5 ᠳ᠋ᠤᠭᠠᠷ ᠰᠠᠷ᠎ᠠ ᠶᠢᠨ 19 ᠤ ᠡᠳᠦᠷ᠂ ᠠᠷᠪᠠᠨ ᠲᠠᠪᠤᠳᠠᠬᠢ ︽ᠳᠤᠮᠳᠠᠳᠤ ᠤᠯᠤᠰ ᠤᠨ ᠵᠢᠭᠤᠯᠴᠢᠯᠠᠯ ᠤᠨ | ᠡᠳᠦᠷ︾ ᠬᠦᠷᠴᠦ ᠢᠷᠡᠬᠦ ᠲᠠᠰᠢᠷᠠᠮ ᠢᠶᠠᠷ᠂ 2025 ᠣᠨ ᠤ ᠰᠢᠯᠢ ᠶᠢᠨ ᠭᠤᠤᠯ ᠠᠶᠢᠮᠠᠭ ᠤᠨ ᠮᠣᠩᠭᠤᠯ ᠮᠣᠷᠢᠨ ᠤ | ᠬᠡᠲᠦ ᠬᠤᠯᠪᠣᠭᠠᠲᠤ ᠤᠷᠤᠯᠳᠤᠭᠠᠨ ᠳᠣᠯᠣᠨ ᠨᠤᠤᠷ ᠰᠢᠶᠠᠨ ᠳᠤ ᠵᠢᠩᠬᠢᠨᠢ ᠪᠠᠷ ᠡᠬᠢᠯᠡᠪᠡ᠃ | | ᠡᠬᠢᠯᠡᠯᠲᠡ ᠶᠢᠨ ᠶᠣᠰᠣᠯᠠᠯ ᠳᠡᠭᠡᠷ᠎ᠡ᠂ ᠰᠢᠯᠢ ᠶᠢᠨ ᠭᠤᠤᠯ ᠠᠶᠢᠮᠠᠭ ᠮᠣᠩᠭᠤᠯ ᠮᠣᠷᠢᠨ ᠤ ᠲᠠᠰ ᠠᠴᠠ ᠳᠠᠪᠠᠭᠰᠠᠨ | ᠬᠤᠯᠪᠣᠭᠠᠲᠤ ᠤᠷᠤᠯᠳᠤᠭᠠᠨ ᠤ 3 ᠶᠡᠭᠡ ᠰᠢᠰᠲ᠋ᠧᠮ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠲᠥᠪᠯᠡᠷᠡᠭᠦᠯᠦᠨ | ᠨᠡᠶᠢᠲᠡᠯᠡᠪᠡ᠂ ᠡᠭᠦᠨ ᠳᠤ ᠪᠠᠷᠢᠮᠵᠢᠶᠠᠵᠢᠭᠤᠯᠤᠭᠰᠠᠨ ᠭᠡᠷᠡᠴᠢᠯᠡᠯ ᠤᠨ ᠰᠢᠰᠲ᠋ᠧᠮ ᠨᠢ ᠮᠣᠩᠭᠤᠯ ᠮᠣᠷᠢᠨ ᠤ | ᠤᠷᠤᠯᠳᠤᠭᠠᠨ ᠳᠤ ︽ᠴᠢᠨᠠᠷ ᠴᠢᠨᠰᠠᠭ᠎ᠠ ᠶᠢᠨ ᠬᠡᠮᠵᠢᠭᠦᠷ︾ ᠭᠠᠷᠭᠠᠪᠠ︔ ᠪᠠᠷᠢᠮᠵᠢᠶᠠᠵᠢᠭᠰᠠᠨ ᠮᠣᠷᠢᠲᠤ ᠴᠡᠷᠢᠭ ᠤᠨ | ᠰᠢᠰᠲ᠋ᠧᠮ ᠲᠠᠯ᠎ᠠ ᠨᠤᠲᠤᠭ ᠤᠨ ᠵᠢᠭᠤᠯᠴᠢᠯᠠᠯ ᠤᠨ ︽ᠠᠮᠤᠷ ᠲᠦᠪᠰᠢᠨ ᠲᠠᠭᠠᠯᠠᠮᠵᠢᠲᠠᠶ ᠰᠢᠨ᠎ᠡ ᠣᠶᠢᠯᠠᠭᠠᠯᠲᠠ︾ ᠶᠢ | ᠪᠣᠶ ᠪᠣᠯᠭᠠᠪᠠ︔ ᠳᠥᠷᠪᠡᠳᠦᠭᠡᠷ ᠳᠡᠰ ᠤᠨ ᠬᠤᠯᠪᠣᠭᠠᠲᠤ ᠤᠷᠤᠯᠳᠤᠭᠠᠨ ᠤ ᠶᠠᠪᠤᠳᠠᠯ ᠤᠨ ᠰᠢᠰᠲ᠋ᠧᠮ ᠨᠢ ︽ᠲᠠᠯ᠎ᠠ | ᠨᠤᠲᠤᠭ ᠤᠨ ᠤᠷᠤᠯᠳᠤᠭᠠᠨ + ᠪᠦᠬᠦ ᠤᠯᠤᠰ ᠤᠨ ᠳᠠᠮᠵᠢᠭᠤᠯᠭ᠎ᠠ︾ ᠶᠢᠨ ᠬᠤᠣᠰ ᠬᠥᠳᠡᠯᠭᠡᠭᠦᠷ ᠢ ᠬᠥᠭᠵᠢᠭᠡᠨ᠎ᠡ᠃ | ᠭᠤᠷᠪᠠᠨ ᠶᠡᠭᠡ ᠰᠢᠰᠲ᠋ᠧᠮ ᠢ ᠨᠠᠶᠢᠳᠠᠪᠤᠷᠢᠵᠢᠭᠤᠯᠤᠭᠰᠠᠨ ᠨᠢ ᠰᠢᠯᠢ ᠶᠢᠨ ᠭᠤᠤᠯ ᠠᠶᠢᠮᠠᠭ ᠤᠨ ︽ᠪᠠᠷᠢᠮᠵᠢᠶ᠎ᠠ ᠪᠠᠷ | ᠬᠥᠲᠥᠯᠦᠨ ᠳᠠᠭᠠᠭᠤᠯᠬᠤ᠂ ᠶᠠᠰᠤ ᠴᠢᠨᠠᠷ ᠢ ᠲᠠᠰ ᠳᠡᠪᠰᠢᠭᠦᠯᠬᠦ᠂ ᠤᠷᠤᠯᠳᠤᠭᠠᠨ ᠠᠴᠠ ᠴᠢᠳᠠᠪᠤᠷᠢ ᠣᠯᠭᠤᠬᠤ︾ ᠪᠠᠷ | ᠭᠤᠤᠯ ᠪᠣᠯᠭᠠᠭᠰᠠᠨ ᠠᠳᠤᠭᠤᠨ ᠤ ᠠᠵᠤ ᠦᠢᠯᠡᠰ ᠬᠢᠭᠡᠳ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠴᠣ᠋ | ᠰᠢᠨ᠎ᠡ ᠱᠠᠲᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃ | | | | ᠲᠤᠰ ᠬᠤᠭᠤᠴᠠᠭᠠᠨ ᠤ ᠮᠣᠩᠭᠤᠯ ᠮᠤᠷᠢᠨ ᠤ ᠲᠡᠰ ᠠᠴᠠ ᠳᠠᠪᠠᠭᠰᠠᠨ ᠬᠤᠯᠪᠣᠭᠠᠲᠤ ᠤᠷᠤᠯᠳᠤᠭᠠᠨ ᠨᠢ ᠭᠤᠷᠪᠠᠨ | ᠶᠡᠭᠡ ᠰᠢᠰᠲ᠋ᠧᠮ ᠢᠶᠠᠷ ᠲᠤᠯᠭᠠᠭᠤᠷᠢᠯᠠᠯ ᠪᠣᠯᠭᠠᠵᠤ᠂ ᠮᠣᠩᠭᠤᠯ ᠮᠤᠷᠢᠨ ᠤ ᠰᠣᠶᠣᠯ ᠤᠨ ᠣᠨᠴᠠᠯᠢᠭ ᠲᠠᠢ ᠭᠦᠨᠵᠡᠭᠡᠢ | ᠤᠶᠠᠯᠳᠤᠭᠤᠯᠵᠤ᠂ ᠳᠠᠭᠠᠭᠠᠮᠠᠭᠠᠢ ᠤᠷᠤᠯᠳᠤᠭᠠᠨ᠂ ᠡᠮᠨᠢᠭ ᠰᠤᠷᠭᠠᠬᠤ ᠤᠷᠤᠯᠳᠤᠭᠠᠨ᠂ ᠮᠤᠷᠢᠨ ᠤᠷᠤᠯᠳᠤᠭᠠᠨ ᠵᠡᠷᠭᠡ | 8 ᠶᠡᠭᠡ ᠲᠦᠷᠦᠯ ᠤᠨ ᠲᠦᠷᠦᠯ ᠵᠦᠢᠯ ᠢ ᠲᠤᠬᠢᠷᠠᠭᠤᠯᠵᠤ᠂ ᠭᠠᠴᠠᠭ᠎ᠠ ︵ᠲᠣᠰᠬᠤᠨ︶᠂ ᠰᠤᠮᠤ ︵ᠰᠢᠶᠠᠩ︶ | ᠪᠠᠯᠭᠠᠰᠤ᠂ ᠬᠤᠰᠢᠭᠤ ᠰᠢᠶᠠᠨ ᠬᠤᠳᠠ ︵ᠲᠣᠭᠤᠷᠢᠭ︶ ᠭᠤᠷᠪᠠᠨ ᠱᠠᠲᠤᠨ ᠤ ᠤᠷᠤᠯᠳᠤᠭᠠᠨ ᠨᠢ 6 ᠰᠠᠷ᠎ᠠ ᠶᠢᠨ | ᠰᠡᠭᠦᠯᠴᠢ ᠪᠣᠯᠲᠠᠯ᠎ᠠ ᠶᠠᠪᠤᠭᠳᠠᠨ᠎ᠠ᠃ |