ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠪᠣᠯᠤᠨ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠬᠠᠮᠵᠢᠯᠴᠠᠨ ᠬᠥᠳᠡᠯᠦᠯᠴᠡᠵᠦ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠠᠵᠢᠯᠯᠠᠭ᠎ᠠ ᠠᠪᠴᠤ  ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2025/5/15
    5 ᠳ᠋ᠤᠭᠠᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠤᠨ ᠨᠠᠮ ᠤᠨ ᠬᠤᠷᠢᠶᠠᠨ ᠤ ᠱᠦᠵᠢ᠂ ᠲᠢᠩᠬᠢᠮ ᠤᠨ ᠳᠠᠷᠤᠭ᠎ᠠ ᠭᠤᠤ ᠷᠦᠨ ᠰᠢ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠣᠣ ᠯᠢ ᠮᠢᠩ ᠨᠡᠷ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃
111111111111111111111111.png
    ᠭᠤᠤ ᠷᠦᠨ ᠰᠢ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠶᠢᠨ ︽ᠪᠥᠬᠦ ᠭᠠᠮᠰᠢᠭ ᠤᠨ ᠲᠥᠷᠥᠯ ᠵᠦᠢᠯ᠂ ᠪᠠᠴᠢᠮ ᠪᠠᠶᠢᠳᠠᠯ ᠢ ᠠᠷᠭᠠᠴᠠᠬᠤ︾ ᠰᠢᠰᠲ᠋ᠧᠮᠵᠢ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠰᠠᠨ ᠠᠵᠢᠯ ᠤᠨ ᠦᠷ᠎ᠡ ᠪᠦᠲᠦᠮᠵᠢ ᠶᠢ ᠨᠤᠲᠠᠯᠠᠵᠤ ᠪᠠᠶᠢᠬᠤ ᠪᠠᠨ ᠢᠯᠡᠳᠬᠡᠵᠦ᠂ ᠣᠷᠳᠣ ᠬᠤᠭᠤᠴᠠᠭᠠᠨ ᠤ ᠲᠤᠷᠰᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠪᠠᠴᠢᠮ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠪᠣᠯᠤᠨ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠬᠠᠮᠵᠢᠯᠴᠠᠨ ᠬᠥᠳᠡᠯᠦᠯᠴᠡᠵᠦ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠠᠵᠢᠯᠯᠠᠭ᠎ᠠ ᠠᠪᠴᠤ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠴᠢᠩᠭᠠᠳᠬᠠᠪᠠ᠃ ᠬᠠᠮᠢᠶᠠᠷᠤᠯᠲᠠ ᠪᠣᠯᠤᠨ ᠴᠠᠭ ᠠᠭᠤᠷ ᠤᠨ ᠠᠵᠢᠯ ᠰᠠᠯᠵᠤ ᠪᠣᠯᠤᠰᠢ ᠦᠭᠡᠢ ᠨᠢᠭᠲᠠ ᠬᠤᠯᠪᠣᠭ᠎ᠠ ᠲᠠᠢ ᠶᠤᠮ᠂ ᠤᠢᠢᠷ᠎ᠠ ᠶᠢᠨ ᠵᠢᠯ ᠠᠴᠠ᠂ ᠬᠤᠶᠠᠷ ᠰᠠᠯᠠᠭ᠎ᠠ ᠮᠥᠴᠢᠷ ᠴᠠᠭ ᠠᠭᠤᠷ ᠤᠨ ᠵᠥᠪᠳᠡᠯᠴᠡᠭᠡ ᠰᠤᠳᠤᠯᠤᠨ ᠮᠠᠭᠠᠳᠯᠠᠯᠲᠠ ᠶᠢ ᠴᠢᠩᠭᠠᠳᠬᠠᠵᠤ᠂ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠠᠵᠢᠯᠯᠠᠭ᠎ᠠ᠂ ᠪᠠᠴᠢᠮ ᠪᠠᠶᠢᠳᠠᠯ ᠢ ᠠᠷᠭᠠᠴᠠᠬᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠬᠠᠮᠵᠢᠯᠴᠠᠨ ᠬᠦᠴᠦᠯᠡᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠨᠡᠩ ᠭᠦᠨᠵᠡᠭᠡᠶᠢᠷᠡᠵᠦ᠂ ᠵᠥᠪᠳᠡᠯᠴᠡᠭᠡ ᠰᠤᠳᠤᠯᠤᠨ ᠮᠠᠭᠠᠳᠯᠠᠯᠲᠠ ᠨᠡᠩ ᠣᠨᠣᠴᠠᠲᠠᠢ᠂ ᠪᠠᠴᠢᠮ ᠪᠠᠶᠢᠳᠠᠯ ᠢ ᠠᠷᠭᠠᠴᠠᠬᠤ ᠬᠤᠯᠪᠣᠭᠠᠯᠠᠨ ᠬᠥᠳᠡᠯᠦᠯᠴᠡᠬᠦ  ᠠᠵᠢᠯ ᠨᠡᠩ ᠪᠦᠲᠦᠮᠵᠢᠲᠡᠢ᠂ ᠠᠷᠭᠠᠴᠠᠬᠤ ᠦᠷ᠎ᠡ ᠪᠦᠲᠦᠭᠡᠯ ᠨᠡᠩ ᠡᠯᠪᠡᠭ ᠪᠠᠶᠠᠯᠢᠭ ᠪᠣᠯᠵᠠᠢ᠃ ᠥᠪᠥᠷ ᠮᠣᠩᠭᠤᠯ ᠤᠨ ᠴᠠᠭ ᠠᠭᠤᠷ ᠤᠨ  ᠲᠣᠪᠴᠢᠶ᠎ᠠ ᠮᠡᠷᠭᠡᠵᠢᠯ ᠤᠨ ᠲᠤᠯᠭᠠᠭᠤᠷᠢᠯᠠᠯ ᠤᠨ ᠳᠠᠪᠠᠭᠤᠯᠢᠭ ᠢᠶᠠᠨ ᠤᠯᠠᠮ ᠴᠢᠨᠠᠭᠰᠢᠳᠠ ᠪᠠᠳᠠᠷᠠᠭᠤᠯᠵᠤ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠪᠣᠯᠤᠨ ᠲᠤᠰᠠᠯᠠᠬᠤ ᠰᠢᠢᠳᠪᠦᠷᠢᠲᠦ ᠪᠤᠳᠤᠯᠭ᠎ᠠ ᠶᠢᠨ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠵᠥᠪᠯᠡᠯ ᠤᠨ ᠠᠯᠪᠠᠨ ᠬᠡᠷ ᠤᠨ ᠨᠢᠭᠡᠳᠦᠯᠲᠡᠶ ᠲᠥᠯᠥᠪᠵᠢᠭᠦᠯᠦᠨ ᠵᠢᠯᠣᠭᠤᠳᠬᠤ  ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠵᠢᠯᠣᠭᠤᠳᠤᠨ ᠵᠣᠬᠢᠴᠠᠭᠤᠯᠬᠤ ᠪᠠᠨ ᠴᠢᠩᠭᠠᠳᠬᠠᠨ᠂ ᠭᠠᠮᠰᠢᠭ ᠤᠨ ᠡᠮᠦᠨᠡᠬᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠬᠤᠶᠠᠷ ᠲᠠᠯ᠎ᠠ ᠶᠢᠨ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠂ ᠵᠢᠯᠣᠭᠤᠳᠬᠤ ᠲᠠᠪᠴᠠᠩ ᠤᠨ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ  ᠦᠢᠯᠡᠳᠦᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠪᠠᠳᠠᠷᠠᠭᠤᠯᠵᠤ᠂ ᠬᠠᠷᠢᠯᠴᠠᠨ ᠠᠭᠤᠰᠤᠯᠴᠠᠬᠤ᠂ ᠬᠠᠮᠲᠤ ᠪᠠᠷ ᠬᠠᠷᠢᠭᠤᠯᠬᠤ ᠶᠢ ᠪᠠᠷᠢᠮᠲᠠᠯᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠠᠵᠢᠯ ᠤᠨ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠪᠡ᠃    ᠵᠣᠣ ᠯᠢ ᠮᠢᠩ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠤᠨ ᠴᠠᠭ ᠠᠭᠤᠷ ᠤᠨ ᠠᠵᠢᠯ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠴᠠᠭ ᠠᠭᠤᠷ ᠪᠣᠯᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠬᠤᠶᠠᠷ ᠰᠠᠯᠠᠭ᠎ᠠ ᠮᠥᠴᠢᠷ ᠢᠮᠠᠭᠲᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠬᠦᠷᠢᠶᠡᠨ ᠳᠤ ᠮᠥᠷᠥ ᠵᠡᠷᠭᠡᠴᠡᠨ ᠪᠠᠶᠢᠯᠳᠤᠵᠤ᠂ ᠬᠠᠮᠲᠤᠷᠠᠯᠴᠠᠭᠠᠨ ᠤ ᠲᠣᠭᠲᠠᠴᠠ ᠰᠢᠯᠤᠭᠤᠬᠠᠨ ᠶᠠᠪᠤᠭᠳᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠪᠠᠴᠢᠮ ᠪᠠᠶᠢᠳᠠᠯ ᠢ ᠠᠷᠭᠠᠴᠠᠬᠤ ᠴᠠᠭ ᠠᠭᠤᠷ ᠤᠨ ᠪᠠᠲᠤᠯᠠᠭ᠎ᠠ ᠵᠡᠷᠭᠡ ᠲᠠᠯ᠎ᠠ ᠪᠠᠷ ᠪᠠᠲᠤ ᠪᠠᠬᠢ ᠰᠠᠭᠤᠷᠢ ᠲᠠᠯᠪᠢᠭᠰᠠᠭᠠᠷ ᠢᠷᠡᠵᠠᠢ᠃ ᠣᠳᠣᠬᠠᠨ ᠤ ᠰᠢᠨ᠎ᠡ ᠪᠠᠶᠢᠳᠠᠯ ᠤᠨ ᠡᠮᠦᠨ᠎ᠡ᠂ ᠬᠤᠶᠠᠷ ᠰᠠᠯᠠᠭ᠎ᠠ ᠮᠥᠴᠢᠷ ᠨᠡᠩ ᠴᠤ ᠨᠢᠭᠲᠠ ᠬᠠᠮᠵᠢᠯᠴᠠᠵᠤ᠂ ᠰᠠᠯᠠᠭ᠎ᠠ ᠮᠥᠴᠢᠷ ᠤᠨ ᠬᠠᠮᠲᠤᠷᠠᠯᠴᠠᠭ᠎ᠠ᠂ ᠪᠠᠴᠢᠮ ᠪᠠᠶᠢᠳᠠᠯ ᠢ ᠠᠷᠭᠠᠴᠠᠬᠤ ᠲᠠᠯ᠎ᠠ ᠪᠠᠷ ᠭᠦᠨᠵᠡᠭᠡᠢ ᠵᠣᠯᠭᠠᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ᠂ ᠪᠣᠳᠠᠲᠤ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃    ᠳᠠᠷᠠᠭ᠎ᠠ ᠠᠯᠬᠤᠮ᠂ ᠪᠥᠬᠦ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ ᠴᠠᠭ ᠠᠭᠤᠷ ᠤᠨ ᠰᠠᠯᠠᠭ᠎ᠠ ᠮᠥᠴᠢᠷ ᠲᠠᠢ ᠬᠠᠮᠲᠤᠷᠠᠨ ᠵᠣᠯᠭᠠᠭᠤᠯᠬᠤ ᠶᠢ ᠦᠷᠭᠦᠯᠵᠢᠯᠡᠨ ᠴᠢᠩᠭᠠᠳᠬᠠᠨ᠎ᠠ᠂ ᠬᠠᠮᠵᠢᠯᠴᠠᠨ ᠬᠠᠮᠲᠤᠷᠠᠨ ᠬᠥᠳᠡᠯᠦᠯᠴᠡᠬᠦ ᠪᠠ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠶᠢ ᠴᠢᠩᠭᠠᠷᠠᠭᠤᠯᠤᠨ᠎ᠠ᠂ ᠦᠶᠡᠷ ᠤᠨ ᠬᠤᠭᠤᠴᠠᠭᠠᠨ ᠳᠤ ᠬᠤᠯᠪᠣᠭᠠᠲᠤ ᠬᠤᠷᠠᠯ ᠵᠥᠪᠳᠡᠯᠴᠡᠨ ᠮᠠᠭᠠᠳᠯᠠᠬᠤ᠂ ᠳᠠᠪᠲᠠᠨ ᠳ᠋ᠦᠩᠨᠡᠬᠦ᠂ ᠴᠠᠭ ᠠᠭᠤᠷ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠬᠢᠭᠡᠳ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠠᠪᠴᠠᠩ ᠤᠨ ᠭᠦᠨᠵᠡᠭᠡᠶ ᠠᠭᠤᠰᠤᠯᠴᠠᠬᠤ ᠶᠢ ᠠᠬᠢᠭᠤᠯᠬᠤ ᠬᠡᠷᠡᠭᠲᠡᠶ᠂ ᠭᠠᠮᠰᠢᠭ ᠤᠨ ᠡᠮᠦᠨᠡᠬᠢ ᠤᠷᠢᠳᠴᠢᠯᠠᠨ ᠰᠡᠷᠡᠮᠵᠢᠯᠡᠭᠦᠯᠬᠦ ᠳᠠᠭᠤᠳᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠶᠢ ᠴᠢᠩᠭᠠᠳᠬᠠᠬᠤ ᠬᠡᠷᠡᠭᠲᠡᠶ᠂ ᠤᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ᠂ ᠣᠨᠴᠠᠭᠠᠶ ᠴᠠᠭ ᠠᠭᠤᠷ ᠢ ᠬᠠᠮᠵᠢᠯᠴᠠᠨ ᠰᠡᠷᠭᠡᠶᠢᠯᠡᠵᠦ ᠠᠷᠭᠠᠴᠠᠨ  ᠰᠢᠢᠳᠪᠦᠷᠢᠯᠡᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠨ᠎ᠠ᠂ ᠪᠠᠶᠢᠭᠤᠯᠬᠤ ᠪᠦᠬᠦ ᠶᠠᠪᠤᠴᠠ᠂ ᠪᠦᠬᠦ ᠭᠢᠨᠵᠢ᠂ ᠭᠠᠮᠰᠢᠭ ᠢ ᠪᠦᠬᠦ ᠲᠠᠯ᠎ᠠ ᠪᠠᠷ ᠰᠡᠷᠭᠡᠶᠢᠯᠡᠵᠦ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠠᠵᠢᠯ ᠤᠨ ᠪᠠᠶᠢᠷᠢᠰᠢᠯ᠂ ᠭᠠᠮᠰᠢᠭ ᠤᠨ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠪᠠ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃    ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠤᠨ ᠨᠠᠮ ᠤᠨ ᠬᠤᠷᠢᠶᠠᠨ ᠤ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠰᠢᠩ ᠭᠦᠸᠧ ᠰᠢᠶᠠᠨ᠂ ᠯᠢ  ᠱᠤ᠋ ᠰᠧᠨ ᠲᠤᠰ ᠲᠤᠰ ᠰᠠᠨᠠᠯ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ  ᠠᠷᠭᠠᠴᠠᠬᠤ ᠬᠠᠮᠢᠶᠠᠷᠤᠯᠲᠠ ᠶᠢᠨ ᠲᠢᠩᠬᠢᠮ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶᠠᠨ ᠤ ᠬᠠᠮᠢᠶ᠎ᠠ ᠪᠦᠬᠦᠢ ᠭᠠᠵᠠᠷ ᠲᠠᠰᠤᠭ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠵᠠᠢ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号