︽ᠬᠠᠷᠠᠴᠢᠨ ᠬᠤᠰᠢᠭᠤᠨ ᠤ ᠸᠠᠩ ᠤᠨ ᠣᠷᠳᠣᠨ ᠤ ᠲᠡᠦᠬᠡ ᠰᠣᠶᠣᠯ ᠤᠨ ᠨᠠᠷᠠᠲᠤ ᠪᠠᠯᠭᠠᠰᠤᠨ ᠤ ᠬᠠᠮᠠᠭᠠᠯᠠᠯᠲᠠ ᠶᠢᠨ ᠲᠥᠯᠦᠪᠵᠢᠭᠦᠯᠭᠡ ︵2024 - 2035 ᠣᠨ︶︾ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2025/5/23
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠥᠪᠥᠷ ᠵᠠᠰᠠᠭ ᠦᠰᠦᠭ ﹇2025﹈ 52 ᠳ᠋ᠤᠭᠠᠷ ᠲᠣᠭᠠᠲᠤ    ︽ᠬᠠᠷᠠᠴᠢᠨ ᠬᠤᠰᠢᠭᠤᠨ ᠤ ᠸᠠᠩ ᠤᠨ ᠣᠷᠳᠣᠨ ᠤ ᠲᠡᠦᠬᠡ ᠰᠣᠶᠣᠯ ᠤᠨ ᠨᠠᠷᠠᠲᠤ ᠪᠠᠯᠭᠠᠰᠤᠨ ᠤ ᠬᠠᠮᠠᠭᠠᠯᠠᠯᠲᠠ ᠶᠢᠨ ᠲᠥᠯᠦᠪᠵᠢᠭᠦᠯᠭᠡ ︵2024 - 2035 ᠣᠨ︶︾ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄    ᠲᠠᠨ ᠤ ᠬᠤᠲᠠ ᠶᠢᠨ ︽︿ᠬᠠᠷᠠᠴᠢᠨ ᠬᠤᠰᠢᠭᠤᠨ ᠤ ᠸᠠᠩ ᠤᠨ ᠣᠷᠳᠣᠨ ᠤ ᠲᠡᠦᠬᠡ ᠰᠣᠶᠣᠯ ᠤᠨ ᠨᠠᠷᠠᠲᠤ ᠪᠠᠯᠭᠠᠰᠤᠨ ᠤ ᠬᠠᠮᠠᠭᠠᠯᠠᠯᠲᠠ ᠶᠢᠨ ᠲᠥᠯᠦᠪᠵᠢᠭᠦᠯᠭᠡ﹀ ᠶᠢᠨ ᠲᠤᠬᠠᠢ ᠡᠰᠢᠯᠡᠯᠲᠡ︾ ︵ᠤᠯᠠᠭᠠᠨᠬᠠᠳᠠ ᠵᠠᠰᠠᠭ ᠮᠡᠳᠡᠭᠦᠯᠦᠯᠲᠡ ﹇2025﹈ 25 ᠳ᠋ᠤᠭᠠᠷ ᠲᠣᠭᠠᠲᠤ︶ ᠶᠢ ᠭᠥᠯᠢᠶᠡᠨ ᠠᠪᠴᠤ ᠣᠶᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ᠄    ᠨᠢᠭᠡ᠂ ︽ᠬᠠᠷᠠᠴᠢᠨ ᠬᠤᠰᠢᠭᠤᠨ ᠤ ᠸᠠᠩ ᠤᠨ ᠣᠷᠳᠣᠨ ᠤ ᠲᠡᠦᠬᠡ ᠰᠣᠶᠣᠯ ᠤᠨ ᠨᠠᠷᠠᠲᠤ ᠪᠠᠯᠭᠠᠰᠤᠨ ᠤ ᠬᠠᠮᠠᠭᠠᠯᠠᠯᠲᠠ ᠶᠢᠨ ᠲᠥᠯᠦᠪᠵᠢᠭᠦᠯᠭᠡ︾ ︵ᠳᠣᠷᠣᠭᠰᠢ ︽ᠬᠠᠮᠠᠭᠠᠯᠠᠯᠲᠠ ᠶᠢᠨ ᠲᠥᠯᠦᠪᠵᠢᠭᠦᠯᠭᠡ︾ ᠭᠡᠵᠦ ᠲᠣᠪᠴᠢᠯᠠᠨ᠎ᠠ︶ ᠶᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠂ ᠲᠥᠯᠥᠪᠵᠢᠭᠦᠯᠬᠦ ᠬᠤᠭᠤᠴᠠᠭ᠎ᠠ ᠬᠢᠵᠠᠭᠠᠷ ᠨᠢ 2024 - 2035 ᠣᠨ ᠪᠣᠯᠣᠨ᠎ᠠ᠃    ᠬᠤᠶᠠᠷ᠂ ᠲᠠᠨ ᠤ ᠬᠤᠲᠠ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠬᠢᠨᠠᠨ ᠵᠢᠯᠤᠭᠤᠳᠴᠤ ᠪᠠᠶᠢᠭᠠᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠬᠠᠤᠯᠢ︾ ᠪᠠ ︽ᠲᠡᠦᠬᠡ ᠰᠣᠶᠣᠯ ᠤᠨ ᠨᠠᠷᠠᠲᠤ ᠬᠤᠲᠠ ᠨᠠᠷᠠᠲᠤ ᠪᠠᠯᠭᠠᠰᠤ ᠨᠠᠷᠠᠲᠤ ᠲᠣᠰᠬᠤᠨ ᠤ ᠬᠠᠮᠠᠭᠠᠯᠠᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ ᠴᠢᠩᠭ᠎ᠠ ᠨᠢᠭᠲᠠᠷᠠᠵᠤ᠂ ︽ᠬᠠᠮᠠᠭᠠᠯᠠᠯᠲᠠ ᠶᠢᠨ ᠲᠥᠯᠦᠪᠵᠢᠭᠦᠯᠭᠡ︾ ᠶᠢ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠵᠦᠢᠯ ᠤᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ︽ᠬᠠᠮᠠᠭᠠᠯᠠᠯᠲᠠ ᠶᠢᠨ ᠲᠥᠯᠦᠪᠵᠢᠭᠦᠯᠭᠡ︾ ᠶᠢ ᠬᠡᠷᠡᠭᠵᠢᠭᠦᠯᠬᠦ ᠶᠠᠪᠤᠴᠠ ᠳᠤ᠂ ᠬᠠᠮᠠᠭᠠᠯᠠᠯᠲᠠ ᠬᠢᠬᠦ ᠶᠢ ᠤᠷᠢᠳ ᠢᠶᠠᠷ ᠪᠣᠳᠣᠯᠬᠢᠯᠠᠵᠤ᠂ ᠵᠦᠢ ᠵᠣᠬᠢᠰᠲᠠᠢ ᠠᠰᠢᠭᠯᠠᠬᠤ ᠵᠠᠷᠴᠢᠮ ᠢ ᠴᠢᠩᠭ᠎ᠠ ᠵᠢᠷᠤᠮᠯᠠᠨ᠂ ᠲᠡᠦᠬᠡ ᠰᠣᠶᠣᠯ ᠤᠨ ᠨᠠᠷᠠᠲᠤ ᠪᠠᠯᠭᠠᠰᠤᠨ ᠤ ᠪᠦᠬᠦᠯᠢ ᠴᠣᠭᠴᠠ ᠶᠢᠨ ᠳᠦᠷᠰᠦ ᠪᠠᠶᠢᠳᠠᠯ ᠪᠠ ᠰᠣᠶᠣᠯ ᠤᠨ ᠠᠭᠤᠯᠤᠭᠳᠠᠬᠤᠨ ᠢ ᠬᠠᠮᠠᠭᠠᠯᠠᠬᠤ ᠪᠠᠨ ᠴᠢᠬᠤᠯᠠᠴᠢᠯᠠᠵᠤ᠂ ᠬᠡᠲᠦ ᠨᠡᠭᠡᠭᠡᠨ ᠬᠥᠭᠵᠢᠭᠦᠯᠬᠦ ᠪᠠ ᠪᠦᠲᠦᠭᠡᠯᠴᠢ ᠴᠢᠨᠠᠷᠲᠠᠢ ᠡᠪᠳᠡᠯᠡᠭᠡ ᠬᠢᠬᠦ ᠠᠴᠠ ᠵᠠᠶᠢᠯᠠᠰᠬᠢᠬᠤ ᠬᠡᠷᠡᠭᠲᠡᠢ᠃    ᠭᠤᠷᠪᠠ ᠳᠤ᠂ ᠲᠡᠦᠬᠡ ᠰᠣᠶᠣᠯ ᠤᠨ ᠨᠡᠷᠡᠳᠦ ᠪᠠᠯᠭᠠᠰᠤᠨ ᠤ ᠬᠠᠮᠠᠭᠠᠯᠠᠯᠲᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠲᠡᠦᠬᠡ ᠰᠣᠶᠣᠯ ᠤᠨ ᠨᠡᠷᠡᠳᠦ ᠪᠠᠯᠭᠠᠰᠤᠨ ᠤ ᠠᠵᠤ ᠦᠢᠯᠡᠰ ᠤᠨ ᠬᠥᠭᠵᠢᠯᠲᠡ ᠬᠢᠭᠡᠳ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠪᠦᠲᠦᠮᠵᠢᠲᠡᠢ ᠬᠠᠮᠠᠭᠠᠯᠠᠯᠲᠠ ᠪᠠ ᠦᠷᠭᠦᠯᠵᠢᠯᠡᠬᠦ᠋ᠢᠴᠡ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃                                       2025 ᠣᠨ ᠤ 4 ᠳ᠋ᠦ᠋ᠭᠡᠷ ᠰᠠᠷ᠎ᠠ ᠶᠢᠨ 10 ᠤ ᠡᠳᠦᠷ    ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号