ᠰᠢᠨᠬᠤᠸᠠ ᠬᠤᠷᠢᠶᠠᠨ ᠤ ᠪᠡᠭᠡᠵᠢᠩ ᠤᠨ 5 ᠳ᠋ᠤᠭᠠᠷ ᠰᠠᠷ᠎ᠠ ᠶᠢᠨ 23 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 5 ᠳ᠋ᠤᠭᠠᠷ ᠰᠠᠷ᠎ᠠ ᠶᠢᠨ 23 ᠤ ᠡᠳᠦᠷ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ︽ᠦᠢᠯᠡᠳᠬᠦ ᠦᠢᠯᠡᠰ ᠤᠨ | ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠠᠵᠢᠯᠯᠠᠭᠠᠨ ᠤ ᠲᠥᠰᠥᠯ ︵2025 - 2027 | ᠣᠨ︶︾ ᠢ ᠬᠢᠨᠠᠨ ᠶᠠᠷᠢᠯᠴᠠᠵᠤ ᠪᠠᠲᠤᠯᠠᠪᠠ᠂ ᠠᠮᠢ ᠠᠬᠤᠢ ᠶᠢᠨ ᠬᠠᠮᠠᠭᠠᠯᠠᠯᠲᠠ ᠶᠢᠨ ᠬᠥᠨᠳᠡᠯᠡᠨ ᠢᠶᠠᠷ ᠨᠥᠬᠦᠪᠦᠷᠢᠯᠡᠬᠦ | ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠬᠦ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠰᠤᠳᠤᠯᠵᠤ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠤᠯᠢ ︵ᠵᠠᠰᠠᠪᠤᠷᠢ | ᠣᠷᠣᠭᠤᠯᠤᠭᠰᠠᠨ ᠲᠥᠰᠥᠯ︶︾ ᠶᠢ ᠶᠠᠷᠢᠯᠴᠠᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠦᠢᠯᠡᠳᠬᠦ ᠦᠢᠯᠡᠰ ᠤᠨ ᠪᠣᠬᠢᠷᠲᠤᠯ ᠦᠭᠡᠢ ᠳᠣᠣᠷ᠎ᠠ | ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠬᠤ ᠪᠣᠯ ᠶᠡᠭᠡ ᠬᠠᠨᠳᠤᠰᠢ ᠶᠤᠮ᠂ ᠪᠣᠬᠢᠷᠲᠤᠯ ᠦᠭᠡᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠡᠷᠢᠭᠦᠨ ᠤ ᠪᠣᠬᠢᠷᠲᠤᠯ ᠦᠭᠡᠢ ᠮᠡᠷᠭᠡᠵᠢᠯ ᠢ ᠳᠡᠯᠭᠡᠷᠡᠭᠦᠯᠦᠨ | ᠬᠡᠷᠡᠭᠯᠡᠬᠦ ᠶᠢ ᠲᠦᠷᠭᠡᠳᠬᠡᠵᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠪᠣᠬᠢᠷᠲᠤᠯ ᠦᠭᠡᠢ ᠰᠠᠭᠤᠷᠢ ᠶᠢ | ᠴᠢᠩᠭᠠᠳᠬᠠᠬᠤ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠵᠤ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠵᠡᠷᠭᠡ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠯᠦᠭᠡ | ᠤᠶᠠᠯᠳᠤᠭᠤᠯᠵᠤ᠂ ᠲᠡᠷᠢᠭᠦᠨ ᠤ ᠲᠤᠨᠤᠭ ᠲᠥᠬᠦᠭᠡᠷᠦᠮᠵᠢ ᠪᠠ ᠤᠷᠠᠯᠠᠯ ᠢ ᠢᠳᠡᠪᠬᠢᠲᠡᠢ ᠬᠡᠷᠡᠭᠯᠡᠵᠦ᠂ ᠭᠤᠣᠯᠳᠠᠯᠭ᠎ᠠ ᠪᠣᠯᠬᠤ | ᠠᠵᠢᠯ ᠲᠦᠷᠦᠯ ᠤᠨ ᠪᠣᠬᠢᠷᠲᠤᠯ ᠦᠭᠡᠢ ᠪᠠᠷ ᠥᠭᠡᠷᠡᠴᠢᠯᠡᠨ ᠰᠢᠨᠡᠳᠬᠡᠵᠦ ᠲᠡᠰ ᠳᠡᠪᠰᠢᠭᠦᠯᠬᠦ ᠶᠢ ᠲᠦᠷᠭᠡᠳᠬᠡᠬᠦ ᠬᠡᠷᠡᠭᠲᠡᠢ᠃ | ᠰᠢᠨ᠎ᠡ ᠪᠠᠷ ᠮᠠᠨᠳᠤᠵᠤ ᠪᠠᠶᠢᠭ᠎ᠠ ᠠᠵᠤ ᠦᠢᠯᠡᠰ ᠤᠨ ᠥᠨᠳᠥᠷ ᠭᠠᠷᠤᠭ᠎ᠠ ᠲᠠᠢ ᠪᠣᠬᠢᠷᠲᠤᠯ ᠦᠭᠡᠢ ᠬᠥᠭᠵᠢᠯᠲᠡ ᠶᠢ ᠬᠥᠲᠥᠯᠥᠨ | ᠳᠠᠭᠠᠭᠤᠯᠵᠤ᠂ ᠴᠡᠪᠡᠷ ᠡᠨᠧᠷᠭᠢ᠂ ᠪᠣᠬᠢᠷᠲᠤᠯ ᠦᠭᠡᠢ ᠦᠢᠯᠡᠳᠬᠦᠨ ᠤ ᠳᠡᠯᠭᠡᠷᠡᠭᠦᠯᠦᠯᠲᠡ ᠶᠢ ᠴᠢᠩᠭᠠᠳᠬᠠᠵᠤ᠂ ᠡᠬᠢ | ᠪᠠᠶᠠᠯᠢᠭ ᠢ ᠣᠷᠴᠢᠯᠳᠤᠭᠤᠯᠤᠨ ᠠᠰᠢᠭᠯᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠨᠡᠶᠢᠲᠡᠴᠢ ᠴᠢᠨᠠᠷᠲᠠᠢ | ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠪᠣᠯᠬᠤ ᠬᠦᠷᠢᠶᠡᠨ ᠳᠠᠬᠢ ᠪᠠᠷᠢᠮᠵᠢᠶ᠎ᠠ ᠶᠢ | ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠪᠣᠬᠢᠷᠲᠤᠯ ᠦᠭᠡᠢ ᠦᠢᠯᠡᠳᠬᠦ ᠪᠠ | ᠦᠢᠯᠡᠴᠢᠯᠡᠬᠦ ᠲᠣᠭᠲᠠᠯᠴᠠᠭ᠎ᠠ ᠶᠢ ᠪᠦᠷᠢᠨᠰᠢᠭᠦᠯᠵᠦ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠭᠦᠯᠬᠦ ᠶᠢ ᠨᠡᠩ ᠰᠠᠶᠢᠲᠤᠷ ᠳᠡᠮᠵᠢᠨ ᠬᠠᠪᠰᠤᠷᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠥᠪᠡᠷ ᠤᠨ ᠦᠷᠳᠡᠭ ᠢ ᠨᠢ ᠬᠠᠮᠲᠤ ᠪᠠᠷ ᠡᠭᠦᠷᠭᠡᠯᠡᠬᠦ᠂ ᠦᠷ᠎ᠡ | ᠠᠰᠢᠭ ᠢ ᠨᠢ ᠬᠠᠮᠲᠤ ᠪᠠᠷ ᠡᠳ᠋ᠯᠡᠬᠦ᠂ ᠬᠠᠮᠲᠤᠷᠠᠯᠴᠠᠵᠤ ᠬᠠᠮᠲᠤ ᠪᠠᠷ ᠵᠠᠰᠠᠬᠤ ᠠᠮᠢ ᠠᠬᠤᠢ ᠶᠢᠨ ᠬᠠᠮᠠᠭᠠᠯᠠᠯᠲᠠ ᠶᠢᠨ | ᠬᠥᠨᠳᠡᠯᠡᠨ ᠢᠶᠠᠷ ᠨᠥᠬᠦᠪᠦᠷᠢᠯᠡᠬᠦ ᠲᠣᠭᠲᠠᠴᠠ ᠶᠢ ᠪᠠᠶᠢᠭᠤᠯᠬᠤ ᠪᠣᠯ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠴᠢᠩᠭᠠᠳᠬᠠᠬᠤ᠂ ᠣᠷᠣᠨ ᠪᠦᠰᠡ ᠶᠢᠨ ᠬᠤᠭᠤᠷᠣᠨᠳᠣᠬᠢ ᠬᠠᠮᠵᠢᠯᠴᠠᠨ ᠬᠥᠭᠵᠢᠬᠦ ᠶᠢ ᠠᠬᠢᠭᠤᠯᠬᠤ ᠳᠤ | ᠴᠢᠬᠤᠯᠠ ᠠᠴᠢ ᠬᠤᠯᠪᠣᠭᠳᠠᠯ ᠲᠠᠢ ᠶᠤᠮ᠃ ᠪᠦᠷᠬᠦᠴᠡ ᠪᠠᠷ ᠨᠡᠩ ᠪᠦᠬᠦ ᠲᠠᠯ᠎ᠠ ᠶᠢᠨ᠂ ᠡᠷᠬᠡ ᠬᠠᠷᠢᠭᠤᠴᠠᠯᠭ᠎ᠠ ᠪᠠᠷ ᠨᠡᠩ | ᠲᠣᠳᠣᠷᠬᠠᠢ᠂ ᠠᠷᠭ᠎ᠠ ᠬᠡᠯᠪᠡᠷᠢ ᠪᠠᠷ ᠨᠡᠩ ᠤᠯᠠᠨ ᠡᠰᠢᠴᠢᠯᠡᠭᠰᠡᠨ᠂ ᠵᠠᠰᠠᠯᠲᠠ ᠪᠠᠷ ᠨᠡᠩ ᠥᠨᠳᠥᠷ ᠪᠦᠲᠦᠮᠵᠢᠲᠡᠢ ᠠᠮᠢ | ᠠᠬᠤᠢ ᠶᠢᠨ ᠬᠠᠮᠠᠭᠠᠯᠠᠯᠲᠠ ᠶᠢᠨ ᠬᠥᠨᠳᠡᠯᠡᠨ ᠢᠶᠠᠷ ᠨᠥᠬᠦᠪᠦᠷᠢᠯᠡᠬᠦ ᠲᠣᠭᠲᠠᠴᠠ ᠪᠠᠶᠢᠭᠤᠯᠬᠤ ᠶᠢ ᠠᠬᠢᠭᠤᠯᠵᠤ᠂ ᠭᠤᠣᠯᠳᠠᠯᠭ᠎ᠠ | ᠪᠣᠯᠬᠤ ᠡᠭᠦᠷᠭᠡ ᠪᠠ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠠᠮᠢ | ᠠᠬᠤᠢ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠭᠠᠵᠠᠷ ᠪᠠ ᠠᠰᠢᠭ ᠬᠦᠷᠳᠡᠬᠦ ᠭᠠᠵᠠᠷ ᠤᠨ ᠰᠠᠶᠢᠨ ᠦᠢᠯᠡᠳᠦᠯᠴᠡᠯ ᠢ | ᠪᠡᠶᠡᠯᠡᠭᠦᠯᠬᠦ ᠬᠡᠷᠡᠭᠲᠡᠢ᠃ ᠥᠷᠭᠡᠨ ᠶᠡᠭᠡ ᠭᠤᠣᠯ ᠮᠥᠷᠡᠨ ᠤ ᠭᠤᠣᠯ ᠤᠷᠤᠰᠬᠠᠯ ᠤᠨ ᠠᠮᠢ ᠠᠬᠤᠢ ᠶᠢᠨ ᠬᠠᠮᠠᠭᠠᠯᠠᠯᠲᠠ ᠶᠢᠨ | ᠬᠥᠨᠳᠡᠯᠡᠨ ᠢᠶᠠᠷ ᠨᠥᠬᠦᠪᠦᠷᠢᠯᠡᠬᠦ ᠲᠣᠭᠲᠠᠴᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠨᠥᠬᠦᠪᠦᠷᠢᠯᠡᠬᠦ | ᠬᠦᠷᠢᠶ᠎ᠡ ᠶᠢ ᠨᠢ ᠲᠣᠭᠲᠠᠭᠤᠨ ᠢᠶᠠᠷ ᠥᠷᠭᠡᠳᠬᠡᠵᠦ᠂ ᠤᠢ ᠰᠢᠭᠤᠢ᠂ ᠨᠤᠲᠤᠭ ᠪᠡᠯᠴᠢᠭᠡᠷ᠂ ᠠᠭᠠᠷ ᠮᠠᠨᠳᠠᠯ ᠵᠡᠷᠭᠡ ᠪᠤᠰᠤᠳ | ᠠᠮᠢ ᠠᠬᠤᠢ ᠶᠢᠨ ᠣᠷᠴᠢᠨ ᠲᠣᠭᠤᠷᠢᠨ ᠤ ᠬᠦᠴᠦᠨ ᠵᠦᠢᠯ ᠤᠨ ᠨᠥᠬᠦᠪᠦᠷᠢ ᠶᠢᠨ ᠠᠷᠭ᠎ᠠ ᠬᠡᠯᠪᠡᠷᠢ ᠶᠢ ᠢᠳᠡᠪᠬᠢᠲᠡᠢ | ᠰᠦᠪᠡᠭᠴᠢᠯᠡᠬᠦ ᠬᠡᠷᠡᠭᠲᠡᠢ᠃ ᠱᠠᠩᠨᠠᠵᠤ ᠲᠣᠷᠭᠠᠬᠤ ᠶᠢ ᠲᠣᠳᠣ ᠪᠠᠶᠢᠯᠭᠠᠬᠤ ᠳᠦᠷᠢᠮ ᠲᠣᠭᠲᠠᠴᠠ ᠶᠢ ᠪᠦᠷᠢᠨᠰᠢᠭᠦᠯᠵᠦ᠂ ︽ | ᠬᠡᠨ ᠪᠣᠬᠢᠷᠲᠤᠭᠤᠯᠪᠠᠯ ᠲᠡᠷᠡ ᠵᠠᠰᠠᠬᠤ᠂ ᠬᠡᠨ ᠬᠠᠮᠠᠭᠠᠯᠠᠪᠠᠯ ᠲᠡᠷᠡ ᠠᠰᠢᠭ ᠬᠦᠷᠳᠡᠬᠦ︾ ᠶᠢ ᠪᠠᠷᠢᠮᠲᠠᠯᠠᠵᠤ᠂ ᠤᠷᠮᠠᠰᠢᠭᠤᠯᠬᠤ | ᠪᠠ ᠬᠦᠯᠢᠶᠡᠰᠦᠯᠡᠬᠦ ᠲᠦᠷᠦ ᠶᠢᠨ ᠪᠣᠳᠣᠯᠭ᠎ᠠ ᠶᠢ ᠰᠤᠳᠤᠯᠤᠨ ᠲᠡᠭᠦᠯᠳᠡᠷᠵᠢᠭᠦᠯᠵᠦ᠂ ᠨᠡᠩ ᠤᠯᠠᠨ ᠨᠡᠶᠢᠭᠡᠮ ᠤᠨ ᠬᠥᠷᠥᠩᠭᠡ ᠶᠢ | ᠲᠠᠲᠠᠵᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠣᠷᠣᠭᠤᠯᠬᠤ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠵᠦᠢᠯ ᠤᠨ ᠠᠮᠤᠷ | ᠲᠦᠪᠰᠢᠨ ᠤ ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ︶︾ ᠶᠢ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠢᠳᠡᠭᠡᠨ ᠤ ᠵᠦᠢᠯ ᠤᠨ ᠠᠮᠤᠷ ᠲᠦᠪᠰᠢᠨ ᠪᠣᠯ ᠠᠮᠢ ᠨᠠᠰᠤ ᠡᠷᠡᠭᠦᠯ | ᠮᠡᠨᠳᠦ ᠳᠤ ᠬᠤᠯᠪᠣᠭᠳᠠᠨ᠎ᠠ᠂ ᠪᠠᠴᠢᠮ ᠬᠡᠷᠡᠭᠯᠡᠬᠦ ᠶᠢ ᠤᠷᠢᠳ ᠢᠶᠠᠷ ᠬᠡᠷᠡᠭᠵᠢᠭᠦᠯᠬᠦ ᠵᠠᠷᠴᠢᠮ ᠶᠣᠰᠣᠭᠠᠷ ᠬᠤᠯᠪᠣᠭᠳᠠᠯ ᠪᠦᠬᠦᠢ | ᠬᠠᠤᠯᠢ ᠴᠠᠭᠠᠵᠠ ᠶᠢᠨ ᠲᠣᠭᠲᠠᠭᠠᠯ ᠢ ᠲᠡᠭᠦᠯᠳᠡᠷᠵᠢᠭᠦᠯᠵᠦ᠂ ᠨᠡᠩ ᠰᠢᠨᠵᠢᠯᠡᠬᠦ ᠤᠬᠠᠭᠠᠨᠴᠢ ᠴᠢᠩᠭ᠎ᠠ ᠨᠢᠮᠪᠠᠢ ᠢᠳᠡᠭᠡᠨ ᠤ | ᠵᠦᠢᠯ ᠤᠨ ᠠᠮᠤᠷ ᠲᠦᠪᠰᠢᠨ ᠤ ᠪᠠᠷᠢᠮᠵᠢᠶ᠎ᠠ᠂ ᠢᠯᠠᠩᠭᠤᠶ᠎ᠠ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶᠠᠨ ᠤ ᠲᠣᠭᠲᠠᠯᠴᠠᠭ᠎ᠠ ᠶᠢ | ᠪᠠᠶᠢᠭᠤᠯᠬᠤ ᠬᠡᠷᠡᠭᠲᠡᠢ᠃ ᠢᠳᠡᠭᠡᠨ ᠤ ᠵᠦᠢᠯ ᠤᠨ ᠠᠮᠤᠷ ᠲᠦᠪᠰᠢᠨ ᠤ ᠵᠠᠰᠠᠯᠲᠠ ᠶᠢᠨ ᠬᠡᠪ ᠵᠠᠭᠪᠤᠷ ᠢ ᠬᠡᠷᠡᠭ ᠡᠭᠦᠰᠬᠦ ᠠᠴᠠ | ᠤᠷᠢᠳ ᠰᠡᠷᠭᠡᠶᠢᠯᠡᠬᠦ ᠲᠡᠶᠢᠰᠢ ᠬᠤᠪᠢᠷᠠᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠪᠦᠬᠦ ᠬᠡᠯᠬᠢᠶᠡᠨ ᠳᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠶᠢ ᠦᠨᠳᠦᠰᠦᠨ ᠱᠠᠲᠤᠨ ᠳᠤ | ᠬᠠᠨᠳᠤᠭᠤᠯᠬᠤ ᠶᠢ ᠠᠬᠢᠭᠤᠯᠵᠤ᠂ ᠡᠳᠦᠷ ᠲᠤᠳᠤᠮ ᠤᠨ ᠬᠢᠨᠠᠯᠲᠠ ᠪᠠᠶᠢᠴᠠᠭᠠᠯᠲᠠ ᠶᠢ ᠴᠢᠩᠳᠠᠯᠠᠬᠤ ᠬᠡᠷᠡᠭᠲᠡᠢ᠃ ᠭᠤᠣᠯᠳᠠᠯᠭ᠎ᠠ | ᠪᠣᠯᠬᠤ ᠬᠦᠷᠢᠶ᠎ᠡ ᠶᠢ ᠲᠣᠪᠤᠶᠢᠯᠭᠠᠨ ᠲᠤᠰᠬᠠᠢ ᠵᠠᠰᠠᠯᠲᠠ ᠶᠢ ᠥᠷᠨᠢᠭᠦᠯᠵᠦ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ | ᠦᠷ᠎ᠡ ᠳ᠋ᠦᠩ ᠢ ᠰᠢᠢᠳᠪᠦᠷᠢᠯᠡᠬᠦ ᠪᠠᠨ ᠴᠢᠩᠭᠠᠳᠬᠠᠵᠤ᠂ ᠢᠯᠡᠷᠡᠭᠦᠯᠦᠭᠰᠡᠨ ᠠᠰᠠᠭᠤᠳᠠᠯ ᠢ ᠬᠠᠤᠯᠢ ᠶᠣᠰᠣᠭᠠᠷ ᠴᠢᠩᠭ᠎ᠠ | ᠰᠢᠢᠳᠬᠡᠵᠦ᠂ ᠥᠴᠥᠬᠡᠨ ᠴᠦ ᠢᠯᠳᠠᠷ ᠬᠠᠶᠠᠬᠤ ᠦᠭᠡᠢ ᠪᠠᠶᠢᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ | ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠢ ᠭᠡᠵᠡᠢ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ | |