ᠥᠪᠡᠷᠲᠡᠭᠡᠨ ᠨᠠᠶᠢᠷᠠᠭᠤᠯᠤᠭᠰᠠᠨ ᠴᠠᠷᠭᠢᠯ ᠬᠤᠯᠪᠣᠭ᠎ᠠ᠂ ᠱᠤᠭ ᠵᠦᠴᠦᠭᠡ᠂ ᠳᠡᠯᠭᠡᠷᠡᠵᠦ ᠪᠠᠶᠢᠭ᠎ᠠ ᠦᠭᠡᠯᠡᠨ | ᠳᠠᠭᠤᠯᠠᠬᠤ ᠲᠣᠭᠯᠠᠯᠲᠠ ᠤᠢᠢᠷ᠎ᠠ ᠳᠤ᠂ ᠰᠥᠨᠢᠳ ᠵᠡᠭᠦᠨ ᠬᠤᠰᠢᠭᠤᠨ ᠤ ︽ᠬᠠᠤᠯᠢᠵᠢᠯ ᠤᠨ ᠤᠯᠠᠭᠠᠨᠮᠥ᠋ᠴᠢᠷ︾ ᠤᠨ | ᠭᠡᠰᠢᠭᠦᠳ ᠲᠤᠬᠠᠢ ᠶᠢᠨ ᠭᠠᠵᠠᠷ ᠤᠨ ᠠᠷᠠᠳ ᠤᠨ ᠴᠠᠭᠳᠠᠭ᠎ᠠ᠂ ᠪᠠᠶᠢᠴᠠᠭᠠᠭᠴᠢ ᠲᠤᠰᠢᠶᠠᠯᠲᠠᠨ᠂ ᠰᠢᠭᠦᠭᠴᠢ᠂ | ᠬᠠᠤᠯᠢᠴᠢ᠂ ᠬᠠᠤᠯᠢ ᠲᠦᠭᠡᠮᠡᠯᠵᠢᠭᠦᠯᠬᠦ ᠰᠠᠶᠢᠨ ᠲᠤᠷᠠᠴᠤᠳ ᠲᠠᠢ ᠬᠠᠮᠲᠤᠷᠠᠨ ᠪᠦᠬᠦ ᠠᠷᠠᠳ ᠤᠨ ᠤᠯᠤᠰ ᠤᠨ ᠠᠮᠤᠷ | ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠨᠢᠭᠡ ᠤᠳᠠᠭᠠᠨ ᠤ ᠬᠥᠳᠡᠯᠭᠡᠭᠡᠨ ᠢᠶᠠᠷ | ᠳᠠᠮᠵᠢᠨ᠂ ᠮᠠᠯᠴᠢᠳ ᠪᠠᠶᠠᠷ ᠬᠥᠷ ᠲᠠᠢ ᠪᠠᠷ ᠮᠠᠰᠢ ᠣᠯᠠᠨ ᠬᠠᠤᠯᠢ ᠴᠠᠭᠠᠵᠠ ᠶᠢᠨ ᠮᠡᠳᠡᠯᠭᠡ ᠶᠢ ᠴᠡᠭᠡᠵᠢᠯᠡᠪᠡ᠃ ᠪᠦᠬᠦ | ᠠᠶᠢᠮᠠᠭ ᠤᠨ 13 ᠰᠠᠯᠠᠭ᠎ᠠ ︽ᠬᠠᠤᠯᠢᠵᠢᠯ ᠤᠨ ᠤᠯᠠᠭᠠᠨᠮᠥ᠋ᠴᠢᠷ︾ ᠥᠷᠭᠡᠨ ᠠᠭᠤᠳᠠᠮ ᠲᠠᠯ᠎ᠠ ᠨᠤᠲᠤᠭ ᠲᠤ | ᠠᠵᠢᠯᠯᠠᠭ᠎ᠠ ᠥᠷᠨᠢᠭᠦᠯᠵᠦ᠂ ᠡᠨᠡ ᠬᠦ ︽ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠣᠷᠢᠲᠤ ᠴᠡᠷᠢᠭ︾ ᠨᠢ | ᠮᠠᠯᠴᠢᠨ ᠲᠠᠷᠢᠶᠠᠴᠢᠨ ᠤ ᠬᠠᠤᠯᠢᠵᠢᠯ ᠤᠨ ᠰᠣᠶᠣᠯ ᠢ ᠤᠬᠠᠭᠤᠯᠬᠤ ᠦᠢᠯᠡᠴᠢᠯᠡᠭᠡᠨ ᠤ ︽ ᠬᠠᠮᠤᠭ ᠡᠴᠦᠰ ᠤᠨ ᠨᠢᠭᠡ | ᠮᠧᠲᠷ︾ ᠤᠨ ᠠᠯᠳᠠᠨ ᠦᠰᠦᠭᠲᠦ ᠫᠠᠶᠢᠰᠠ ᠪᠣᠯᠪᠠ᠃ | ᠬᠠᠤᠯᠢᠵᠢᠯ ᠤᠨ ᠰᠣᠶᠣᠯ ᠤᠨ ᠲᠦᠷᠦᠯ ᠲᠡᠮᠳᠡᠭ ᠢ ᠡᠭᠦᠳᠬᠦ ᠪᠣᠯ ᠰᠢᠯᠢ ᠶᠢᠨ ᠭᠤᠣᠯ ᠠᠶᠢᠮᠠᠭ ᠤᠨ ︽ᠤᠯᠤᠰ | ᠢᠶᠠᠨ ᠬᠠᠶᠢᠷᠠᠯᠠᠬᠤ ︾ ᠬᠠᠷᠢᠭᠤᠴᠠᠯᠭ᠎ᠠ ᠡᠭᠦᠷᠭᠡᠯᠡᠯ ᠢ ᠪᠠᠲᠤ ᠴᠡᠭᠡᠵᠢᠯᠡᠵᠦ᠂ ᠨᠡᠩ ᠴᠤ ᠡᠬᠡ ᠤᠯᠤᠰ ᠤᠨ ︽ | ᠤᠮᠠᠷᠠᠲᠤ ᠶᠢᠨ ᠶᠡᠭᠡ ᠬᠠᠭᠠᠯᠭ᠎ᠠ︾ ᠶᠢ ᠰᠠᠶᠢᠲᠤᠷ ᠰᠠᠬᠢᠵᠤ᠂ ᠨᠡᠶᠢᠰᠯᠡᠯ ᠤᠨ ︽ᠬᠠᠮᠠᠭᠠᠯᠠᠯᠲᠠ ᠶᠢᠨ ᠭᠤᠣᠯ︾ ᠢ ᠪᠠᠲᠤ | ᠴᠣᠭᠴᠠᠯᠠᠬᠤ ᠪᠣᠯ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠣᠯᠤᠨ᠎ᠠ᠃ ︽ᠡᠨᠡ ᠵᠢᠯ ᠥᠪᠡᠷᠲᠡᠭᠡᠨ ᠵᠠᠰᠠᠬᠤ | ᠣᠷᠣᠨ ᠤᠮᠠᠷᠠᠲᠤ ᠬᠢᠯᠢ ᠶᠢᠨ ᠰᠣᠶᠣᠯ ᠢ ᠳᠡᠭᠡᠭᠰᠢᠯᠡᠭᠦᠯᠬᠦ ᠠᠵᠢᠯᠯᠠᠭ᠎ᠠ ᠶᠢ ᠡᠬᠢᠯᠡᠭᠦᠯᠵᠦ᠂ ᠰᠢᠯᠢ ᠶᠢᠨ ᠭᠤᠤᠯ | ᠠᠶᠢᠮᠠᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠦᠳᠲᠡᠷ ᠲᠦᠷᠭᠡᠨ | ᠴᠤᠤᠷᠢᠶᠠᠲᠤᠨ ᠳᠠᠭᠠᠵᠤ᠂ ᠰᠢᠨ᠎ᠡ ᠴᠠᠭ ᠦᠶ᠎ᠡ ᠶᠢᠨ ᠬᠠᠤᠯᠢᠵᠢᠯ ᠤᠨ ᠰᠣᠶᠣᠯ ᠤᠨ ᠪᠠᠶᠢᠭᠤᠯᠤᠯᠲᠠ ᠶᠢ ᠶᠡᠭᠡ ᠪᠠᠷ | ᠠᠬᠢᠭᠤᠯᠵᠤ᠂ ᠣᠷᠣᠨ ᠪᠦᠰᠡ ᠶᠢᠨ ᠣᠨᠴᠠᠯᠢᠭ ᠲᠠᠢ ᠬᠠᠤᠯᠢᠵᠢᠯ ᠤᠨ ᠰᠣᠶᠣᠯ ᠤᠨ ᠲᠥᠷᠥᠯ ᠲᠡᠮᠳᠡᠭ ᠢ ᠡᠭᠦᠳᠬᠦ ᠪᠠᠷ | ᠴᠢᠷᠮᠠᠶᠢᠨ᠎ᠠ᠃ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠳᠡᠳ᠋ ᠱᠦᠵᠢ ᠭᠤᠤ ᠶᠦᠨ ᠹᠧᠡᠭ᠄ ︽ᠪᠢᠳᠡ ᠰᠣᠶᠣᠯ ᠢᠶᠠᠷ ᠬᠠᠤᠯᠢᠵᠢᠯ ᠢ ᠤᠮᠳᠠᠯᠠᠵᠤ᠂ | ᠬᠠᠤᠯᠢᠵᠢᠯ ᠤᠨ ᠰᠣᠶᠣᠯ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠵᠤ᠂ ᠬᠢᠯᠢ ᠬᠢᠵᠠᠭᠠᠷ | ᠣᠷᠣᠨ ᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠳᠤ ᠬᠦᠴᠦᠨ ᠨᠡᠮᠡᠷᠢᠯᠡᠵᠦ᠂ ᠡᠬᠡ | ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠭᠦᠨ | ᠵᠤᠵᠠᠭᠠᠨ ᠬᠠᠤᠯᠢᠵᠢᠯ ᠤᠨ ᠠᠭᠤᠷ ᠠᠮᠢᠰᠬᠤᠯ ᠢ ᠪᠣᠶ ᠪᠣᠯᠭᠠᠵᠤ᠂ ᠪᠠᠰᠠ ᠤᠮᠠᠷᠠᠲᠤ ᠬᠢᠯᠢ ᠶᠢᠨ ᠰᠣᠶᠣᠯ ᠢ | ᠳᠡᠭᠡᠭᠰᠢᠯᠡᠭᠦᠯᠬᠦ ᠠᠵᠢᠯᠯᠠᠭ᠎ᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃︾ | ᠬᠠᠤᠯᠢᠵᠢᠯ ᠤᠨ ᠰᠣᠶᠣᠯ ᠤᠨ ᠲᠦᠷᠦᠯ ᠲᠡᠮᠳᠡᠭ ᠢ ᠱᠤᠭᠤᠬᠤ ᠮᠥᠷᠲᠡᠭᠡᠨ ᠰᠦᠭ ᠰᠦᠨᠡᠰᠦ ᠶᠢ ᠱᠤᠭᠤᠬᠤ | ᠬᠡᠷᠡᠭᠲᠡᠢ᠃ ᠰᠢᠯᠢ ᠶᠢᠨ ᠭᠤᠤᠯ ᠠᠶᠢᠮᠠᠭ ᠬᠤᠪᠢᠰᠬᠠᠯ ᠤᠨ ᠤᠳᠤᠮᠰᠢᠯ ᠢ ᠬᠠᠤᠯᠢᠵᠢᠯ ᠤᠨ ᠰᠣᠶᠣᠯ ᠤᠨ ᠲᠥᠷᠥᠯ | ᠲᠡᠮᠳᠡᠭ ᠲᠠᠢ ᠠᠭᠤᠰᠤᠯᠴᠠᠭᠤᠯᠵᠤ᠂ ᠡᠬᠢ ᠪᠠᠶᠠᠯᠢᠭ ᠤᠨ ᠳᠠᠪᠠᠭᠤᠯᠢᠭ ᠢ ᠬᠠᠤᠯᠢᠵᠢᠯ ᠤᠨ ᠰᠣᠶᠣᠯ ᠤᠨ ᠲᠥᠷᠥᠯ | ᠲᠡᠮᠳᠡᠭ ᠤᠨ ᠳᠠᠪᠠᠭᠤᠯᠢᠭ ᠪᠣᠯᠭᠠᠨ ᠬᠤᠪᠢᠷᠠᠭᠤᠯᠵᠤ᠂ ᠬᠤᠪᠢᠰᠬᠠᠯ ᠤᠨ ᠣᠨᠴᠠᠯᠢᠭ ᠢ ᠬᠠᠤᠯᠢᠵᠢᠯ ᠤᠨ ᠰᠣᠶᠣᠯ ᠤᠨ | ᠲᠥᠷᠥᠯ ᠲᠡᠮᠳᠡᠭ ᠤᠨ ᠬᠠᠮᠤᠭ ᠤᠨ ᠢᠯᠡ ᠲᠣᠳᠣ ᠰᠠᠭᠤᠷᠢ ᠥᠩᠭᠡ ᠪᠣᠯᠭᠠᠪᠠ᠃ | ᠰᠢᠨ᠎ᠡ ᠵᠠᠭᠪᠤᠷ ᠢ ᠠᠭᠤᠰᠬᠠᠨ ᠭᠠᠷᠭᠠᠬᠤ᠃ ︽ᠨᠢᠭᠡ ᠤᠯᠠᠭᠠᠨ ᠪᠢᠴᠢᠭ ᠤᠨ ᠪᠣᠭᠴᠣ᠂ ᠨᠢᠭᠡ ᠲᠠᠯ᠎ᠠ | ᠨᠤᠲᠤᠭ ᠤᠨ ᠵᠠᠮ᠂ ᠨᠢᠭᠡ ᠵᠤᠷᠪᠤᠰ ᠬᠥᠪᠡᠭᠡ ᠬᠢᠵᠠᠭᠠᠷ ᠦᠭᠡᠢ ᠰᠣᠯᠣᠩᠭ᠎ᠠ ᠴᠢ ᠪᠢᠳᠡᠨ ᠢ ᠬᠤᠯᠪᠣᠨ᠎ᠠ︾᠃ ᠡᠨᠡ ᠬᠦ | ︽ᠤᠯᠠᠭᠠᠨ ᠪᠢᠴᠢᠭ ᠤᠨ ᠪᠣᠭᠴᠣ ᠶᠢᠨ ᠳᠠᠭᠤᠤ︾ ᠨᠢ ᠬᠥᠮᠦᠰ ᠢ ᠬᠠᠭᠠᠰ ᠵᠠᠭᠤᠨ ᠤ ᠡᠮᠦᠨᠡᠬᠢ ᠰᠥᠨᠢᠳ ᠪᠠᠷᠠᠭᠤᠨ | ᠬᠤᠰᠢᠭᠤᠨ ᠳᠤ ᠠᠪᠠᠴᠢᠪᠠ᠃ ᠲᠤᠬᠠᠶ ᠶᠢᠨ ᠵᠢᠯ ᠳᠤ᠂ ᠰᠥᠨᠢᠳ ᠪᠠᠷᠠᠭᠤᠨ ᠬᠤᠰᠢᠭᠤᠨ ᠤ ᠪᠠᠶᠠᠨ ᠠᠭᠤᠯᠠ | ᠭᠠᠴᠠᠭ᠎ᠠ ︽ᠤᠯᠠᠭᠠᠨ ᠪᠢᠴᠢᠭ ᠤᠨ ᠪᠣᠭᠴᠣ︾ ᠶᠢ ᠰᠤᠷᠭᠠᠭᠤᠯᠢ ᠳᠤ ᠬᠦᠷᠭᠡᠬᠦ ᠠᠵᠢᠯᠯᠠᠭ᠎ᠠ ᠥᠷᠨᠢᠭᠦᠯᠵᠦ᠂ ︽ | ᠤᠯᠠᠭᠠᠨ ᠪᠢᠴᠢᠭ ᠤᠨ ᠪᠣᠭᠴᠣ︾ ᠪᠠ ︽ᠠᠷᠠᠳ ᠲᠦᠮᠡᠨ ᠳᠤ ᠦᠢᠯᠡᠴᠢᠯᠡᠬᠦ︾ ᠭᠡᠬᠦ ᠥᠰᠥᠭ ᠢ ᠳᠠᠷᠤᠮᠠᠯᠯᠠᠭᠰᠠᠨ | ᠠᠩᠬᠠᠨ ᠤ ᠪᠦᠯᠦᠭ ᠪᠢᠴᠢᠭ ᠤᠨ ᠪᠣᠭᠴᠣ᠂ ᠨᠠᠮ ᠤᠨ ᠲᠥᠷᠥ ᠶᠢᠨ ᠪᠣᠳᠣᠯᠭ᠎ᠠ ᠵᠡᠷᠭᠡ ᠰᠤᠷᠤᠯᠴᠠᠬᠤ ᠮᠠᠲ᠋ᠧᠷᠢᠶᠠᠯ ᠢ | ᠪᠦᠬᠦᠨ ᠢ ᠡᠷᠦᠬᠡ ᠶᠢᠨ ᠴᠡᠷᠢᠭ ᠠᠩᠭᠢ᠂ ᠡᠮᠡᠭᠲᠡᠶᠢᠴᠦᠳ ᠤᠨ ᠵᠣᠬᠢᠶᠠᠨ ᠪᠠᠶᠢᠭᠤᠯᠤᠯᠲᠠ᠂ ᠵᠠᠯᠠᠭᠤᠴᠤᠳ ᠤᠨ | ᠳᠤᠭᠤᠶᠢᠯᠠᠩ ᠪᠠ ᠰᠤᠷᠭᠠᠭᠤᠯᠢ ᠳᠤ ᠬᠤᠪᠢᠶᠠᠨ ᠥᠭᠴᠡᠶ᠃ ᠣᠳᠣᠬᠠᠨ ᠳᠤ᠂ ︽ᠤᠯᠠᠭᠠᠨ ᠪᠢᠴᠢᠭ ᠤᠨ ᠪᠣᠭᠴᠣ︾ | ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ︽ᠨᠢᠭᠡ ᠱᠤᠭᠤᠮ ᠳᠥᠷᠪᠡᠨ ᠪᠣᠭᠴᠣ︾ ᠶᠢᠨ | ᠦᠢᠯᠡᠴᠢᠯᠡᠭᠡᠨ ᠤ ᠵᠠᠭᠪᠤᠷ ᠢ ᠠᠪᠴᠤ᠂ ᠬᠠᠤᠯᠢ ᠴᠠᠭᠠᠵᠠ ᠶᠢᠨ ᠮᠡᠳᠡᠯᠭᠡ ᠶᠢ ᠮᠣᠩᠭᠤᠯ ᠬᠡᠷ ᠨᠢᠭᠡᠪᠦᠷᠢ ᠳᠤ ᠬᠦᠷᠭᠡᠵᠦ᠂ | ᠬᠠᠤᠯᠢ ᠪᠠᠷ ᠵᠠᠰᠠᠬᠤ ᠦᠷ᠎ᠡ ᠶᠢ ᠲᠠᠯ᠎ᠠ ᠨᠤᠲᠤᠭ ᠲᠤ ᠦᠨᠳᠦᠰᠦᠯᠡᠭᠦᠯᠦᠨ ᠰᠣᠶᠣᠭᠠᠯᠠᠭᠤᠯᠪᠠ᠃ ᠡᠨᠡ ᠬᠦ ᠵᠠᠭᠪᠤᠷ ᠨᠢ | ᠬᠠᠤᠯᠢ ᠴᠠᠭᠠᠵᠠ ᠶᠢᠨ ᠮᠡᠳᠡᠯᠭᠡ ᠶᠢ ᠤᠯᠠᠮᠵᠢᠯᠠᠭᠰᠠᠨ ᠢᠶᠠᠷ ᠪᠠᠷᠠᠬᠤ ᠦᠭᠡᠢ᠂ ᠨᠡᠩ ᠴᠤ ᠴᠠᠭ ᠣᠷᠣᠨ ᠵᠠᠢ ᠶᠢ | ᠠᠯᠤᠰᠯᠠᠭᠰᠠᠨ ᠬᠤᠪᠢᠰᠬᠠᠯᠲᠤ ᠰᠣᠶᠣᠯ ᠳᠤ ᠴᠠᠭ ᠦᠶ᠎ᠡ ᠶᠢᠨ ᠬᠡᠷᠡᠯ ᠭᠢᠯᠪᠠᠭ᠎ᠠ ᠶᠢ ᠰᠠᠴᠤᠷᠠᠭᠤᠯᠪᠠ᠃ | ᠬᠦᠴᠦᠷᠬᠡᠭ ᠨᠡᠷᠡᠲᠦ ᠲᠡᠮᠳᠡᠭ ᠢ ᠠᠭᠤᠰᠤᠯᠴᠠᠭᠤᠯᠤᠨ ᠭᠠᠷᠭᠠᠬᠤ᠃ ᠰᠥᠨᠢᠳ ᠪᠠᠷᠠᠭᠤᠨ ᠬᠤᠰᠢᠭᠤᠨ ᠤ | ᠠᠷᠠᠳ ᠤᠨ ᠪᠠᠶᠢᠴᠠᠭᠠᠬᠤ ᠬᠤᠷᠢᠶ᠎ᠠ ︽ᠤᠯᠠᠭᠠᠨ ᠨᠣᠭᠤᠭᠠᠨ ᠬᠥᠬᠡ ᠤᠯᠠ ᠮᠥᠷ︾ ᠤᠨ ᠨᠠᠷᠠᠲᠤ ᠲᠡᠮᠳᠡᠭ ᠢ | ᠡᠭᠦᠳᠴᠦ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠪᠠ ᠤᠯᠠᠭᠠᠨᠮᠥ᠋ᠴᠢᠷ ᠤᠨ ᠨᠡᠶᠢᠲᠡ ᠶᠢᠨ | ᠠᠰᠠᠷᠠᠮᠵᠢ ᠶᠢᠨ ᠵᠠᠷᠭᠤ ᠶᠢᠨ ᠤᠬᠠᠭᠤᠯᠭ᠎ᠠ ᠶᠢᠨ ᠠᠩᠭᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠣᠯᠠᠨ ᠤ | ᠦᠵᠡᠵᠦ ᠰᠣᠨᠢᠷᠬᠠᠬᠤ ᠳᠤᠷᠠᠲᠠᠶ ᠤᠯᠤᠰ ᠲᠥᠷᠥ ᠶᠢ ᠡᠷᠬᠢᠮᠯᠡᠬᠦ᠂ ᠣᠯᠠᠨ ᠲᠦᠮᠡᠨ ᠲᠠᠢ ᠣᠶᠢᠷᠠᠳᠬᠤ᠂ ᠭᠦᠨᠵᠡᠭᠡᠶ | ᠪᠠᠶᠢᠴᠠᠭᠠᠬᠤ ᠤᠬᠠᠭᠤᠯᠭ᠎ᠠ ᠶᠢᠨ ᠪᠦᠲᠦᠭᠡᠯ ᠢ ᠵᠣᠬᠢᠶᠠᠨ ᠪᠦᠲᠦᠭᠡᠪᠡ᠃ ︽ᠤᠯᠠᠭᠠᠨᠮᠥ᠋ᠴᠢᠷ︾ ᠢ ︽ᠪᠠᠶᠢᠴᠠᠭᠠᠬᠤ | ᠠᠵᠢᠯ ᠤᠨ ᠬᠥᠬᠡ ᠥᠩᠭᠡ︾ ᠳᠤ ᠠᠭᠤᠰᠬᠠᠵᠤ᠂ ᠪᠠᠶᠢᠴᠠᠭᠠᠬᠤ ᠠᠵᠢᠯ ᠤᠨ ᠨᠡᠶᠢᠲᠡ ᠶᠢᠨ ᠠᠰᠠᠷᠠᠮᠵᠢ ᠶᠢᠨ | ᠵᠠᠷᠭᠤ ᠶᠢᠨ ᠰᠠᠶᠢᠨ ᠲᠠᠭᠤᠨ ᠢ ᠲᠠᠯ᠎ᠠ ᠨᠤᠲᠤᠭ ᠤᠨ ᠭᠦᠨ ᠳᠤ ᠳᠠᠮᠵᠢᠭᠤᠯᠪᠠ᠃ ᠡᠨᠡ ᠬᠦ ᠨᠠᠷᠠᠲᠤ ᠲᠡᠮᠳᠡᠭ ᠤᠨ | ᠪᠠᠶᠢᠭᠤᠯᠤᠯᠲᠠ ᠪᠠᠷ ᠳᠠᠮᠵᠢᠭᠤᠯᠤᠨ᠂ ᠬᠤᠪᠢᠰᠬᠠᠯ ᠤᠨ ᠭᠧᠨ ᠬᠢᠭᠡᠳ ᠬᠠᠤᠯᠢ ᠪᠠᠷ ᠵᠠᠰᠠᠬᠤ ᠰᠣᠶᠣᠯ ᠤᠨ ᠭᠦᠨᠵᠡᠭᠡᠶ | ᠠᠭᠤᠰᠤᠯᠴᠠᠯ ᠨᠢ ᠬᠠᠤᠯᠢ ᠪᠠᠷ ᠵᠠᠰᠠᠬᠤ ᠰᠣᠶᠣᠯ ᠤᠨ ᠨᠠᠷᠠᠲᠤ ᠲᠡᠮᠳᠡᠭ ᠤᠨ ᠥᠷᠭᠡᠨ ᠳᠡᠯᠭᠡᠷ ᠨᠥᠯᠥᠭᠡᠯᠡᠬᠦ ᠬᠦᠴᠦᠨ ᠢ | ᠪᠣᠶ ᠪᠣᠯᠭᠠᠪᠠ᠃ | ᠭᠤᠣᠯ ᠵᠢᠭᠰᠠᠭᠠᠯ ᠤᠨ ᠭᠠᠵᠠᠷ ᠲᠤ ᠣᠷᠣᠬᠤ᠃ ᠰᠢᠯᠢ ᠶᠢᠨ ᠭᠤᠤᠯ ᠠᠶᠢᠮᠠᠭ ᠤᠨ ᠳᠣᠲᠣᠭᠠᠳᠤ ᠶᠢ ᠬᠠᠮᠠᠭᠠᠯᠠᠬᠤ | ᠤᠯᠠᠭᠠᠨᠮᠥ᠋ᠴᠢᠷ ᠤᠨ ᠰᠢᠷᠡᠭᠡ ᠬᠥᠭᠵᠢᠮ ᠤᠨ ᠠᠩᠭᠢ ︽ᠬᠠᠯᠠᠭᠤᠨ ᠴᠢᠰᠤ ᠢᠷᠠᠭᠤ ᠠᠯᠳᠠᠷ︾ ᠭᠡᠬᠦ ᠳᠠᠭᠤᠤ ᠪᠠᠷ | ᠥᠪᠥᠷ ᠮᠣᠩᠭᠤᠯ ᠤᠨ ᠰᠢᠨ᠎ᠡ ᠣᠳᠣᠨ ᠰᠢᠨ᠎ᠡ ᠪᠦᠲᠦᠭᠡᠯ ᠤᠨ ᠲᠣᠭᠯᠠᠯᠲᠠ ᠳᠤ ᠣᠷᠣᠯᠴᠠᠪᠠ᠃ ︽ᠳᠣᠲᠣᠭᠠᠳᠤ ᠶᠢ | ᠬᠠᠮᠠᠭᠠᠯᠠᠬᠤ ᠤᠯᠠᠭᠠᠨᠮᠥ᠋ᠴᠢᠷ +︾ ᠭᠡᠬᠦ ᠬᠠᠤᠯᠢᠵᠢᠯ ᠤᠨ ᠰᠣᠶᠣᠯ ᠤᠨ ᠨᠠᠷᠠᠲᠤ ᠲᠡᠮᠳᠡᠭ ᠨᠢ ᠨᠠᠭᠠᠳᠤᠮ ᠤᠨ ᠶᠡᠭᠡ | ᠬᠤᠷᠠᠯ᠂ ᠳᠠᠭᠤᠤ ᠬᠥᠭᠵᠢᠮ ᠤᠨ ᠨᠠᠶᠢᠷ ᠵᠡᠷᠭᠡ ᠲᠣᠮᠣ ᠬᠡᠯᠪᠡᠷᠢ ᠶᠢᠨ ᠣᠯᠠᠨ ᠲᠦᠮᠡᠨᠴᠢ ᠴᠢᠨᠠᠷᠲᠠᠶ ᠠᠵᠢᠯᠯᠠᠭ᠎ᠠ ᠶᠢ | ᠠᠰᠢᠭᠯᠠᠨ ᠤᠬᠠᠭᠤᠯᠭ᠎ᠠ ᠶᠢᠨ ᠭᠤᠤᠯ ᠵᠢᠭᠰᠠᠭᠠᠯ ᠤᠨ ᠭᠠᠵᠠᠷ ᠲᠤ ᠠᠭᠤᠰᠤᠯᠴᠠᠵᠤ᠂ ᠣᠯᠠᠨ ᠲᠦᠮᠡᠨ ᠳᠤ ᠨᠠᠮ ᠤᠨ | ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠪᠠ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ | ᠤᠬᠠᠭᠤᠯᠤᠨ᠎ᠠ᠃ ᠰᠢᠯᠢ ᠶᠢᠨ ᠭᠤᠣᠯ ᠠᠶᠢᠮᠠᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ︽ | ᠬᠤᠪᠢᠰᠬᠠᠯᠲᠤ ᠬᠠᠤᠯᠢᠵᠢᠯ ᠤᠨ ᠰᠣᠶᠣᠯ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠰᠢᠭᠦᠭᠴᠢ | ᠰᠤᠷᠭᠠᠭᠤᠯᠢ᠂ ᠨᠡᠶᠢᠭᠡᠮ ᠲᠣᠭᠤᠷᠢᠭ ᠲᠤ ᠬᠦᠷᠴᠦ᠂ ᠬᠤᠪᠢᠰᠬᠠᠯᠲᠤ ᠬᠠᠤᠯᠢᠵᠢᠯ ᠤᠨ ᠦᠯᠢᠭᠡᠷ ᠢ ᠶᠠᠷᠢᠵᠤ᠂ | ᠬᠤᠪᠢᠰᠬᠠᠯᠲᠤ ᠬᠠᠤᠯᠢᠵᠢᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠪᠢᠰᠬᠠᠯᠲᠤ ᠤᠳᠤᠮᠰᠢᠯ ᠢ ᠬᠠᠤᠯᠢᠵᠢᠯ ᠤᠨ | ᠬᠥᠮᠦᠵᠢᠯ ᠳᠤ ᠠᠭᠤᠰᠤᠯᠴᠠᠭᠤᠯᠵᠤ᠂ ᠬᠤᠪᠢᠰᠬᠠᠯᠲᠤ ᠬᠠᠤᠯᠢᠵᠢᠯ ᠤᠨ ᠰᠣᠶᠣᠯ ᠢ ᠰᠢᠨ᠎ᠡ ᠴᠠᠭ ᠦᠶ᠎ᠡ ᠳᠤ ᠰᠢᠨ᠎ᠡ | ᠠᠮᠢᠵᠢᠷᠠᠯ ᠤᠨ ᠬᠦᠴᠦᠨ ᠲᠠᠢ ᠪᠣᠯᠭᠠᠪᠠ᠃ | ᠴᠢᠷᠮᠠᠶᠢᠯᠭ᠎ᠠ ᠬᠥᠮᠦᠨ ᠢ ᠭᠤᠮᠣᠳᠠᠭᠠᠬᠤ ᠦᠭᠡᠢ᠃ 2024 ᠣᠨ ᠳᠤ᠂ ᠰᠥᠨᠢᠳ ᠪᠠᠷᠠᠭᠤᠨ ᠬᠤᠰᠢᠭᠤᠨ ᠤ | ᠰᠠᠩᠪᠤᠯᠠᠭ ᠰᠤᠮᠤ ᠶᠢᠨ ᠪᠠᠶᠠᠨ ᠠᠭᠤᠯᠠ ᠭᠠᠴᠠᠭᠠᠨ ᠤ ᠨᠠᠮ ᠤᠨ ᠡᠭᠦᠷ ︽ᠪᠥᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ︾ ᠶᠢᠨ ᠢᠷᠠᠭᠤ ᠠᠯᠳᠠᠷ ᠢ ᠭᠥᠷᠳᠡᠪᠡ᠃ ᠰᠥᠨᠢᠳ ᠪᠠᠷᠠᠭᠤᠨ | ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ︽ᠤᠯᠠᠭᠠᠨ ᠨᠣᠭᠤᠭᠠᠨ ᠬᠥᠬᠡ ᠤᠯᠠ ᠮᠥᠷ︾ ᠨᠠᠷᠠᠲᠤ | ᠲᠡᠮᠳᠡᠭ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ | ᠪᠠᠶᠢᠭᠤᠯᠭ᠎ᠠ ᠶᠢᠨ ᠰᠣᠶᠣᠯ ᠤᠨ ᠨᠠᠷᠠᠲᠤ ᠲᠡᠮᠳᠡᠭ ᠢ ᠰᠣᠩᠭᠤᠵᠤ ᠪᠣᠶ ᠪᠣᠯᠭᠠᠬᠤ ᠦᠵᠡᠭᠦᠯᠦᠯᠭᠡ ᠶᠢᠨ ᠠᠵᠢᠯᠯᠠᠭ᠎ᠠ ︽ | ᠰᠢᠯᠢᠳᠡᠭ ᠰᠣᠶᠣᠯ ᠤᠨ ᠨᠠᠷᠠᠲᠤ ᠲᠡᠮᠳᠡᠭ︾ ᠢᠶᠠᠷ ᠦᠨᠡᠯᠡᠭᠳᠡᠪᠡ᠃ ︽ᠪᠠᠶᠢᠴᠠᠭᠠᠬᠤ + ᠤᠯᠠᠭᠠᠨᠮᠥ᠋ᠴᠢᠷ︾ ᠤᠨ | ᠤᠬᠠᠭᠤᠯᠭ᠎ᠠ ᠶᠢᠨ ᠵᠠᠭᠪᠤᠷ ᠨᠢ 2024 ᠣᠨ ᠤ ᠪᠥᠬᠦ ᠤᠯᠤᠰ ᠤᠨ ᠪᠠᠶᠢᠴᠠᠭᠠᠬᠤ ᠠᠵᠢᠯ ᠤᠨ ᠰᠢᠨ᠎ᠡ | ᠵᠠᠭᠤᠴᠢᠯᠠᠭᠤᠷ ᠤᠨ ᠰᠣᠳᠣᠨ ᠪᠦᠲᠦᠭᠡᠯ ᠢᠶᠠᠷ ᠦᠨᠡᠯᠡᠭᠳᠡᠪᠡ᠃ ᠡᠨᠡᠬᠦ ᠢᠷᠠᠭᠤ ᠠᠯᠳᠠᠷ ᠪᠣᠯ ᠤᠮᠠᠷᠠᠲᠤ ᠬᠢᠯᠢ ᠶᠢᠨ | ᠬᠠᠤᠯᠢᠵᠢᠯ ᠤᠨ ᠰᠣᠶᠣᠯ ᠤᠨ ᠬᠤᠪᠢᠰᠬᠠᠯ ᠤᠨ ᠭᠧᠨ ᠤ ᠡᠨᠡ ᠬᠦ ᠲᠠᠯ᠎ᠠ ᠨᠤᠲᠤᠭ ᠲᠠᠬᠢ ᠦᠨᠡᠨ ᠪᠣᠳᠠᠲᠠᠢ ᠴᠣᠣᠷᠢᠶ᠎ᠠ | ᠪᠣᠯᠤᠨ᠎ᠠ᠃ | ᠣᠯᠠᠨ ᠵᠢᠯ ᠤᠨ ᠲᠤᠷᠰᠢ᠂ ᠰᠢᠯᠢ ᠶᠢᠨ ᠭᠤᠤᠯ ᠠᠶᠢᠮᠠᠭ ᠤᠨ ᠤᠯᠤᠰ ᠲᠥᠷᠥ ᠬᠠᠤᠯᠢ ᠴᠠᠭᠠᠵᠠ ᠶᠢᠨ | ᠰᠢᠰᠲ᠋ᠧᠮ ᠤᠨ ᠬᠢᠨ ᠬᠤᠪᠢᠰᠬᠠᠯ ᠤᠨ ᠤᠳᠤᠮᠰᠢᠯ ᠢᠶᠠᠨ ᠵᠠᠯᠭᠠᠮᠵᠢᠯᠠᠵᠤ᠂ ᠤᠮᠠᠷᠠᠲᠤ ᠬᠢᠯᠢ ᠶᠢᠨ ᠰᠣᠶᠣᠯ ᠢ | ᠪᠠᠳᠠᠷᠠᠭᠤᠯᠤᠨ᠂ ᠬᠤᠪᠢᠰᠬᠠᠯ ᠤᠨ ᠳᠤᠷᠠᠳᠬᠠᠯ ᠢᠶᠠᠷ ᠳᠠᠮᠵᠢᠭᠤᠯᠤᠨ ᠬᠠᠤᠯᠢᠵᠢᠯ ᠤᠨ ᠰᠣᠶᠣᠯ ᠤᠨ ᠤᠬᠠᠭᠤᠯᠭ᠎ᠠ ᠶᠢ | ᠮᠠᠯᠴᠢᠨ ᠲᠠᠷᠢᠶᠠᠴᠢᠨ ᠤ ᠰᠡᠳᠬᠢᠯ ᠳᠤ ᠬᠠᠳᠠᠩᠰᠢᠭᠤᠯᠵᠤ᠂ ᠬᠤᠪᠢᠰᠬᠠᠯ ᠤᠨ ᠬᠠᠤᠯᠢᠵᠢᠯ ᠤᠨ ᠰᠣᠶᠣᠯ ᠤᠨ ᠲᠥᠷᠥᠯ | ᠲᠡᠮᠳᠡᠭ ᠤᠨ ᠵᠢᠭᠰᠠᠭᠠᠯ ᠢ ᠪᠦᠷᠢᠯᠳᠦᠭᠦᠯᠵᠦ᠂ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠬᠤ | ᠳᠠᠬᠢᠨ ᠢᠶᠠᠷ ᠦᠷᠡᠵᠢᠭᠦᠯᠬᠦ ᠦᠢᠯᠡᠳᠦᠯ ᠢ ᠪᠡᠶᠡᠯᠡᠭᠦᠯᠵᠦ᠂ ᠬᠠᠤᠯᠢᠵᠢᠯ ᠤᠨ ᠰᠣᠶᠣᠯ ᠤᠨ ᠨᠥᠯᠥᠭᠡᠯᠡᠬᠦ ᠬᠦᠴᠦᠨ ᠢ | ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠡᠬᠡ ᠤᠯᠤᠰ ᠤᠨ ᠤᠮᠠᠷᠠᠲᠤ ᠬᠢᠯᠢ ᠶᠢᠨ ᠥᠨᠢ ᠤᠳᠠᠭᠠᠨ | ᠠᠮᠤᠷ ᠲᠦᠪᠰᠢᠨ ᠪᠠᠶᠢᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃ |