ᠰᠢᠯᠢ ᠶᠢᠨ ᠭᠤᠤᠯ ᠠᠶᠢᠮᠠᠭ᠄ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠵᠥᠪᠯᠡᠯ ᠤᠨ ᠠᠯᠪᠠᠨ ᠬᠡᠷ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠨ ᠳᠡᠷᠭᠡᠳᠡᠬᠢ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ︾ ᠭᠤᠤᠯ ᠰᠡᠳᠦᠪᠲᠦ ᠤᠬᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/21
  ᠶᠡᠷᠦᠩᠬᠡᠶ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠨᠡᠶᠢᠭᠡᠮ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠪᠠ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠳᠬᠠᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 15 ᠤ ᠡᠳᠦᠷ᠂ ᠠᠶᠢᠮᠠᠭ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠬᠠᠤ ᠵᠥᠪᠯᠡᠯ ᠤᠨ ᠠᠯᠪᠠᠨ ᠬᠡᠷ᠂ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠶᠢᠮᠠᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠠᠶᠢᠮᠠᠭ ᠤᠨ ᠭᠠᠵᠠᠷ ᠬᠥᠳᠡᠯᠦᠯᠲᠡ ᠶᠢᠨ ᠲᠣᠪᠴᠢᠶ᠎ᠠ ᠪᠠ ᠪᠠᠷᠠᠭᠤᠨ ᠦᠵᠦᠮᠦᠴᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠠᠷᠠᠭᠤᠨ ᠦᠵᠦᠮᠦᠴᠢᠨ ᠬᠤᠰᠢᠭᠤᠨ ᠤ ᠭᠤᠷᠣᠬᠠᠨ ᠪᠠᠯᠭᠠᠰᠤᠨ ᠳᠤ ᠭᠦᠨᠵᠡᠭᠡᠶᠢᠷᠡᠨ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠤᠷᠠᠯ ᠪᠣᠯᠭᠠᠨ ᠪᠠᠴᠢᠮ ᠪᠠᠶᠢᠳᠠᠯ ᠢ ᠠᠷᠭᠠᠴᠠᠵᠤ ᠳᠡᠷᠭᠡᠳᠡᠬᠢ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ︾ ᠭᠤᠤᠯ ᠰᠡᠳᠦᠪᠲᠦ ᠦᠨᠳᠦᠰᠦᠨ ᠱᠠᠲᠤᠨ ᠤ ᠰᠢᠷᠢᠰ ᠠᠵᠢᠯᠯᠠᠭ᠎ᠠ ᠶᠢ ᠬᠠᠮᠲᠤᠷᠠᠨ ᠥᠷᠨᠢᠭᠦᠯᠪᠡ᠃    ᠭᠤᠷᠣᠬᠠᠨ ᠪᠠᠯᠭᠠᠰᠤᠨ ᠤ ᠵᠠᠰᠠᠭ ᠤᠨ ᠣᠷᠳᠣᠨ ᠳᠤ᠂ ᠭᠠᠵᠠᠷ ᠬᠥᠳᠡᠯᠦᠯᠲᠡ ᠶᠢᠨ ᠰᠢᠨᠵᠢᠯᠡᠬᠦ ᠤᠬᠠᠭᠠᠨ ᠤ ᠮᠡᠳᠡᠯᠭᠡ  ᠶᠢ  ᠲᠦᠭᠡᠮᠡᠯᠵᠢᠭᠦᠯᠬᠦ ᠲᠠᠶᠢᠯᠤᠮᠵᠢ ᠬᠢᠬᠦ ᠠᠵᠢᠯᠯᠠᠭ᠎ᠠ ᠵᠢᠩᠬᠢᠨᠢ ᠪᠠᠷ ᠡᠬᠢᠯᠡᠪᠡ᠂ ᠠᠶᠢᠮᠠᠭ ᠤᠨ ᠭᠠᠵᠠᠷ ᠬᠥᠳᠡᠯᠦᠯᠲᠡ ᠶᠢᠨ ᠲᠣᠪᠴᠢᠶᠠᠨ ᠤ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠯᠠᠮᠵᠢᠯᠠᠭᠴᠢ ᠪᠥᠬᠦ ᠠᠶᠢᠮᠠᠭ ᠤᠨ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ︽ᠭᠤᠷᠪᠠᠨ ᠰᠦᠯᠵᠢᠶ᠎ᠡ ᠨᠢᠭᠡ ᠭᠡᠰᠢᠭᠦᠨ︾ ᠤ ᠴᠢᠬᠤᠯᠠ ᠠᠴᠢ ᠬᠤᠯᠪᠣᠭᠳᠠᠯ᠂ ᠡᠭᠦᠷᠭᠡ ᠬᠠᠷᠢᠭᠤᠴᠠᠯᠭ᠎ᠠ ᠪᠠ ᠪᠣᠳᠠᠲᠠᠶ ᠠᠵᠢᠯ ᠤᠨ  ᠦᠢᠯᠡᠳᠦᠯᠭᠡ ᠳᠤ ᠨᠠᠷᠢᠨ ᠲᠠᠶᠢᠯᠤᠮᠵᠢ ᠬᠢᠪᠠ᠃ ᠠᠶᠢᠮᠠᠭ᠂ ᠬᠤᠰᠢᠭᠤ ᠬᠤᠶᠠᠷ ᠱᠠᠲᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯᠲᠠᠳ ᠴᠡᠭᠡᠵᠢᠨ ᠭᠠᠳᠠᠨᠠᠬᠢ ᠳᠠᠷᠤᠯᠲᠠ ᠶᠢ ᠳᠠᠷᠤᠬᠤ᠂ ᠬᠥᠮᠦᠨ ᠤ ᠬᠦᠴᠦ ᠪᠠᠷ ᠠᠮᠢᠰᠬᠤᠭᠤᠯᠬᠤ ᠵᠡᠷᠭᠡ ᠥᠪᠡᠷ ᠢ ᠪᠠᠨ ᠠᠪᠤᠷᠬᠠᠤ ᠬᠠᠷᠢᠯᠴᠠᠨ ᠠᠪᠤᠷᠬᠠᠤ ᠤᠷ᠎ᠠ ᠴᠢᠳᠠᠪᠤᠷᠢ ᠶᠢ ᠲᠤᠬᠠᠶ ᠶᠢᠨ ᠲᠠᠯᠠᠪᠠᠶ ᠳᠤ ᠳᠡᠯᠭᠡᠨ ᠦᠵᠡᠭᠦᠯᠵᠦ᠂ ᠣᠷᠣᠯᠴᠠᠭᠰᠠᠨ ᠬᠥᠮᠦᠰ ᠤᠨ ᠬᠥᠳᠡᠯᠭᠡᠭᠡᠨ ᠤ ᠠᠷᠭ᠎ᠠ ᠪᠠᠷᠢᠯ ᠢ ᠡᠵᠡᠮᠰᠢᠬᠦ ᠶᠢ ᠨᠠᠷᠢᠨ ᠨᠢᠮᠪᠠᠶ ᠵᠢᠭᠠᠨ ᠵᠢᠯᠣᠭᠤᠳᠪᠠ᠃    ᠭᠤᠷᠣᠬᠠᠨ ᠪᠠᠯᠭᠠᠰᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠲᠤ᠂ ᠤᠬᠠᠭᠤᠯᠭ᠎ᠠ ᠶᠢᠨ ᠬᠠᠭᠤᠳᠠᠰᠤ ᠶᠢ ᠡᠯᠭᠦᠬᠦ᠂ ᠤᠬᠠᠭᠤᠯᠭ᠎ᠠ ᠶᠢᠨ ᠰᠠᠮᠪᠠᠷ᠎ᠠ ᠶᠢ ᠳᠡᠯᠭᠡᠨ ᠦᠵᠡᠭᠦᠯᠬᠦ᠂ ᠠᠰᠠᠭᠤᠨ ᠯᠠᠪᠯᠠᠬᠤ ᠲᠠᠪᠴᠠᠩ ᠪᠠᠶᠢᠭᠤᠯᠬᠤ᠂ ᠣᠯᠠᠨ ᠲᠦᠮᠡᠨ ᠤ ᠠᠰᠠᠭᠤᠯᠲᠠ ᠶᠢ ᠬᠠᠷᠢᠭᠤᠯᠬᠤ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠳᠤᠷᠠᠰᠬᠠᠯ ᠤᠨ ᠪᠣᠳᠠᠰ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠥᠷᠭᠡᠨ ᠣᠯᠠᠨ ᠠᠷᠠᠳ ᠲᠦᠮᠡᠨ ᠳᠤ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠪᠠ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠵᠢᠴᠢ ᠥᠪᠡᠷ ᠢ ᠪᠠᠨ ᠠᠪᠤᠷᠬᠠᠤ ᠬᠠᠷᠢᠯᠴᠠᠨ ᠠᠪᠤᠷᠬᠠᠤ ᠠᠷᠭ᠎ᠠ ᠶᠢ ᠲᠦᠭᠡᠮᠡᠯᠵᠢᠭᠦᠯᠦᠨ᠎ᠡ᠃    ᠭᠤᠷᠣᠬᠠᠨ ᠪᠠᠯᠭᠠᠰᠤᠨ ᠤ ᠬᠡᠦᠬᠡᠳ ᠤᠨ ᠴᠡᠴᠡᠷᠯᠢᠭ ᠲᠤ᠂ ᠬᠡᠦᠬᠡᠳ ᠤᠳ ᠲᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠷᠢᠶ᠎ᠠ ᠯᠣᠽᠦ᠋ᠩ ᠳᠠᠷᠤᠮᠠᠯᠯᠠᠭᠰᠠᠨ ᠪᠢᠴᠢᠭ ᠤᠨ ᠪᠣᠭᠴᠣ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠷᠤᠭᠲᠤ ᠳᠡᠪᠲᠡᠷ᠂ ᠪᠢᠴᠢᠭ ᠤᠨ ᠬᠡᠷᠡᠭᠰᠡᠯ ᠤᠨ ᠬᠠᠶᠢᠷᠴᠠᠭ᠂ ᠤᠰᠤᠨ ᠴᠣᠮᠣ᠂ ᠬᠠᠷᠠᠭ᠎ᠠ ᠶᠢᠨ ᠬᠦᠰᠦᠨᠦᠭᠲᠦ᠂ ᠡᠪᠬᠡᠮᠡᠯ ᠰᠠᠨᠳᠠᠯᠢ ᠵᠡᠷᠭᠡ ᠤᠬᠠᠭᠤᠯᠭ᠎ᠠ ᠶᠢᠨ ᠳᠤᠷᠠᠰᠬᠠᠯ ᠤᠨ  ᠵᠦᠢᠯᠡᠰ ᠢ ᠨᠠᠷᠢᠯᠢᠭ ᠦᠢᠯᠡᠳᠴᠦ᠂ ᠬᠡᠦᠬᠡᠳ ᠤᠨ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢ ᠪᠠᠭ᠎ᠠ ᠠᠴᠠ ᠨᠢ ᠣᠶᠢᠯᠠᠭᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠨᠢ ᠪᠣᠶ ᠪᠣᠯᠭᠠᠵᠤ᠂ ᠪᠠᠴᠢᠮ ᠪᠠᠶᠢᠳᠠᠯ ᠢ ᠠᠷᠭᠠᠴᠠᠬᠤ ᠠᠶᠤᠯ ᠠᠴᠠ ᠵᠠᠶᠢᠯᠠᠬᠤ ᠴᠢᠳᠠᠪᠤᠷᠢ ᠶᠢ ᠨᠢ ᠳᠡᠭᠡᠭᠰᠢᠯᠡᠭᠦᠯᠪᠡ᠃    ᠭᠤᠷᠣᠬᠠᠨ ᠪᠠᠯᠭᠠᠰᠤᠨ ᠤ ᠴᠠᠬᠢᠯᠭᠠᠨ ᠬᠠᠩᠭᠠᠬᠤ ᠭᠠᠵᠠᠷ ᠲᠤ᠂ ᠲᠤᠬᠠᠶ ᠶᠢᠨ ᠲᠠᠯᠠᠪᠠᠶ ᠳᠤ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠵᠤ ᠲᠠᠷᠬᠠᠭᠠᠬᠤ ᠰᠣᠷᠢᠯᠲᠠ ᠶᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠠᠵᠢᠯᠲᠠᠨ ᠤ ᠭᠡᠨᠡᠳᠲᠡ ᠶᠢᠨ ᠭᠠᠵᠠᠷ ᠬᠥᠳᠡᠯᠦᠯᠲᠡ ᠶᠢᠨ ᠪᠠᠶᠢᠳᠠᠯ ᠳᠤ ᠬᠠᠨᠳᠤᠬᠤ ᠦᠶ᠎ᠡ ᠶᠢᠨ ᠬᠤᠪᠢᠷᠠᠯᠲᠠ ᠶᠢ ᠠᠷᠭᠠᠴᠠᠬᠤ ᠪᠠ ᠠᠮᠢ ᠵᠢᠭᠤᠲᠠᠬᠤ ᠴᠢᠳᠠᠪᠤᠷᠢ ᠶᠢ ᠰᠢᠯᠭᠠᠨ ᠪᠠᠶᠢᠴᠠᠭᠠᠵᠤ᠂ ᠰᠣᠷᠢᠯᠲᠠ ᠶᠢᠨ ᠶᠠᠪᠤᠴᠠ ᠳᠤ ᠬᠠᠨᠳᠤᠯᠭᠠᠲᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃    ᠲᠤᠰ ᠤᠳᠠᠭᠠᠨ ᠤ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠳᠤ ᠣᠯᠠᠨ ᠲᠦᠮᠡᠨ ᠥᠷᠭᠡᠨ ᠢᠶᠠᠷ ᠣᠷᠣᠯᠴᠠᠵᠤ ᠂ ᠦᠷ᠎ᠡ ᠪᠦᠲᠦᠮᠵᠢ ᠨᠢ ᠴᠢᠩᠭ᠎ᠠ ᠲᠤᠰᠬᠠᠯ ᠲᠠᠢ ᠪᠠᠶᠢᠵᠤ᠂ ᠠᠵᠢᠯᠯᠠᠭ᠎ᠠ ᠶᠢᠨ ᠨᠥᠯᠥᠭᠡᠯᠡᠬᠦ ᠬᠦᠴᠦᠨ ᠢ ᠥᠷᠭᠡᠳᠬᠡᠵᠦ ᠂ ᠠᠷᠠᠳ ᠣᠯᠠᠨ ᠤ ᠠᠵᠢᠯᠯᠠᠭ᠎ᠠ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠢᠨ ᠴᠢᠬᠤᠯᠠ ᠠᠴᠢ ᠬᠤᠯᠪᠣᠭᠳᠠᠯ ᠢ ᠨᠡᠩ ᠭᠦᠨᠵᠡᠭᠡᠶ ᠲᠠᠨᠢᠵᠤ᠂ ᠠᠮᠤᠷ ᠲᠦᠪᠰᠢᠨ ᠡᠶ᠎ᠡ ᠵᠣᠬᠢᠴᠠᠯ ᠲᠠᠢ ᠨᠡᠶᠢᠭᠡᠮ ᠢ ᠪᠦᠲᠦᠭᠡᠨ ᠪᠠᠶᠢᠭᠤᠯᠬᠤ ᠳᠤ ᠬᠠᠮᠲᠤ ᠪᠠᠷ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃
 
ᠢᠷᠡᠯᠲᠡ᠄ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号