5 ᠰᠠᠷ᠎ᠠ ᠶᠢᠨ 6 ᠤ ᠡᠳᠦᠷ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠮᠣᠩᠭᠤᠯ ᠦᠨᠳᠦᠰᠦᠲᠡᠨ ᠤ | ᠰᠤᠷᠭᠠᠭᠤᠯᠢ ᠶᠢᠨ ᠠᠩᠬ᠎ᠠ ᠳᠤᠮᠳᠠᠳᠤ ᠶᠢᠨ ᠨᠢᠭᠡᠳᠦᠭᠡᠷ ᠤᠨ ᠤ ᠭᠤᠷᠪᠠᠳᠤᠭᠠᠷ ᠠᠩᠭᠢ ᠳᠤ᠂ ᠬᠡᠯᠡ ᠪᠢᠴᠢᠭ ᠤᠨ | ᠪᠠᠭᠰᠢ ᠪᠦᠦ ᠶᠢᠩ ᠵᠢᠶᠧ ᠰᠤᠷᠤᠭᠴᠢᠳ ᠲᠤ ︽ᠠᠯᠲᠠᠨ ᠰᠢᠷᠭᠠᠯ ᠴᠡᠴᠡᠭ︾ ᠭᠡᠬᠦ ᠬᠢᠴᠢᠶᠡᠯ ᠤᠨ ᠠᠭᠤᠯᠭ᠎ᠠ ᠶᠢ | ᠲᠠᠶᠢᠯᠪᠤᠷᠢᠯᠠᠨ ᠥᠭᠴᠦ ᠪᠠᠶᠢᠯ᠎ᠠ᠃ ᠪᠠᠭᠰᠢ ᠨᠢ ᠠᠰᠠᠭᠤᠯᠲᠠ ᠠᠰᠠᠭᠤᠬᠤ ᠳᠤ ᠣᠯᠠᠨ ᠢᠶᠠᠷ ᠢᠶᠠᠨ ᠭᠠᠷ ᠡᠷᠭᠦᠨ | ᠪᠤᠯᠢᠶᠠᠯᠳᠤᠨ ᠬᠠᠷᠢᠭᠤᠯᠵᠤ᠂ ᠬᠢᠴᠢᠶᠡᠯ ᠤᠨ ᠲᠢᠩᠬᠢᠮ ᠤᠨ ᠠᠭᠤᠷ ᠠᠮᠢᠰᠬᠤᠯ ᠮᠠᠰᠢ ᠬᠥᠷ ᠬᠥᠭᠵᠢᠶᠡᠨ ᠲᠠᠢ ᠪᠠᠶᠢᠯ᠎ᠠ᠃ | | ︽ᠲᠦᠷᠦᠭᠦᠬᠡᠨ᠂ ᠮᠠᠨ ᠤ ᠰᠤᠷᠭᠠᠭᠤᠯᠢ ᠨᠠᠷᠠᠲᠤ ᠪᠠᠭᠰᠢ ᠶᠢᠨ ᠭᠤᠤᠯᠯᠠᠭᠴᠢ ᠬᠦᠴᠦᠨ᠂ ᠨᠡᠷ᠎ᠡ ᠬᠦᠨᠳᠦᠲᠦ | ᠵᠢᠭᠠᠨ ᠰᠤᠳᠤᠯᠤᠭᠴᠢ ᠶᠢ ᠤᠷᠢᠵᠤ ᠨᠠᠷᠢᠨ ᠣᠨᠣᠪᠴᠢᠲᠠᠶ ᠵᠢᠭᠠᠨ ᠰᠤᠷᠭᠠᠯᠲᠠ ᠶᠢᠨ ᠵᠢᠯᠣᠭᠤᠳᠬᠤ ᠠᠵᠢᠯᠯᠠᠭ᠎ᠠ | ᠥᠷᠨᠢᠭᠦᠯᠪᠡ᠂ ᠡᠨᠡ ᠨᠢ ᠨᠠᠳᠠᠳᠤ ᠬᠡᠯᠡ ᠪᠢᠴᠢᠭ ᠤᠨ ᠵᠢᠭᠠᠨ ᠰᠤᠷᠭᠠᠯᠲᠠ᠂ ᠳᠠᠰᠬᠠᠯ ᠤᠨ ᠵᠢᠷᠤᠭ ᠲᠥᠯᠥᠪᠯᠡᠭᠡ | ᠵᠢᠴᠢ ᠰᠤᠷᠤᠭᠴᠢᠳ ᠤᠨ ᠰᠤᠷᠤᠯᠴᠠᠬᠤ ᠢᠳᠡᠪᠬᠢᠵᠢᠯ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠮᠠᠰᠢ ᠶᠡᠭᠡ | ᠳᠡᠭᠡᠭᠰᠢᠯᠡᠯᠲᠡ ᠲᠠᠢ ᠪᠣᠯᠭᠠᠵᠠᠶ᠃ ᠵᠢᠭᠠᠨ ᠰᠤᠷᠭᠠᠯᠲᠠ ᠶᠢᠨ ᠶᠠᠪᠤᠴᠠ ᠳᠤ᠂ ᠪᠢ ᠰᠤᠷᠤᠭᠴᠢᠳ ᠤᠨ ᠤᠯᠤᠰ ᠤᠨ | ᠬᠡᠯᠡ ᠤ ᠬᠡᠷᠡᠭᠯᠡᠭᠡᠨ ᠤ ᠴᠢᠳᠠᠪᠤᠷᠢ ᠪᠠ ᠰᠡᠳᠬᠢᠬᠦᠢ ᠶᠢᠨ ᠴᠢᠳᠠᠪᠤᠷᠢ ᠶᠢ ᠬᠥᠮᠦᠵᠢᠭᠦᠯᠬᠦ ᠶᠢ ᠨᠡᠩ ᠴᠢᠬᠤᠯᠠᠴᠢᠯᠠᠵᠤ᠂ | ᠲᠡᠳᠡᠨ ᠤ ᠪᠡᠶ᠎ᠡ ᠪᠠᠨ ᠳᠠᠭᠠᠭᠠᠵᠤ ᠰᠤᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠪᠡ᠃ ᠣᠳᠣᠬᠠᠨ ᠳᠤ᠂ | ᠬᠢᠴᠢᠶᠡᠯ ᠤᠨ ᠲᠢᠩᠬᠢᠮ ᠤᠨ ᠠᠭᠤᠷ ᠠᠮᠢᠰᠬᠤᠯ ᠤᠯᠠᠮ ᠬᠥᠭᠵᠢᠶᠡᠨ ᠲᠠᠢ ᠪᠣᠯᠵᠣ᠂ ᠵᠢᠭᠠᠨ ᠰᠤᠷᠭᠠᠯᠲᠠ ᠶᠢᠨ ᠦᠷ᠎ᠡ | ᠪᠦᠲᠦᠮᠵᠢ ᠢᠯᠡᠳᠲᠡ ᠳᠡᠭᠡᠭᠰᠢᠯᠡᠪᠡ ᠭᠡᠵᠦ ᠪᠦᠦ ᠶᠢᠩ ᠵᠢᠶᠧ ᠬᠡᠯᠡᠪᠡ᠃ | ᠤᠯᠤᠰ ᠤᠨ ᠨᠡᠶᠢᠳᠡᠮ ᠬᠡᠷᠡᠭᠯᠡᠬᠦ ᠬᠡᠯᠡᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠤᠯᠠᠮ | ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠳ᠋ᠦᠩᠱᠧᠩ ᠲᠣᠭᠤᠷᠢᠭ ᠤᠨ ᠮᠣᠩᠭᠤᠯ ᠦᠨᠳᠦᠰᠦᠲᠡᠨ ᠤ | ᠰᠤᠷᠭᠠᠭᠤᠯᠢ ᠨᠢ ᠨᠠᠷᠠᠲᠤ ᠪᠠᠭᠰᠢ ᠶᠢᠨ ᠭᠤᠤᠯᠯᠠᠭᠴᠢ ᠬᠦᠴᠦᠨ᠂ ᠵᠢᠭᠠᠨ ᠰᠤᠳᠤᠯᠤᠭᠴᠢ ᠶᠢ ᠲᠣᠭᠲᠠᠮᠠᠯ | ᠬᠤᠭᠤᠴᠠᠭ᠎ᠠ ᠲᠠᠢ ᠪᠠᠷ ᠤᠷᠢᠵᠤ ᠵᠢᠭᠠᠨ ᠰᠤᠷᠭᠠᠯᠲᠠ ᠶᠢᠨ ᠵᠢᠯᠣᠭᠤᠳᠣᠯᠭ᠎ᠠ ᠶᠢᠨ ᠠᠵᠢᠯᠯᠠᠭ᠎ᠠ ᠥᠷᠨᠢᠭᠦᠯᠵᠦ᠂ ᠵᠢᠭᠠᠨ | ᠰᠤᠷᠭᠠᠯᠲᠠ ᠶᠢᠨ ᠰᠤᠳᠤᠯᠤᠨ ᠶᠠᠷᠢᠯᠴᠠᠬᠤ ᠵᠢᠴᠢ ᠬᠠᠮᠲᠤ ᠪᠠᠷ ᠬᠢᠴᠢᠶᠡᠯ ᠪᠡᠯᠡᠳᠬᠡᠬᠦ᠂ ᠬᠢᠴᠢᠶᠡᠯ ᠰᠣᠨᠣᠰᠬᠤ᠂ | ᠬᠢᠴᠢᠶᠡᠯ ᠦᠨᠡᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ | ᠬᠡᠯᠡᠨ ᠤ ᠵᠢᠭᠠᠨ ᠰᠤᠷᠭᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ ᠪᠠᠶᠢᠨ᠎ᠠ᠃ | ᠵᠢᠭᠠᠨ ᠰᠤᠷᠭᠠᠯᠲᠠ ᠶᠢ ᠵᠢᠯᠣᠭᠤᠳᠬᠤ ᠠᠵᠢᠯᠯᠠᠭ᠎ᠠ ᠪᠣᠯ ᠵᠥᠪᠬᠡᠨ ᠳ᠋ᠦᠩᠱᠧᠩ ᠲᠣᠭᠤᠷᠢᠭ ᠤᠨ ᠮᠣᠩᠭᠤᠯ | ᠦᠨᠳᠦᠰᠦᠲᠡᠨ ᠤ ᠰᠤᠷᠭᠠᠭᠤᠯᠢ ᠶᠢᠨ ᠪᠠᠭᠰᠢ ᠶᠢᠨ ᠵᠢᠭᠠᠨ ᠰᠤᠷᠭᠠᠬᠤ ᠴᠢᠳᠠᠪᠤᠷᠢ ᠶᠢ ᠳᠡᠭᠡᠭᠰᠢᠯᠡᠭᠦᠯᠬᠦ ᠠᠯᠢ ᠣᠯᠠᠨ | ᠠᠷᠭ᠎ᠠ ᠬᠡᠮᠵᠢᠶ᠎ᠡ ᠶᠢᠨ ᠨᠢᠭᠡ ᠪᠣᠯᠤᠨ᠎ᠠ᠃ ᠳ᠋ᠦᠩᠱᠧᠩ ᠲᠣᠭᠤᠷᠢᠭ ᠤᠨ ᠮᠣᠩᠭᠤᠯ ᠦᠨᠳᠦᠰᠦᠲᠡᠨ ᠤ ᠰᠤᠷᠭᠠᠭᠤᠯᠢ | ᠪᠠᠰᠠ ᠪᠠᠭᠰᠢ ᠶᠢᠨ ᠪᠣᠯᠪᠠᠰᠤᠷᠠᠯ᠂ ᠵᠢᠭᠠᠨ ᠰᠤᠷᠭᠠᠯᠲᠠ ᠶᠢᠨ ᠰᠤᠳᠤᠯᠭᠠᠨ᠂ ᠰᠤᠷᠭᠠᠭᠤᠯᠢ ᠶᠢᠨ ᠥᠪᠡᠷ ᠤᠨ | ᠪᠣᠯᠪᠠᠰᠤᠷᠠᠭᠤᠯᠤᠯ ᠵᠡᠷᠭᠡ ᠣᠯᠠᠨ ᠲᠠᠯ᠎ᠠ ᠪᠠᠷ ᠬᠦᠴᠦᠯᠡᠵᠦ᠂ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠬᠡᠯᠡᠨ ᠤ | ᠵᠢᠭᠠᠨ ᠰᠤᠷᠭᠠᠯᠲᠠ ᠶᠢᠨ ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠪᠡ᠃ | ᠪᠠᠭᠰᠢ ᠶᠢᠨ ᠪᠣᠯᠪᠠᠰᠤᠷᠠᠯ ᠰᠤᠷᠤᠯᠴᠠᠯᠭ᠎ᠠ ᠶᠢᠨ ᠲᠠᠯ᠎ᠠ ᠪᠠᠷ᠂ ᠳ᠋ᠦᠩᠱᠧᠩ ᠲᠣᠭᠤᠷᠢᠭ ᠤᠨ ᠮᠣᠩᠭᠤᠯ | ᠦᠨᠳᠦᠰᠦᠲᠡᠨ ᠤ ᠰᠤᠷᠭᠠᠭᠤᠯᠢ ᠨᠢ ᠪᠠᠭᠰᠢ ᠶᠢᠨ ᠪᠣᠯᠪᠠᠰᠤᠷᠠᠯ ᠤᠨ ᠠᠵᠢᠯ ᠢ ᠦᠷᠭᠦᠯᠵᠢᠯᠡᠨ ᠴᠢᠩᠭᠠᠳᠬᠠᠵᠤ᠂ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠤᠯᠤᠰ ᠤᠨ | ᠳᠤᠮᠳᠠᠳᠤ ᠪᠠᠭ᠎ᠠ ᠰᠤᠷᠭᠠᠭᠤᠯᠢ ᠶᠢᠨ ᠤᠶᠤᠨᠲᠤ ᠰᠤᠷᠭᠠᠨ ᠬᠥᠮᠦᠵᠢᠯ ᠤᠨ ᠲᠠᠪᠴᠠᠩ᠂ ᠤᠯᠤᠰ ᠤᠨ ᠨᠡᠪᠲᠡᠷᠡᠯᠴᠡᠭᠡ | ᠵᠡᠷᠭᠡ ᠰᠦᠯᠵᠢᠶᠡᠨ ᠤ ᠡᠬᠢ ᠪᠠᠶᠠᠯᠢᠭ ᠢ ᠠᠰᠢᠭᠯᠠᠨ᠂ ᠪᠠᠭᠰᠢ ᠨᠠᠷ ᠢ ᠵᠣᠬᠢᠶᠠᠨ ᠪᠠᠶᠢᠭᠤᠯᠤᠨ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠮᠢᠶ᠎ᠠ ᠪᠥᠬᠦᠶ ᠡᠯ᠎ᠡ ᠲᠥᠷᠥᠯ ᠤᠨ ᠪᠣᠯᠪᠠᠰᠤᠷᠠᠯ ᠤᠨ ᠬᠢᠴᠢᠶᠡᠯ ᠳᠤ | ᠣᠷᠣᠯᠴᠠᠭᠤᠯᠵᠤ᠂ ᠪᠠᠭᠰᠢ ᠨᠢᠭᠡᠪᠦᠷᠢ ᠴᠥᠮ ᠥᠪᠡᠷ ᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠦᠨᠡᠨ ᠬᠦ | ᠪᠠᠲᠤᠯᠠᠪᠠ᠃ | ᠵᠢᠭᠠᠨ ᠰᠤᠷᠭᠠᠯᠲᠠ ᠶᠢᠨ ᠰᠤᠳᠤᠯᠭᠠᠨ ᠤ ᠭᠤᠭᠴᠣᠭᠠᠨ ᠳᠤ᠂ ᠳ᠋ᠦᠩᠱᠧᠩ ᠲᠣᠭᠤᠷᠢᠭ ᠤᠨ ᠮᠣᠩᠭᠤᠯ | ᠦᠨᠳᠦᠰᠦᠲᠡᠨ ᠤ ᠰᠤᠷᠭᠠᠭᠤᠯᠢ ᠨᠢ ᠲᠣᠭᠲᠠᠮᠠᠯ ᠬᠤᠭᠤᠴᠠᠭ᠎ᠠ ᠲᠠᠢ ᠪᠠᠷ ᠵᠢᠭᠠᠬᠤ ᠮᠠᠲ᠋ᠧᠷᠢᠶᠠᠯ ᠢ ᠲᠠᠶᠢᠯᠪᠤᠷᠢᠯᠠᠬᠤ | ᠪᠣᠯᠪᠠᠰᠤᠷᠠᠭᠤᠯᠤᠯ᠂ ᠪᠠᠭᠰᠢ ᠬᠥᠮᠦᠵᠢᠭᠦᠯᠬᠦ ᠰᠢᠯᠢᠳᠡᠭ ᠲᠤᠰᠠᠯᠠᠬᠤ ᠠᠨᠠᠶ ᠲᠤᠬᠠᠶᠢᠯᠠᠭᠰᠠᠨ ᠠᠵᠢᠯ ᠤᠨ | ᠵᠢᠯᠣᠭᠤᠳᠣᠯᠭ᠎ᠠ ᠪᠣᠯᠪᠠᠰᠤᠷᠠᠭᠤᠯᠤᠯ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠢᠭᠠᠨ | ᠰᠤᠳᠤᠯᠤᠭᠴᠢ ᠠᠴᠠ ᠬᠢᠴᠢᠶᠡᠯ ᠣᠷᠣᠵᠤ᠂ ᠴᠢᠨᠠᠷ ᠰᠠᠶᠢᠲᠠᠶ ᠵᠢᠭᠠᠨ ᠰᠤᠷᠭᠠᠯᠲᠠ ᠶᠢᠨ ᠥᠯᠢᠭᠡᠷ ᠵᠢᠱᠢᠶ᠎ᠡ ᠶᠢ ᠳᠡᠯᠭᠡᠨ | ᠦᠵᠡᠭᠦᠯᠵᠦ᠂ ᠪᠤᠰᠤᠳ ᠪᠠᠭᠰᠢ ᠨᠠᠷ ᠲᠣᠭᠤᠷᠢᠨ ᠦᠵᠡᠵᠦ ᠰᠤᠷᠤᠯᠴᠠᠪᠠ᠃ | ᠰᠤᠷᠭᠠᠭᠤᠯᠢ ᠶᠢᠨ ᠥᠪᠡᠷ ᠤᠨ ᠪᠣᠯᠪᠠᠰᠤᠷᠠᠯ ᠤᠨ ᠠᠵᠢᠯᠯᠠᠭ᠎ᠠ ᠳᠤᠮᠳᠠ᠂ ᠳ᠋ᠦᠩᠱᠧᠩ ᠲᠣᠭᠤᠷᠢᠭ ᠤᠨ ᠮᠣᠩᠭᠤᠯ | ᠦᠨᠳᠦᠰᠦᠲᠡᠨ ᠤ ᠰᠤᠷᠭᠠᠭᠤᠯᠢ ᠬᠢᠴᠢᠶᠡᠯ ᠲᠥᠷᠥᠯ ᠢᠶᠠᠷ ᠳᠤᠭᠤᠶᠢᠯᠠᠩ ᠬᠤᠪᠢᠶᠠᠵᠤ᠂ ᠬᠠᠮᠲᠤ ᠪᠠᠷ ᠬᠢᠴᠢᠶᠡᠯ | ᠪᠡᠯᠡᠳᠬᠡᠬᠦ᠂ ᠬᠢᠴᠢᠶᠡᠯ ᠰᠣᠨᠣᠰᠬᠤ᠂ ᠬᠢᠴᠢᠶᠡᠯ ᠦᠨᠡᠯᠡᠬᠦ᠂ ᠬᠢᠴᠢᠶᠡᠯ ᠤᠨ ᠲᠢᠩᠬᠢᠮ ᠤᠨ ᠠᠵᠢᠭᠯᠠᠯᠲᠠ᠂ | ᠰᠣᠷᠣᠭᠴᠢ ᠶᠢᠨ ᠦᠨᠡᠯᠡᠯᠲᠡ᠂ ᠵᠢᠭᠠᠨ ᠰᠤᠷᠭᠠᠯᠲᠠ ᠶᠢᠨ ᠬᠢᠷᠢ ᠪᠦᠲᠦᠮᠵᠢ ᠶᠢᠨ ᠵᠠᠳᠠᠯᠤᠯᠲᠠ ᠵᠡᠷᠭᠡ ᠣᠯᠠᠨ ᠲᠠᠯᠠᠲᠤ | ᠠᠷᠭ᠎ᠠ ᠬᠡᠯᠪᠡᠷᠢ ᠪᠠᠷ ᠳᠠᠮᠵᠢᠭᠤᠯᠤᠨ᠂ ᠪᠠᠭᠰᠢ ᠶᠢᠨ ᠤᠯᠤᠰ ᠤᠨ ᠨᠡᠶᠢᠳᠡᠮ ᠬᠡᠷᠡᠭᠯᠡᠬᠦ ᠬᠡᠯᠡ ᠶᠢ ᠬᠡᠷᠡᠭᠯᠡᠨ ᠰᠤᠷᠭᠠᠨ | ᠬᠥᠮᠦᠵᠢᠯ ᠵᠢᠭᠠᠨ ᠰᠤᠷᠭᠠᠯᠲᠠ ᠥᠷᠨᠢᠭᠦᠯᠬᠦ ᠴᠢᠳᠠᠪᠤᠷᠢ ᠳᠤ ᠶᠡᠷᠦᠩᠬᠡᠶᠢᠯᠡᠭᠰᠡᠨ ᠦᠨᠡᠯᠡᠯᠲᠡ ᠬᠢᠪᠠ᠃ ᠢᠯᠡᠷᠡᠯ ᠨᠢ | ᠰᠢᠯᠢᠳᠡᠭ ᠪᠠᠭᠰᠢ ᠶᠢ ᠰᠠᠶᠢᠰᠢᠶᠠᠨ ᠬᠥᠬᠢᠭᠦᠯᠵᠦ᠂ ᠠᠰᠠᠭᠤᠳᠠᠯ ᠣᠷᠣᠰᠢᠵᠤ ᠪᠠᠶᠢᠭ᠎ᠠ ᠪᠠᠭᠰᠢ ᠳᠤ ᠴᠢᠭᠯᠡᠭᠦᠯᠦᠨ | ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠬᠤ ᠶᠢᠨ ᠬᠠᠮᠲᠤ᠂ ᠦᠷᠭᠦᠯᠵᠢᠯᠡᠨ ᠮᠥᠷᠳᠡᠵᠦ ᠰᠢᠮᠳᠠᠭᠤᠯᠤᠨ | ᠰᠠᠶᠢᠵᠢᠷᠠᠭᠤᠯᠬᠤ ᠬᠡᠷᠡᠭᠲᠡᠶ᠃ | ︽ᠪᠢᠳᠡ ᠪᠣᠯᠪᠠᠰᠤᠷᠠᠭᠤᠯᠤᠯ ᠤᠨ ᠰᠢᠰᠲ᠋ᠧᠮ ᠢ ᠬᠦᠴᠦᠯᠡᠨ ᠭᠦᠨᠵᠡᠭᠡᠶᠢᠷᠡᠭᠦᠯᠵᠦ᠂ ᠵᠢᠭᠠᠨ ᠰᠤᠷᠭᠠᠯᠲᠠ ᠶᠢᠨ | ᠦᠢᠯᠡᠳᠦᠯᠭᠡ ᠳᠤ ᠬᠢᠨᠠᠯᠲᠠ ᠲᠠᠯᠪᠢᠬᠤ ᠪᠠ ᠵᠢᠭᠠᠨ ᠵᠢᠯᠣᠭᠤᠳᠬᠤ ᠶᠢ ᠴᠢᠩᠭᠠᠳᠬᠠᠨ᠂ ᠬᠢᠨᠠᠨ ᠰᠢᠯᠭᠠᠬᠤ ᠪᠠ | ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠪᠠᠭᠰᠢ ᠶᠢᠨ ︿ᠬᠢᠴᠢᠶᠡᠯ ᠣᠷᠣᠵᠤ ᠴᠢᠳᠠᠬᠤ﹀ ᠠᠴᠠ ︿ | ᠰᠠᠶᠢᠨ ᠬᠢᠴᠢᠶᠡᠯ ᠣᠷᠣᠬᠤ﹀ ᠳᠤ ᠬᠦᠴᠦᠨ ᠨᠡᠮᠡᠷᠢᠯᠡᠨ᠎ᠡ᠃︾ ᠭᠡᠵᠦ ᠳ᠋ᠦᠩᠱᠧᠩ ᠲᠣᠭᠤᠷᠢᠭ ᠤᠨ ᠮᠣᠩᠭᠤᠯ | ᠦᠨᠳᠦᠰᠦᠲᠡᠨ ᠤ ᠰᠤᠷᠭᠠᠭᠤᠯᠢ ᠶᠢᠨ ᠵᠠᠬᠢᠷᠤᠯ ᠰᠠᠷᠠᠨᠮᠠᠨᠳᠤᠯ᠎ᠠ ᠬᠡᠯᠡᠪᠡ᠃ |