ᠡᠨᠡ ᠵᠢᠯ ᠤᠨ 5 ᠰᠠᠷ᠎ᠠ ᠶᠢᠨ 12 ᠤᠨ ᠡᠳᠦᠷ ᠪᠣᠯ ᠮᠠᠨ ᠤ ᠤᠯᠤᠰ ᠤᠨ ᠠᠷᠪᠠᠨ ᠳᠣᠯᠦᠭᠠᠳᠡᠬᠢ ᠪᠥᠬᠦ | ᠤᠯᠤᠰ ᠤᠨ ︽ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾ ᠪᠣᠯᠤᠨ᠎ᠠ᠃ ︽ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ + ᠠᠮᠢ ᠨᠠᠰᠤᠨ ᠤ ᠬᠥᠮᠦᠵᠢᠯ︾ ᠤᠨ ᠠᠵᠢᠯ ᠢ ᠪᠥᠬᠦ ᠲᠠᠯ᠎ᠠ ᠪᠠᠷ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠠᠵᠠᠷ ᠬᠥᠳᠡᠯᠦᠯᠲᠡ ᠶᠢᠨ ᠭᠠᠮᠰᠢᠭ ᠢ ᠠᠷᠭᠠᠴᠠᠬᠤ ᠴᠢᠳᠠᠪᠤᠷᠢ ᠶᠢ ᠤᠯᠠᠮ | ᠨᠢᠭᠡ ᠠᠯᠬᠤᠮ ᠳᠡᠭᠡᠭᠰᠢᠯᠡᠭᠦᠯᠦᠨ᠂ ᠥᠷᠭᠡᠨ ᠣᠯᠠᠨ ᠲᠦᠮᠡᠨ ᠤ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ 2025 ᠣᠨ ᠤ ᠤᠯᠤᠰ ᠤᠨ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠡᠳᠦᠷ ᠢ ᠴᠤᠤᠷᠢᠶᠠᠲᠤᠭᠤᠯᠤᠨ ᠤᠬᠠᠭᠤᠯᠬᠤ ︽ᠬᠥᠮᠦᠨ ᠪᠦᠬᠦᠨ ᠠᠮᠤᠷ ᠲᠦᠪᠰᠢᠨ ᠢ | ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠵᠤ ᠳᠡᠷᠭᠡᠳᠡᠬᠢ ᠭᠠᠮᠰᠢᠭ ᠤᠨ ᠳᠠᠯᠳᠠ ᠬᠡᠮ ᠢ ᠵᠢᠭᠰᠠᠭᠠᠨ | ᠪᠠᠶᠢᠴᠠᠭᠠᠬᠤ︾ ᠶᠢᠨ ᠲᠥᠯᠥᠭᠡ᠂ 5 ᠳ᠋ᠤᠭᠠᠷ ᠰᠠᠷ᠎ᠠ ᠶᠢᠨ 12 ᠤᠨ ᠡᠳᠦᠷ ᠬᠤᠲᠠ ᠶᠢᠨ ᠭᠠᠵᠠᠷ ᠬᠥᠳᠡᠯᠦᠯᠲᠡ ᠶᠢ | ᠬᠢᠨᠠᠨ ᠬᠡᠮᠵᠢᠬᠦ ᠲᠥᠪ ᠰᠠᠶᠢᠬᠠᠨ ᠲᠣᠭᠤᠷᠢᠭ᠂ ᠬᠤᠲᠣᠩ ᠠᠷᠠᠳ ᠤᠨ ᠲᠣᠭᠤᠷᠢᠭ᠂ ᠰᠢᠨ᠎ᠡ ᠬᠤᠲᠠ ᠲᠣᠭᠤᠷᠢᠭ ᠤᠨ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠭᠠᠵᠠᠷ ᠬᠥᠳᠡᠯᠦᠯᠲᠡ ᠶᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠲᠥᠪᠯᠡᠷᠡᠭᠦᠯᠦᠨ | ᠤᠬᠠᠭᠤᠯᠬᠤ ᠠᠵᠢᠯᠯᠠᠭ᠎ᠠ ᠥᠷᠨᠢᠭᠦᠯᠪᠡ᠃ | | | ᠬᠥᠬᠡᠬᠤᠲᠠ ᠶᠢᠨ ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠲᠥᠪ 2025 ᠣᠨ ᠤ ︽ᠪᠥᠬᠦ ᠤᠯᠤᠰ ᠤᠨ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾ ᠤᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ | ᠥᠷᠨᠢᠭᠦᠯᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠤᠬᠠᠭᠤᠯᠭ᠎ᠠ ᠶᠢᠨ ᠠᠰᠠᠭᠤᠨ ᠯᠠᠪᠯᠠᠬᠤ ᠲᠠᠪᠴᠠᠩ | ᠭᠠᠷᠭᠠᠵᠤ᠂ ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠬᠤ᠂ ᠮᠠᠲ᠋ᠧᠷᠢᠶᠠᠯ ᠲᠠᠷᠬᠠᠭᠠᠬᠤ᠂ ᠤᠬᠠᠭᠤᠯᠬᠤ ᠮᠠᠲ᠋ᠧᠷᠢᠶᠠᠯ | ᠲᠠᠷᠬᠠᠭᠠᠬᠤ᠂ ᠬᠥᠨᠳᠡᠯᠡᠨ ᠪᠢᠴᠢᠭᠡᠰᠦ ᠡᠯᠭᠦᠬᠦ ᠪᠠ ᠤᠬᠠᠭᠤᠯᠭ᠎ᠠ ᠶᠢᠨ ᠳᠡᠯᠭᠡᠨ ᠦᠵᠡᠭᠦᠯᠬᠦ ᠰᠠᠮᠪᠠᠷ᠎ᠠ ᠭᠠᠷᠭᠠᠬᠤ ᠵᠡᠷᠭᠡ | ᠬᠡᠯᠪᠡᠷᠢ ᠪᠠᠷ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠲᠠᠨ ᠲᠤᠬᠠᠶ ᠶᠢᠨ ᠲᠠᠯᠠᠪᠠᠶ ᠳᠤ ᠣᠯᠠᠨ ᠳᠤ | ᠦᠷᠭᠦᠯᠵᠢ ᠬᠠᠷᠠᠭᠳᠠᠳᠠᠭ ᠭᠠᠵᠠᠷ ᠬᠥᠳᠡᠯᠦᠯᠲᠡ ᠶᠢᠨ ᠲᠥᠷᠥᠯ ᠬᠡᠯᠪᠡᠷᠢ ᠪᠠ ᠢᠯᠭᠠᠨ ᠲᠠᠨᠢᠬᠤ ᠠᠷᠭ᠎ᠠ᠂ ᠭᠠᠵᠠᠷ | ᠬᠥᠳᠡᠯᠦᠯᠲᠡ ᠶᠢᠨ ᠭᠠᠮᠰᠢᠭ ᠢ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠵᠡᠷᠭᠡ ᠮᠡᠳᠡᠯᠭᠡ ᠶᠢ ᠲᠠᠨᠢᠯᠴᠠᠭᠤᠯᠤᠭᠰᠠᠨ | ᠪᠥᠭᠡᠳ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠵᠢᠵᠢᠭ ᠫᠷᠤᠭ᠍ᠷᠠᠮ ᠢ ᠢᠳᠡᠪᠬᠢᠲᠡᠶ ᠳᠡᠯᠭᠡᠷᠡᠭᠦᠯᠵᠦ᠂ ᠶᠡᠭᠡ | ᠬᠡᠮᠵᠢᠶᠡᠨ ᠤ ᠬᠤᠲᠠ ᠶᠢᠨ ᠠᠷᠠᠳ ᠤᠨ ᠬᠥᠯ ᠵᠢᠭᠰᠠᠵᠤ ᠲᠣᠭᠤᠷᠢᠨ ᠦᠵᠡᠬᠦ ᠶᠢ ᠲᠠᠲᠠᠵᠤ᠂ ᠠᠵᠢᠯᠯᠠᠭ᠎ᠠ ᠳᠤ | ᠣᠷᠣᠯᠴᠠᠭᠤᠯᠪᠠ᠃ ᠡᠭᠦᠨ ᠤ ᠬᠠᠮᠲᠤ ᠣᠯᠠᠨ ᠵᠦᠢᠯ ᠤᠨ ᠭᠠᠵᠠᠷ ᠬᠥᠳᠡᠯᠦᠯᠲᠡ ᠶᠢᠨ ᠮᠡᠳᠡᠯᠭᠡ ᠲᠦᠭᠡᠮᠡᠯᠵᠢᠭᠦᠯᠬᠦ ᠭᠠᠷ | ᠳᠡᠪᠲᠡᠷ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠭᠠᠷ ᠤᠭᠤᠲᠠ᠂ | ᠬᠤᠷᠮᠦ᠋ᠢᠪᠴᠢ ᠪᠣᠯᠤᠨ ᠠᠶᠠᠭ᠎ᠠ ᠤᠬᠢᠶᠠᠬᠤ ᠪᠡᠭᠡᠯᠡᠶ ᠵᠡᠷᠭᠡ ᠬᠡᠷᠡᠭᠯᠡᠭᠡᠨ ᠤ ᠴᠢᠨᠠᠷᠲᠠᠶ ᠤᠬᠠᠭᠤᠯᠭ᠎ᠠ ᠶᠢᠨ ᠮᠠᠲ᠋ᠧᠷᠢᠶᠠᠯ ᠢ | ᠪᠠᠷᠤᠭ 1500 ᠭᠠᠷᠤᠶ ᠬᠤᠪᠢ ᠲᠠᠷᠬᠠᠭᠠᠪᠠ᠃ | | | ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠭᠠᠵᠠᠷ ᠬᠥᠳᠡᠯᠦᠯᠲᠡ ᠠᠴᠠ | ᠰᠡᠷᠭᠡᠶᠢᠯᠡᠨ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠶᠢ ᠴᠢᠩᠭᠠᠳᠬᠠᠵᠤ᠂ | ᠪᠦᠬᠦ ᠠᠷᠠᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠦᠵᠡᠯ ᠤᠬᠠᠮᠰᠠᠷ ᠪᠣᠯᠤᠨ ᠪᠠᠴᠢᠮ ᠪᠠᠶᠢᠳᠠᠯ ᠢ | ᠠᠷᠭᠠᠴᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠂ ᠥᠷᠭᠡᠨ ᠣᠯᠠᠨ ᠠᠷᠠᠳ ᠣᠯᠠᠨ ᠢ ᠢᠳᠡᠪᠬᠢᠲᠡᠶ ᠪᠠᠷ | ᠬᠥᠲᠥᠯᠥᠨ ᠵᠢᠯᠣᠭᠤᠳᠴᠤ ᠪᠠᠶᠢᠭᠠᠳ ᠭᠠᠵᠠᠷ ᠬᠥᠳᠡᠯᠦᠯᠲᠡ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠦᠢᠯᠡᠰ ᠤᠨ | ᠬᠥᠭᠵᠢᠯᠲᠡ ᠳᠤ ᠣᠷᠣᠯᠴᠠᠭᠤᠯᠵᠤ᠂ ︽ᠭᠠᠵᠠᠷ ᠬᠥᠳᠡᠯᠦᠯᠲᠡ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠳᠤ | ᠬᠥᠮᠦᠨ ᠪᠦᠬᠦᠨ ᠣᠷᠣᠯᠴᠠᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ | |