᠤᠳᠤᠯ ᠢᠶᠠᠨ ᠴᠢᠩᠭᠠᠳᠬᠠᠵᠤ᠂ ᠲᠦᠷᠦ ᠶᠢᠨ | ᠪᠣᠳᠣᠯᠭ᠎ᠠ᠂ ᠪᠡᠯᠡ ᠮᠥᠩᠭᠦ᠂ ᠲᠦᠷᠦᠯ ᠵᠦᠢᠯ᠂ ᠲᠠᠪᠴᠠᠩ ᠵᠡᠷᠭᠡ ᠡᠯᠧᠮᠧᠨ᠋ᠲ ᠢ ᠰᠠᠶᠢᠲᠤᠷ ᠨᠢᠭᠡᠳᠦᠯᠲᠡᠢ | ᠲᠥᠯᠥᠪᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠢᠵᠠᠭᠠᠷᠯᠠᠵᠤ ᠪᠠᠶᠢᠭ᠎ᠠ | ᠲᠦᠭᠵᠢᠷᠡᠯ ᠬᠤᠷᠢᠭ᠎ᠠ ᠴᠡᠭ ᠢ ᠲᠦᠷᠭᠡᠨ ᠰᠢᠢᠳᠪᠦᠷᠢᠯᠡᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠬᠠᠨᠳᠤᠭᠰᠠᠨ ᠵᠦᠭ ᠲᠤ ᠳᠠᠭᠠᠷᠢᠯᠲᠠ | ᠬᠢᠵᠦ ᠪᠤᠯᠬᠤ ᠦᠭᠡᠢ ᠪᠥᠭᠡᠳ ᠪᠠᠰᠠ ᠶᠠᠭᠤ ᠴᠤ ᠬᠢᠬᠦ ᠦᠭᠡᠢ ᠪᠠᠶᠢᠵᠤ ᠪᠤᠯᠬᠤ ᠦᠭᠡᠢ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠤᠰᠢᠭᠤᠷᠠᠯ ᠢ ᠮᠥᠷᠳᠡᠵᠦ᠂ ᠬᠦᠴᠦᠯᠡᠬᠦ ᠴᠡᠭ ᠢᠶᠠᠨ ᠣᠨᠣᠪᠴᠢᠲᠠᠢ ᠣᠯᠵᠤ᠂ ᠴᠠᠭᠢᠯᠭᠠᠨ | ᠬᠦᠴᠦ᠂ ᠬᠤᠪᠣᠷ ᠰᠢᠷᠣᠢ ᠵᠡᠷᠭᠡ ᠴᠢᠬᠤᠯᠠ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠦᠷᠭᠦᠯᠵᠢᠯᠡᠨ | ᠪᠣᠭᠤᠮᠲᠠ ᠰᠢᠪᠲᠤᠯᠵᠤ᠂ ᠨᠡᠩ ᠤᠯᠠᠨ ᠲᠠᠯ᠎ᠠ ᠪᠠᠷ ︽ᠡᠬᠢᠯᠡᠮᠡᠭᠴᠡ ᠲᠦᠷᠦᠭᠦᠯᠡᠬᠦ︾ ᠶᠢ ᠪᠡᠶᠡᠯᠡᠭᠦᠯᠬᠦ ᠪᠠᠷ ᠴᠢᠷᠮᠠᠶᠢᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠬᠤᠷᠢᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠶᠢᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠵᠠᠩᠭᠢᠯᠠᠭ᠎ᠠ ᠶᠢᠨ ᠪᠠᠴᠢᠮ ᠬᠡᠷᠡᠭᠴᠡᠭᠡᠨ ᠤ ᠬᠦᠷᠢᠶ᠎ᠡ ᠳᠤ | ᠴᠢᠭᠯᠡᠭᠦᠯᠦᠨ ᠵᠣᠬᠢᠶᠠᠮᠠᠯ ᠤᠶᠤᠨ ᠴᠢᠳᠠᠪᠤᠷᠢ ᠶᠢ ᠬᠥᠭᠵᠢᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠤᠷᠢᠲᠠᠯ | ᠳᠣᠣᠷ᠎ᠠ ᠵᠣᠬᠢᠶᠠᠮᠠᠯ ᠤᠶᠤᠨ ᠴᠢᠳᠠᠪᠤᠷᠢ ᠶᠢᠨ ᠮᠡᠷᠭᠡᠵᠢᠯ ᠢ ᠡᠨᠧᠷᠭᠢ᠂ ᠠᠭᠤᠷᠬᠠᠢ ᠮᠠᠯᠲᠠᠬᠤ᠂ ᠮᠠᠯ ᠠᠵᠤ ᠠᠬᠤᠢ | ᠲᠠᠷᠢᠶᠠᠯᠠᠩ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠤ ᠳᠡᠯᠭᠡᠷᠡᠭᠦᠯᠦᠨ ᠬᠡᠷᠡᠭᠯᠡᠬᠦ ᠶᠢ | ᠲᠦᠷᠭᠡᠳᠬᠡᠬᠦ ᠬᠡᠷᠡᠭᠲᠡᠢ᠃ ᠪᠣᠬᠢᠷᠳᠤᠯ ᠦᠭᠡᠢ ᠴᠠᠭᠢᠯᠭᠠᠨ ᠤ ᠳᠠᠪᠠᠭᠤᠯᠢᠭ ᠲᠤ ᠲᠦᠰᠢᠭᠯᠡᠵᠦ᠂ ︽ᠪᠡᠭᠡᠵᠢᠩ ᠤᠨ | ᠳ᠋ᠠᠶᠢᠲ᠋ᠠ ᠶᠢ ᠥᠪᠥᠷ ᠮᠣᠩᠭᠤᠯ ᠳᠤ ᠪᠤᠳᠤᠬᠤ︾ ᠵᠡᠷᠭᠡ ᠪᠣᠳᠣᠯᠲᠠ ᠶᠢᠨ ᠴᠢᠳᠠᠪᠤᠷᠢ ᠶᠢᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠤᠭ᠎ᠠ ᠪᠠᠷᠢᠮᠲᠠ ᠶᠢ ᠨᠡᠭᠡᠭᠡᠨ ᠬᠥᠭᠵᠢᠭᠦᠯᠵᠦ ᠬᠡᠷᠡᠭᠯᠡᠬᠦ ᠵᠢᠴᠢ | ᠬᠠᠮᠢᠶ᠎ᠠ ᠪᠦᠬᠦᠢ ᠠᠵᠤ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠯᠢᠶᠣᠤᠨᠢᠩ ᠤᠨ ᠯᠢᠶᠤᠤᠶᠠᠩ ᠬᠤᠳᠠ ᠶᠢᠨ ᠪᠠᠶᠢᠲ᠋ᠠ | ᠲᠣᠭᠤᠷᠢᠭ ᠤᠨ ᠨᠢᠭᠡᠨ ᠬᠤᠭᠤᠯᠠᠨ ᠭᠡᠷ ᠤᠨ ᠭᠠᠯ ᠤᠨ ᠭᠠᠮᠰᠢᠭ ᠤᠨ ᠠᠳᠡᠯ ᠪᠣᠯᠣᠨ ᠭᠦᠢᠵᠧᠦ ᠶᠢᠨ ᠪᠢ ᠵᠢᠶᠧ | ᠬᠤᠳᠠ ᠶᠢᠨ ᠴᠢᠶᠠᠨ ᠰᠢ ᠬᠤᠳᠠ ᠶᠢᠨ ᠨᠢᠭᠡᠨ ᠦᠵᠡᠮᠵᠢ ᠶᠢᠨ ᠣᠷᠣᠨ ᠳᠤ ᠵᠢᠭᠤᠯᠴᠢᠯᠠᠯ ᠤᠨ ᠣᠩᠭᠤᠴᠠ | ᠬᠥᠷᠪᠡᠭᠰᠡᠨ ᠠᠳᠡᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠣᠶᠢᠯᠠᠭᠠᠵᠤ᠂ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ | ᠦᠢᠯᠡᠳᠪᠦᠷᠢᠯᠡᠯ ᠢ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠪᠦᠭᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ︽ᠭᠤᠷᠪᠠ ᠶᠢ ᠬᠠᠮᠢᠶᠠᠷᠬᠤ ᠳᠤ ᠭᠤᠷᠪᠠᠨ ᠡᠷᠬᠡᠪᠰᠢ ᠶᠢ | ᠭᠦᠢᠴᠡᠳᠬᠡᠬᠦ︾ ᠪᠠ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠨᠠᠩ ᠴᠢᠬᠤᠯᠠᠴᠢᠯᠠᠵᠤ᠂ ᠠᠶᠤᠯ | ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠵᠦ ᠴᠡᠭᠴᠡᠯᠡᠨ ᠵᠠᠰᠠᠬᠤ ᠬᠡᠷᠡᠭᠲᠡᠢ᠃ ᠣᠶ ᠰᠢᠭᠤᠢ | ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠪᠠᠷ | ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ | ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ᠪᠦᠭᠦ ᠤᠯᠤᠰ ᠤᠨ | ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ | ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ | ᠭᠦᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠦᠭᠦ | ᠣᠷᠣᠨ ᠤ ᠥᠷᠭᠡᠨ ᠣᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ ᠲᠦᠮᠡᠨ ᠢ ᠳᠠᠶᠢᠴᠢᠯᠠᠨ ᠵᠣᠷᠢᠭᠵᠢᠭᠤᠯᠵᠤ | ᠪᠠᠶᠢᠭᠠᠳ ᠡᠵᠡᠨ ᠬᠥᠮᠥᠨ ᠤ ᠤᠬᠠᠮᠰᠠᠷ ᠢ ᠨᠢ ᠴᠢᠩᠭᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠭᠠᠯ ᠬᠠᠯᠠᠭᠤᠨ ᠦᠢᠯᠡᠳᠦᠯᠭᠡ ᠶᠢᠨ | ᠳᠤᠮᠳᠠ ᠭᠠᠪᠢᠶ᠎ᠠ ᠪᠠᠶᠢᠭᠤᠯᠵᠤ ᠦᠢᠯᠡᠰ ᠪᠦᠲᠦᠭᠡᠨ᠂ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠬᠠᠷᠢᠭᠤ ᠵᠠᠬᠢᠳᠠᠯ ᠪᠣᠯᠣᠨ | ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ | ᠤᠶᠠᠯᠳᠤᠭᠤᠯᠵᠤ᠂ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠶᠢᠨ ᠠᠵᠢᠯ ᠪᠣᠯᠣᠨ | ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ᠃ | ᠬᠤᠷᠠᠯ ᠠᠴᠠ ᠪᠦᠭᠦ ᠤᠯᠤᠰ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠨᠠᠷᠢᠨ ᠪᠢᠴᠢᠭ ᠤᠨ | ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠡᠯ᠎ᠡ ᠱᠠᠲᠤᠨ ᠤ ᠠᠯᠪᠠᠨ ᠲᠢᠩᠬᠢᠮ ︵ᠭᠡᠷ︶ | ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠯᠪᠠᠨ ᠲᠢᠩᠬᠢᠮ ᠤᠨ ᠠᠵᠢᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠪᠠᠲᠤ ᠦᠢᠯᠡᠳᠦᠯᠭᠡᠵᠢᠭᠦᠯᠵᠦ᠂ ᠲᠤᠭ ᠲᠡᠮᠳᠡᠭ | ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ᠂ ᠰᠤᠷᠲᠠᠯ ᠢᠶᠠᠨ ᠰᠠᠶᠢᠵᠢᠷᠠᠭᠤᠯᠬᠤ᠂ ᠶᠣᠰᠣ ᠳᠦᠷᠢᠮ ᠲᠣᠭᠲᠠᠭᠠᠬᠤ᠂ | ᠰᠠᠬᠢᠯᠭ᠎ᠠ ᠪᠠᠲᠤ ᠶᠢ ᠰᠠᠬᠢᠬᠤ ᠶᠢ ᠲᠦᠷᠦᠭᠦᠯᠡᠨ ᠬᠢᠵᠦ᠂ ᠴᠢᠨᠠᠷ ᠰᠠᠶᠢᠲᠠᠢ ᠪᠠᠷ ᠠᠵᠢᠯᠯᠠᠭᠠᠨ ᠢ ᠪᠠᠲᠤᠯᠠᠬᠤ᠂ | ᠵᠣᠬᠢᠴᠠᠭᠤᠯᠭ᠎ᠠ ᠶᠢ ᠠᠳᠬᠤᠬᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠰᠠᠶᠢᠨ ᠵᠥᠪᠯᠡᠭᠴᠢ ᠲᠤᠰᠠᠯᠠᠭᠴᠢ ᠪᠣᠯᠵᠤ᠂ | ᠨᠠᠮ ᠢ ᠰᠠᠨᠠᠭ᠎ᠠ ᠠᠮᠤᠷ᠂ ᠠᠷᠠᠳ ᠲᠦᠮᠡᠨ ᠢ ᠰᠡᠳᠬᠢᠯ ᠬᠠᠨᠤᠮᠵᠢᠲᠠᠶ ᠪᠠᠶᠢᠯᠭᠠᠬᠤ ᠵᠢᠱᠢᠶᠡᠴᠢ ᠪᠠᠶᠢᠭᠤᠯᠭ᠎ᠠ ᠶᠢ ᠴᠢᠷᠮᠠᠶᠢᠨ | ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |