ᠣᠶᠢᠷ᠎ᠠ ᠳᠤ ᠪᠡᠭᠡᠵᠢᠩ ᠤᠨ ᠳ᠋ᠦᠩ ᠨᠠᠰᠤᠲᠠᠨ ᠭᠠᠷ ᠤᠲᠠᠰᠤᠨ ᠳᠡᠭᠡᠷ᠎ᠡ ᠪᠠᠨ ᠲᠦᠷᠭᠡᠨ ᠬᠦᠷᠭᠡᠯᠲᠡ ᠨᠢ | ᠥᠷᠲᠡᠭᠡᠨ ᠳᠤ ᠢᠷᠡᠭᠰᠡᠨ ᠣᠬᠤᠷ ᠮᠡᠳᠡᠭᠡ ᠶᠢ ᠲᠤᠰᠴᠠᠶ᠃ ᠭᠡᠲᠡᠯ᠎ᠡ ᠲᠡᠷᠡ ᠢᠯᠡᠭᠡᠯᠲᠡ ᠶᠢᠨ ᠨᠣᠮᠧᠷ ᠢᠶᠠᠷ ᠲᠦᠷᠭᠡᠨ | ᠬᠦᠷᠭᠡᠯᠲᠡ ᠪᠠᠨ ᠠᠪᠴᠤ ᠳᠡᠶᠢᠯᠬᠦ ᠦᠭᠡᠢ ᠪᠣᠯᠬᠤᠷ ᠣᠬᠤᠷ ᠮᠡᠳᠡᠭᠡ ᠳᠡᠭᠡᠷ᠎ᠡ ᠦᠯᠡᠳᠡᠭᠡᠭᠰᠡᠨ ᠤᠲᠠᠰᠤᠨ ᠨᠣᠮᠧᠷ ᠢᠶᠠᠷ | ᠬᠠᠷᠢᠴᠠᠵᠤ ᠠᠰᠠᠭᠤᠵᠠᠢ᠃ | ᠤᠲᠠᠰᠤ ᠨᠡᠪᠲᠡᠷᠡᠭᠰᠡᠨ ᠤ ᠳᠠᠷᠠᠭ᠎ᠠ ᠨᠥᠭᠦᠭᠡ ᠡᠲᠡᠭᠡᠳ ᠨᠢ ᠲᠦᠷᠭᠡᠨ ᠬᠦᠷᠭᠡᠯᠲᠡ ᠶᠢᠨ ᠲᠤᠬᠠᠢ ᠭᠠᠭᠴᠠ ᠦᠭᠡ | ᠴᠦ ᠳᠤᠷᠠᠳᠤᠭᠰᠠᠨ ᠦᠭᠡᠢ ᠪᠠᠶᠢᠵᠤ᠂ ᠬᠠᠷᠢᠨ ᠳ᠋ᠦᠩ ᠨᠠᠰᠤᠲᠠᠨ ᠳᠤ᠄ ︽ᠲᠠ ᠵᠠᠭᠤᠨ ᠲᠦᠮᠡᠨ ᠲᠥᠭᠦᠷᠢᠭ ᠤᠨ | ᠪᠠᠲᠤᠯᠠᠭ᠎ᠠ ᠶᠢ ᠠᠪᠤᠭᠰᠠᠨ ᠪᠠᠶᠢᠵᠤ᠂ ᠰᠠᠷ᠎ᠠ ᠪᠦᠷᠢ 800 ᠲᠥᠭᠦᠷᠢᠭ ᠤᠨ ᠰᠦᠢᠳᠬᠡᠯ ᠰᠠᠭᠤᠯᠭᠠᠨ ᠠᠪᠬᠤ ᠬᠡᠷᠡᠭᠲᠡᠢ | ᠪᠣᠯᠵᠠᠢ︾ ᠭᠡᠵᠦ ᠮᠡᠳᠡᠭᠳᠡᠵᠡᠢ᠃ ᠳ᠋ᠦᠩ ᠨᠠᠰᠤᠲᠠᠨ ᠵᠣᠭᠤᠰ ᠰᠠᠭᠤᠯᠭᠠᠵᠤ ᠠᠪᠬᠤ ᠭᠡᠰᠡᠨ ᠢ ᠰᠣᠨᠣᠰᠤᠮᠠᠭᠴᠠ | ᠶᠠᠭᠠᠷᠠᠨ ᠥᠪᠡᠷ ᠢ ᠪᠠᠨ ᠨᠡᠭᠡᠭᠡᠭᠡ ᠦᠭᠡᠢ ᠭᠡᠵᠦ ᠶᠠᠷᠢᠪᠠ᠃ ︽ᠲᠠ ᠵᠣᠭᠤᠰ ᠢᠶᠠᠨ ᠬᠠᠰᠤᠭᠤᠯᠬᠤ ᠦᠭᠡᠢ ᠭᠡᠪᠡᠯ | ᠮᠠᠨ ᠤ ᠦᠢᠯᠡᠴᠢᠯᠡᠭᠡᠨ ᠤ ᠵᠥᠭᠡᠯᠡᠨ ᠲᠣᠨᠤᠭ ᠢ ᠪᠠᠭᠤᠯᠭᠠᠨ ᠠᠪᠴᠤ ᠦᠢᠯᠡᠴᠢᠯᠡᠭᠡ ᠶᠢ ᠬᠠᠭᠠᠵᠤ ᠪᠣᠯᠣᠨ᠎ᠠ︾ | ᠭᠡᠬᠦ ᠳᠤ᠂ ᠳ᠋ᠦᠩ ᠨᠠᠰᠤᠲᠠᠨ ᠵᠥᠪᠰᠢᠶᠡᠷᠡᠵᠦ ︽ᠦᠢᠯᠡᠴᠢᠯᠡᠭᠡᠨ︾ ᠤ ᠵᠢᠯᠣᠭᠤᠳᠤᠯᠭ᠎ᠠ ᠳᠣᠣᠷ᠎ᠠ ︽ | ᠦᠢᠯᠡᠴᠢᠯᠡᠭᠡᠨ ᠤ ᠵᠥᠭᠡᠯᠡᠨ ᠲᠣᠨᠤᠭ︾ ᠢ ᠪᠠᠭᠤᠯᠭᠠᠨ ᠠᠪᠴᠤ ᠵᠠᠭᠤᠨ ᠲᠦᠮᠡᠨ ᠪᠠᠲᠤᠯᠠᠭ᠎ᠠ ᠶᠢᠨ ᠦᠢᠯᠡᠴᠢᠯᠡᠭᠡ | ᠭᠡᠳᠡᠭ ᠢ ᠬᠦᠴᠦᠨ ᠦᠭᠡᠢ ᠪᠣᠯᠭᠠᠬᠤ ᠪᠠᠷ ᠠᠵᠢᠯᠯᠠᠭᠤᠯᠵᠠᠢ᠃ ᠭᠡᠲᠡᠯ᠎ᠡ ᠡᠭᠦᠨ ᠤ ᠳ᠋ᠦᠩ ᠳᠤ ᠪᠠᠩᠬᠢ ᠶᠢᠨ ᠺᠠᠷᠲ ᠤᠨ | ᠬᠠᠳᠠᠭᠠᠯᠠᠮᠵᠢ ᠶᠢᠨ ᠵᠣᠭᠤᠰ ᠨᠢ ᠠᠯᠠᠭ᠎ᠠ ᠪᠣᠯᠣᠭᠰᠠᠨ ᠪᠠᠶᠢᠨ᠎ᠠ᠃ | ᠰᠢᠤᠸᠠᠢ ᠠᠪᠤᠭᠠᠢ ᠳᠤ ᠪᠠᠰᠠ ᠳ᠋ᠦᠩ ᠨᠠᠰᠤᠲᠠᠨ ᠲᠠᠢ ᠠᠳᠠᠯᠢᠪᠲᠤᠷ ᠤᠴᠠᠷᠠᠯ ᠲᠣᠬᠢᠶᠠᠯᠳᠤᠵᠤ ︽ᠨᠢᠭᠡ ᠬᠤᠪᠢ | ᠲᠦᠷᠭᠡᠨ ᠬᠦᠷᠭᠡᠯᠲᠡ ᠪᠠᠨ ᠠᠪᠬᠤ ᠶᠢ ᠰᠠᠨᠠᠭᠤᠯᠤᠭᠰᠠᠨ ᠣᠬᠤᠷ ᠮᠡᠳᠡᠭᠡ︾ ᠶᠢ ᠲᠤᠰᠴᠠᠶ᠃ ᠲᠦᠷᠭᠡᠨ | ᠬᠦᠷᠭᠡᠯᠲᠡ ᠶᠢ ᠡᠷᠢᠵᠦ ᠣᠯᠣᠭᠰᠠᠨ ᠦᠭᠡᠢ ᠰᠢᠤᠸᠠᠢ ᠠᠪᠤᠭᠠᠢ ᠣᠬᠤᠷ ᠴᠢᠮᠡᠭᠡ ᠳᠤ ᠦᠯᠡᠳᠡᠭᠡᠭᠰᠡᠨ ᠤᠲᠠᠰᠤ ᠪᠠᠷ | ᠤᠲᠠᠰᠤᠳᠠᠬᠤ ᠳᠤ ᠡᠰᠡᠷᠭᠦ ᠡᠲᠡᠭᠡᠳ ᠤᠨ ᠬᠡᠯᠡᠬᠦ ᠪᠠᠷ ᠲᠦᠷᠭᠡᠨ ᠬᠦᠷᠭᠡᠯᠲᠡ ᠪᠠᠶᠢᠬᠤ ᠦᠭᠡᠢ᠂ ᠬᠠᠷᠢᠨ ᠰᠢᠤᠸᠠᠢ | ᠠᠪᠤᠭᠠᠢ ᠪᠤᠷᠤᠭᠤ ᠠᠵᠢᠯᠯᠠᠭᠤᠯᠤᠭᠠᠳ ᠳᠠᠭᠠᠳᠬᠠᠯ ᠬᠤᠳᠠᠯᠳᠤᠨ ᠠᠪᠤᠭᠰᠠᠨ ᠤ ᠬᠠᠷᠠᠭ᠎ᠠ ᠪᠠᠷ 7000 | ᠲᠥᠭᠦᠷᠢᠭ ᠤᠨ ᠵᠠᠷᠤᠳᠠᠯ ᠢ ᠠᠶᠠᠨᠳᠠᠭᠠᠨ ᠰᠠᠭᠤᠯᠭᠠᠨ ᠠᠪᠬᠤ ᠪᠠᠷ ᠪᠠᠶᠢᠨ᠎ᠠ ᠭᠡᠵᠡᠢ᠃ ᠰᠢᠤᠸᠠᠢ ᠠᠪᠤᠭᠠᠢ | ᠦᠢᠯᠡᠴᠢᠯᠡᠭᠡ ᠪᠠᠨ ᠬᠦᠴᠦᠨ ᠦᠭᠡᠢ ᠪᠣᠯᠭᠠᠬᠤ ᠪᠠᠷ ᠶᠠᠭᠠᠷᠠᠵᠤ᠂ ᠨᠥᠭᠦᠭᠡ ᠡᠲᠡᠭᠡᠳ ᠤᠨ ᠦᠭᠡ ᠪᠠᠷ ᠪᠠᠩᠬᠢ ᠶᠢᠨ | ᠺᠠᠷᠲ ᠤᠨ ᠨᠣᠮᠧᠷ᠂ ᠪᠡᠶ᠎ᠡ ᠶᠢᠨ ᠦᠨᠡᠮᠯᠡᠯ ᠤᠨ ᠨᠣᠮᠧᠷ᠂ ᠨᠢᠭᠤᠴᠠ ᠨᠣᠮᠧᠷ ᠵᠡᠷᠭᠡ ᠮᠡᠳᠡᠭᠡ ᠵᠠᠩᠭᠢ ᠶᠢ ᠨᠥᠭᠦᠭᠡ | ᠡᠲᠡᠭᠡᠳ ᠲᠡᠭᠡᠨ ᠬᠠᠩᠭᠠᠵᠤ ᠥᠭᠭᠦᠭᠰᠡᠨ ᠪᠥᠭᠡᠳ ᠨᠢᠭᠤᠷ ᠢᠶᠠᠨ ᠦᠵᠡᠭᠦᠯᠦᠨ ᠰᠢᠯᠭᠠᠨ ᠪᠠᠲᠤᠯᠠᠬᠤ ᠺᠣᠳ᠋ ᠬᠠᠩᠭᠠᠬᠤ | ᠵᠡᠷᠭᠡ ᠭᠡᠷᠡᠴᠢᠯᠡᠯ ᠤᠨ ᠠᠵᠢᠯᠯᠠᠭ᠎ᠠ ᠶᠢ ᠥᠩᠭᠡᠷᠡᠭᠡᠵᠦ ᠳᠠᠭᠤᠰᠤᠭᠠᠳ ᠥᠪᠡᠷ ᠤᠨ ᠢᠶᠠᠨ ᠪᠠᠩᠬᠢ ᠶᠢᠨ ᠺᠠᠷᠲ ᠲᠠᠬᠢ | 17 ᠲᠦᠮᠡᠨ ᠲᠥᠭᠦᠷᠢᠭ ᠵᠣᠭᠤᠰ ᠢᠶᠠᠨ ᠬᠤᠯᠠᠭᠠᠶᠢᠯᠠᠭᠳᠠᠭᠰᠠᠨ ᠢ ᠣᠯᠵᠤ ᠮᠠᠲᠠᠵᠠᠢ᠃ | | | | ᠮᠡᠬᠡᠯᠡᠭᠴᠢ ᠶᠢᠨ ᠥᠪᠡᠷ ᠢᠶᠠᠨ ᠦᠢᠯᠡᠳᠦᠭᠰᠡᠨ ᠮᠡᠬᠡᠯᠡᠯ ᠤᠨ ᠵᠥᠭᠡᠯᠡᠨ ᠲᠣᠨᠤᠭ | ᠡᠭᠦᠨ ᠢ ᠦᠵᠡᠭᠡᠳ ᠲᠠ ᠳ᠋ᠦᠩ ᠨᠠᠰᠤᠲᠠᠨ ᠪᠣᠯᠣᠨ ᠰᠢᠤᠸᠠᠢ ᠠᠪᠤᠭᠠᠢ ᠳᠤ ᠲᠣᠬᠢᠶᠠᠯᠳᠤᠭᠰᠠᠨ ᠨᠢ | ᠦᠨᠡᠨ ᠳᠡᠭᠡᠨ ︽ᠵᠠᠭᠤᠨ ᠲᠦᠮᠡᠨ ᠲᠥᠭᠦᠷᠢᠭ ᠤᠨ ᠪᠠᠲᠤᠯᠠᠭ᠎ᠠ︾ ᠶᠢᠨ ᠬᠠᠭᠤᠴᠢᠨ ᠮᠡᠬᠡᠯᠡᠯ ᠨᠢ ︽ᠲᠦᠷᠭᠡᠨ | ᠬᠦᠷᠭᠡᠯᠲᠡ ᠭᠠᠷᠭᠠᠨ ᠠᠪᠬᠤ ᠣᠬᠤᠷ ᠮᠡᠳᠡᠭᠡ︾ ᠶᠢᠨ ᠰᠢᠨ᠎ᠡ ᠬᠡᠯᠪᠡᠷᠢ ᠶᠢ ᠨᠡᠮᠡᠭᠰᠡᠨ ᠭᠡᠳᠡᠭ ᠢ ᠮᠡᠳᠡᠭᠰᠡᠨ ᠪᠠᠶᠢᠬ᠎ᠠ | ᠭᠡᠵᠦ ᠢᠲᠡᠭᠡᠵᠦ ᠪᠠᠶᠢᠨ᠎ᠠ᠃ ᠡᠶᠢᠮᠦᠷᠬᠦ ᠬᠡᠷᠡᠭ ᠬᠢᠬᠦ ᠠᠷᠭ᠎ᠠ ᠪᠠᠷᠢᠯ ᠪᠣᠯ ᠣᠶᠢᠷ᠎ᠠ ᠶᠢᠨ ᠬᠤᠭᠤᠴᠠᠭᠠᠨ ᠤ ᠴᠠᠬᠢᠯᠭᠠᠨ | ᠰᠦᠯᠵᠢᠶᠡᠨ ᠮᠡᠬᠡᠯᠡᠯ ᠤᠨ ᠰᠢᠨ᠎ᠡ ᠬᠤᠪᠢᠯᠪᠤᠷᠢ ᠪᠠᠶᠢᠵᠤ᠂ ᠮᠡᠬᠡᠯᠡᠭᠴᠢ ᠲᠦᠷᠭᠡᠨ ᠬᠦᠷᠭᠡᠯᠲᠡ ᠶᠢᠨ ᠣᠬᠤᠷ | ᠮᠡᠳᠡᠭᠡ ᠪᠠᠷ ᠭᠠᠷᠳᠠᠨ ᠬᠢᠬᠦ ᠴᠡᠭ ᠪᠣᠯᠭᠠᠵᠤ ᠬᠡᠷᠡᠭ ᠤᠨ ᠡᠵᠡᠨ ᠢ ᠥᠳᠥᠭᠡᠵᠦ ᠪᠠᠶᠢᠭᠠᠳ ᠮᠡᠬᠡᠯᠡᠯ ᠳᠤ | ᠬᠤᠯᠪᠣᠭᠳᠠᠭᠰᠠᠨ ᠤᠲᠠᠰᠤ ᠪᠠᠷ ᠰᠠᠨᠠᠭᠠᠴᠢᠯᠠᠭ᠎ᠠ ᠠᠴᠠ ᠪᠠᠨ ᠬᠠᠷᠢᠯᠴᠠᠭᠤᠯᠤᠭᠰᠠᠨ ᠤ ᠳᠠᠷᠠᠭ᠎ᠠ ︽ᠵᠠᠭᠤᠨ ᠲᠦᠮᠡᠨ | ᠲᠥᠭᠦᠷᠢᠭ ᠤᠨ ᠪᠠᠲᠤᠯᠠᠭ᠎ᠠ︾ ︽ᠳᠠᠭᠠᠳᠬᠠᠯ ᠤᠨ ᠵᠠᠷᠤᠳᠠᠯ ᠢ ᠦᠷᠭᠦᠯᠵᠢᠯᠡᠭᠦᠯᠬᠦ︾ ᠵᠡᠷᠭᠡ ᠬᠤᠳᠠᠯ ᠦᠭᠡ | ᠵᠣᠬᠢᠶᠠᠵᠤ᠂ ᠬᠡᠷᠡᠭ ᠤᠨ ᠡᠵᠡᠨ ᠢᠶᠠᠷ ᠰᠦᠯᠵᠢᠶᠡᠨ ᠤ ᠴᠥᠷᠬᠡᠯᠡᠭᠡ ᠶᠢ ᠲᠣᠪᠴᠢᠳᠠᠨ ᠳᠡᠯᠭᠡᠴᠡ ᠶᠢ ᠪᠠᠭᠤᠯᠭᠠᠨ | ᠠᠪᠤᠭᠤᠯᠵᠤ App ᠶᠢ ᠬᠠᠮᠲᠤ ᠪᠠᠷ ᠡᠳ᠋ᠯᠡᠭᠦᠯᠦᠭᠡᠳ ᠡᠴᠦᠰ ᠲᠡᠭᠡᠨ ᠮᠡᠬᠡᠯᠡᠨ ᠬᠤᠯᠠᠭᠠᠶᠢᠯᠠᠬᠤ ᠵᠣᠷᠢᠯᠭ᠎ᠠ ᠳᠠᠭᠠᠨ | ᠭᠦᠷᠦᠭᠰᠡᠨ ᠶᠠᠪᠤᠳᠠᠯ ᠪᠣᠯᠣᠨ᠎ᠠ᠃ ᠳᠣᠣᠷᠠᠬᠢ ᠪᠣᠯ ᠮᠡᠬᠡᠯᠡᠭᠴᠢ ᠠᠴᠠ ᠬᠡᠷᠡᠭ ᠤᠨ ᠡᠵᠡᠨ ᠢ ᠥᠳᠥᠭᠡᠨ ᠪᠠᠭᠤᠯᠭᠠᠵᠤ | ᠠᠪᠤᠭᠤᠯᠬᠤ ᠵᠠᠷᠢᠮ ᠠᠯᠤᠰ ᠠᠴᠠ ᠡᠵᠡᠮᠳᠡᠬᠦ App ᠪᠣᠯᠣᠨ᠎ᠠ᠃ ᠡᠭᠦᠨ ᠢ ᠪᠠᠭᠤᠯᠭᠠᠭᠰᠠᠭᠠᠷ ᠭᠠᠷ ᠤᠲᠠᠰᠤᠨ ᠤ | ᠳᠠᠩᠰᠠᠨ ᠡᠷᠦᠬᠡ ᠳᠤ ᠪᠠᠶᠢᠭ᠎ᠠ ᠵᠣᠭᠤᠰ ᠢ ᠴᠢᠨᠢ ᠬᠤᠭᠤᠰᠣᠷᠠᠲᠠᠯ᠎ᠠ ᠬᠤᠯᠠᠭᠠᠶᠢᠯᠠᠨ ᠮᠡᠬᠡᠯᠡᠴᠢᠬᠡᠨᠡ ᠰᠢᠦ᠃ | ᠣᠯᠠᠨ ᠢᠶᠠᠷ ᠢᠶᠠᠨ ᠪᠢᠲᠡᠭᠡᠢ ᠪᠠᠭᠤᠯᠭᠠᠭᠠᠷᠠᠢ︕ | | | | ᠡᠨᠡ ᠶᠠᠩᠵᠤ ᠶᠢᠨ ᠮᠡᠬᠡᠯᠡᠯ ᠳᠤ ᠮᠡᠬᠡᠯᠡᠭᠳᠡᠭᠰᠡᠳ ᠤᠨ ᠣᠯᠠᠩᠬᠢ ᠨᠢ ᠵᠢᠷᠠ ᠳᠠᠯᠠᠨ ᠨᠠᠰᠤᠨ ᠤ ᠨᠠᠰᠤᠲᠠᠶᠢᠴᠤᠳ | ᠪᠣᠯᠬᠤ ᠶᠢ ᠣᠨᠴᠠᠭᠠᠶᠢᠯᠠᠨ ᠠᠩᠬᠠᠷᠬᠤ ᠴᠢᠬᠤᠯᠠᠲᠠᠢ᠃ ᠮᠠᠰᠢ ᠣᠯᠠᠨ ᠨᠠᠰᠤᠲᠠᠶᠢᠴᠤᠳ ᠮᠥᠩᠭᠦ ᠰᠠᠭᠤᠯᠭᠠᠨ | ᠠᠪᠬᠤ ᠶᠢ ᠰᠣᠨᠣᠰᠤᠮᠠᠭᠴᠠ ᠰᠠᠨᠳᠤᠷᠴᠤ᠂ ᠮᠥᠩᠭᠦ ᠰᠠᠭᠤᠯᠭᠠᠨ ᠠᠪᠬᠤ ᠶᠢ ᠵᠣᠭᠰᠣᠭᠠᠬᠤ ᠶᠢ ᠯᠡ ᠪᠣᠳᠣᠭᠠᠳ | ᠮᠡᠬᠡᠯᠡᠭᠴᠢ ᠶᠢᠨ ᠦᠭᠡ ᠶᠢ ᠰᠣᠨᠣᠰᠴᠤ᠂ ᠴᠢᠨᠠᠭᠰᠢᠯᠠᠪᠠᠯ ᠲᠦᠷᠭᠡᠨ ᠬᠦᠷᠭᠡᠯᠲᠡ ᠶᠢ ᠠᠪᠬᠤ ᠪᠠ ᠵᠠᠭᠤᠨ ᠲᠦᠮᠡᠨ | ᠲᠥᠭᠦᠷᠢᠭ ᠤᠨ ᠪᠠᠲᠤᠯᠠᠭ᠎ᠠ ᠶᠢᠨ ᠮᠥᠩᠭᠦ ᠶᠢ ᠰᠠᠭᠤᠯᠭᠠᠨ ᠠᠪᠬᠤ ᠲᠠᠢ ᠶᠠᠮᠠᠷ ᠬᠤᠯᠪᠣᠭ᠎ᠠ ᠲᠠᠢ ᠪᠣᠶ ᠭᠡᠳᠡᠭ ᠢ | ᠪᠣᠳᠣᠯᠬᠢᠯᠠᠬᠤ ᠵᠠᠪ ᠦᠭᠡᠢ ᠪᠠᠶᠢᠳᠠᠭ᠃ | ᠴᠠᠭᠳᠠᠭᠠᠨ ᠤ ᠲᠠᠯ᠎ᠠ ᠶᠢᠨ ᠬᠢᠨ ᠤ ᠰᠠᠨᠠᠭᠤᠯᠤᠮᠵᠢ᠄ ᠨᠢᠭᠡᠨ ᠣᠬᠤᠷ ᠮᠡᠳᠡᠭᠡ ᠶᠢ ᠬᠦᠯᠢᠶᠡᠨ ᠠᠪᠬᠤ ᠦᠶ᠎ᠡ ᠳᠤ | ᠴᠠᠭ ᠲᠤᠬᠠᠢ ᠳᠤᠨᠢ ᠵᠢᠩᠬᠢᠨᠢ ᠠᠷᠭ᠎ᠠ ᠵᠠᠮ ᠢᠶᠠᠷ ᠳᠠᠮᠵᠢᠭᠤᠯᠤᠨ ᠪᠠᠷᠠᠭ᠎ᠠ ᠬᠤᠳᠠᠯᠳᠤᠨ ᠠᠪᠤᠭᠰᠠᠨ ᠪᠠᠶᠢᠳᠠᠯ ᠪᠠᠶᠢᠬᠤ | ᠡᠰᠡᠬᠦ ᠶᠢ ᠬᠢᠨᠠᠨ ᠮᠠᠭᠠᠳᠯᠠᠬᠤ ᠬᠡᠷᠡᠭᠲᠡᠢ᠃ ᠵᠢᠩᠬᠢᠨᠢ ᠲᠦᠷᠭᠡᠨ ᠬᠦᠷᠭᠡᠯᠲᠡ ᠨᠢ ᠶᠠᠮᠠᠷᠪᠠ ︽ᠵᠠᠭᠤᠨ ᠲᠦᠮᠡᠨ | ᠲᠥᠭᠦᠷᠢᠭ ᠤᠨ ᠪᠠᠲᠤᠯᠠᠭ᠎ᠠ︾ ︽ᠳᠠᠭᠠᠳᠬᠠᠯ ᠤᠨ ᠵᠠᠷᠤᠳᠠᠯ ᠢ ᠦᠷᠭᠦᠯᠵᠢᠯᠡᠭᠦᠯᠬᠦ︾ ᠵᠡᠷᠭᠡ ᠠᠵᠢᠯᠯᠠᠭᠠᠨ ᠤ | ᠦᠢᠯᠡᠴᠢᠯᠡᠭᠡ ᠶᠢ ᠬᠠᠩᠭᠠᠳᠠᠭ ᠦᠭᠡᠢ᠃ ᠰᠦᠢᠳᠬᠡᠯ ᠰᠠᠭᠤᠯᠭᠠᠨ ᠠᠪᠬᠤ ᠵᠦᠢᠯᠡᠰ ᠢ ᠬᠦᠴᠦᠨ ᠦᠭᠡᠢ ᠪᠣᠯᠭᠠᠬᠤ | ᠬᠡᠷᠡᠭᠲᠡᠢ ᠭᠡᠵᠦ ᠪᠠᠶᠢᠭ᠎ᠠ ᠪᠤᠶ ᠪᠦᠬᠦᠢ ᠵᠦᠢᠯ ᠪᠣᠯ ᠴᠥᠮ ᠮᠡᠬᠡᠯᠡᠯ ᠮᠥᠨ᠂ ᠲᠣᠳᠣᠷᠬᠠᠢ ᠪᠤᠰᠤ ᠰᠦᠯᠵᠢᠶᠡᠨ ᠤ | ᠴᠥᠷᠬᠡᠯᠡᠭᠡ ᠶᠢ ᠳᠠᠷᠤᠵᠤ ᠠᠯᠪᠠᠨ ᠤ ᠪᠤᠰᠤ App ᠶᠢ ᠪᠠᠭᠤᠯᠭᠠᠨ ᠠᠪᠬᠤ ᠪᠠᠷ ᠱᠠᠭᠠᠷᠳᠠᠵᠤ ᠪᠠᠶᠢᠭ᠎ᠠ ᠵᠦᠢᠯ ᠪᠣᠯ | ᠴᠥᠮ ᠮᠡᠬᠡᠯᠡᠯ ᠮᠥᠨ᠃ | |