ᠮᠠᠨ ᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠥᠪᠡᠷᠲᠡᠭᠡᠨ ᠵᠠᠰᠠᠬᠤ | ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠪᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠢᠨᠠᠨ ᠬᠡᠮᠵᠢᠵᠦ ᠦᠨᠡᠯᠡᠬᠦ | ᠳᠦᠷᠢᠮ ᠢ ᠲᠡᠭᠦᠯᠳᠡᠷᠵᠢᠭᠦᠯᠵᠦ᠂ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠮᠵᠢ ᠶᠢ ᠣᠨᠣᠪᠴᠢᠲᠠᠢ ᠦᠨᠡᠯᠡᠬᠦ ᠶᠢᠨ ᠲᠤᠰᠠᠳᠠ᠂ 3 ᠰᠠᠷ᠎ᠠ ᠶᠢᠨ 12 ᠤᠨ ᠡᠳᠦᠷ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠠᠴᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠲᠠᠷᠢᠶᠠᠯᠠᠩ ᠮᠠᠯ | ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠰᠠᠨᠠᠯ﹀ ︿ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ | ᠠᠵᠤ ᠦᠢᠯᠡᠰ ᠤᠨ ᠬᠦᠷᠢᠶᠡᠯᠡᠩ ᠤᠨ ᠬᠢᠨᠠᠨ ᠬᠡᠮᠵᠢᠵᠦ ᠦᠨᠡᠯᠡᠬᠦ ᠠᠷᠭ᠎ᠠ﹀ ᠳᠤ ᠵᠠᠰᠠᠪᠤᠷᠢ ᠣᠷᠣᠭᠤᠯᠵᠤ ᠳᠠᠷᠤᠮᠠᠯᠯᠠᠨ | ᠲᠠᠷᠬᠠᠭᠠᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ᠡᠳᠦᠭᠡ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ | ᠪᠦᠳᠦᠭᠡᠨ ᠪᠠᠶᠢᠭᠤᠯᠤᠯᠳᠠ ᠶᠢᠨ ᠵᠢᠯᠤᠭᠤᠳᠬᠤ ᠰᠠᠨᠠᠯ︾ ︵ᠳᠣᠷᠣᠭᠰᠢ ᠵᠢᠯᠤᠭᠤᠳᠬᠤ ᠰᠠᠨᠠᠯ ᠭᠡᠵᠦ ᠲᠣᠪᠴᠢᠯᠠᠨ᠎ᠠ︶ | ᠤᠨ ᠬᠠᠮᠢᠶ᠎ᠠ ᠪᠦᠬᠦᠢ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠶ᠎ᠠ᠄ | ᠨᠢᠭᠡ᠂ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ | 2019 ᠣᠨ ᠳᠤ᠂ ᠥᠪᠡᠷᠲᠡᠭᠡᠨ ᠵᠠᠰᠠᠬᠤ ᠣᠷᠣᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ | ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠤᠳᠤ ᠪᠣᠯᠲᠠᠯ᠎ᠠ᠂ ᠨᠡᠶᠢᠳᠡ | 41 ᠥᠪᠡᠷᠲᠡᠭᠡᠨ ᠵᠠᠰᠠᠬᠤ ᠣᠷᠣᠨ ᠤ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠬᠦᠷᠢᠶᠡᠯᠡᠩ ᠢ ᠵᠦᠪᠰᠢᠶᠡᠷᠡᠨ ᠪᠦᠳᠦᠭᠡᠨ ᠪᠠᠶᠢᠭᠤᠯᠵᠠᠢ᠃ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢ ᠵᠢᠷᠤᠮᠵᠢᠭᠤᠯᠬᠤ ᠶᠢᠨ ᠲᠥᠯᠥᠭᠡ᠂ 2022 ᠣᠨ ᠳᠤ ᠮᠠᠨ ᠤ ᠲᠢᠩᠬᠢᠮ ᠠᠴᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶︾ | ᠢ ᠲᠤᠭᠤᠷᠪᠢᠨ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠦᠷᠢᠶᠡᠯᠡᠩ ᠤᠨ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠲᠦᠮᠵᠢᠲᠡᠶ ᠵᠢᠯᠣᠭᠤᠳᠪᠠ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠳ᠋ ᠤᠨ ᠵᠠᠰᠠᠭ ᠤᠨ | ᠬᠦᠷᠢᠶ᠎ᠡ ᠴᠠᠷᠠᠭ᠎ᠠ ᠳᠤ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ | ᠦᠢᠯᠡᠴᠢᠯᠡᠭᠡ ᠶᠢ ᠰᠢᠯᠢᠳᠡᠭᠵᠢᠭᠦᠯᠬᠦ ᠲᠤᠬᠠᠢ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2024﹈ | 52 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠮᠠᠨ ᠤ ᠲᠢᠩᠬᠢᠮ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠰᠠᠨᠠᠯ︾ ᠳᠤ ᠲᠠᠬᠢᠨᠳᠠ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠪᠡ᠃ | ᠬᠤᠶᠠᠷ᠂ ᠭᠤᠣᠯ ᠪᠣᠷᠣ ᠲᠥᠯᠥᠪ | ︽ᠵᠢᠯᠤᠭᠤᠳᠬᠤ ᠰᠠᠨᠠᠯ︾ ᠳᠤ ᠶᠡᠷᠦᠩᠬᠡᠢ ᠱᠠᠭᠠᠷᠳᠠᠯᠭ᠎ᠠ᠂ ᠭᠤᠣᠯ ᠡᠭᠦᠷᠭᠡ᠂ ᠦᠨᠳᠦᠰᠦᠨ ᠨᠥᠬᠦᠴᠡᠯ᠂ | ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠪᠠ ᠪᠡᠯᠡ ᠮᠥᠩᠭᠦ ᠶᠢᠨ ᠬᠡᠷᠡᠭᠯᠡᠯᠲᠡ ᠵᠡᠷᠭᠡ 5 ᠬᠡᠰᠡᠭ ᠠᠭᠤᠯᠭ᠎ᠠ | ᠪᠠᠭᠲᠠᠨ᠎ᠠ᠃ | ᠭᠤᠷᠪᠠ᠂ ᠭᠤᠣᠯ ᠠᠭᠤᠯᠭ᠎ᠠ | ᠨᠢᠭᠡᠳᠦᠭᠡᠷ ᠬᠡᠰᠡᠭ᠄ ᠶᠡᠷᠦᠩᠬᠡᠢ ᠱᠠᠭᠠᠷᠳᠠᠯᠭ᠎ᠠ᠃ ᠣᠳᠣᠬᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠬᠥᠭᠵᠢᠯᠲᠡ ᠶᠢᠨ ᠪᠠᠶᠢᠳᠠᠯ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠣᠲᠣ | ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢᠨ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠪᠦᠲᠦᠭᠡᠨ ᠪᠠᠶᠢᠭᠤᠯᠤᠯᠲᠠ ᠶᠢᠨ | ᠬᠠᠷᠠᠯᠲᠠ ᠶᠢ ᠲᠠᠬᠢᠨᠳᠠ ᠲᠣᠳᠤᠷᠬᠠᠶᠢᠯᠠᠨ ᠲᠠᠶᠢᠯᠪᠤᠷᠢᠯᠠᠪᠠ᠃ | ᠬᠤᠶᠠᠳᠤᠭᠠᠷ ᠬᠡᠰᠡᠭ᠄ ᠭᠤᠣᠯ ᠡᠭᠦᠷᠭᠡ᠃ ᠭᠤᠣᠯᠯᠠᠬᠤ ᠠᠵᠤ ᠦᠢᠯᠡᠰ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ᠂ ᠦᠢᠯᠡᠳᠪᠦᠷᠢᠯᠡᠯ ᠤᠨ ᠬᠦᠴᠦᠨ ᠵᠦᠢᠯ ᠤᠨ ᠴᠤᠭᠯᠠᠷᠠᠯ ᠢ ᠠᠬᠢᠭᠤᠯᠬᠤ᠂ ᠨᠢᠭᠡ ᠬᠤᠶᠠᠷ | ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠢ ᠠᠬᠢᠭᠤᠯᠬᠤ᠂ ᠡᠵᠡᠩᠨᠡᠯᠲᠡ ᠶᠢᠨ ᠭᠤᠣᠯ ᠴᠣᠭᠴᠠ ᠶᠢᠨ | ᠬᠦᠷᠢᠶᠡᠯᠡᠩ ᠳᠤ ᠣᠷᠣᠵᠤ ᠡᠵᠡᠩᠨᠡᠬᠦ ᠶᠢ ᠵᠣᠷᠢᠭᠵᠢᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠬᠤ | ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠵᠡᠷᠭᠡ 5 ᠲᠠᠯ᠎ᠠ ᠠᠴᠠ ᠣᠲᠣ ᠦᠶ᠎ᠡ ᠶᠢᠨ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢᠨ ᠲᠤᠬᠠᠢ | ᠲᠣᠳᠤᠷᠬᠠᠶᠢᠯᠠᠨ ᠲᠠᠶᠢᠯᠪᠤᠷᠢᠯᠠᠪᠠ᠃ | ᠭᠤᠷᠪᠠᠳᠤᠭᠠᠷ ᠬᠡᠰᠡᠭ᠄ ᠦᠨᠳᠦᠰᠦᠨ ᠨᠥᠬᠦᠴᠡᠯ᠃ ᠲᠣᠰ ᠪᠦᠷᠢ ᠲᠦᠯᠦᠪᠵᠢᠭᠦᠯᠭᠡ ᠪᠠᠶᠢᠷᠢᠯᠠᠭᠤᠯᠤᠯᠳᠠ᠂ | ᠭᠤᠣᠯᠯᠠᠬᠤ ᠠᠵᠤ ᠦᠢᠯᠡᠰ᠂ ᠦᠢᠯᠡᠳᠪᠦᠷᠢᠯᠡᠯ ᠤᠨ ᠬᠦᠴᠦᠨ ᠵᠦᠢᠯ᠂ ᠪᠣᠬᠢᠷᠲᠤᠯ ᠦᠭᠡᠢ ᠬᠥᠭᠵᠢᠯᠲᠡ᠂ ᠵᠢᠵᠢᠭ | ᠲᠠᠷᠢᠶᠠᠴᠢᠨ ᠡᠷᠦᠬᠡ ᠬᠢᠭᠡᠳ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠳᠡ ᠶᠢᠨ ᠭᠤᠤᠯ ᠴᠤᠬᠴᠠ ᠶᠢᠨ | ᠬᠤᠯᠪᠤᠭᠠᠯᠠᠯ ᠤᠨ ᠲᠠᠶᠢᠴᠢᠯᠠᠯᠳᠠ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠵᠣᠬᠢᠶᠠᠨ ᠪᠠᠶᠢᠭᠤᠯᠤᠯᠲᠠ ᠶᠢᠨ | ᠬᠠᠮᠢᠶᠠᠷᠤᠯᠲᠠ ᠵᠡᠷᠭᠡ 7 ᠲᠠᠯ᠎ᠠ ᠪᠠᠷ ᠪᠦᠲᠦᠭᠡᠨ ᠪᠠᠶᠢᠭᠤᠯᠬᠤ ᠪᠠᠷᠢᠮᠵᠢᠶ᠎ᠠ ᠶᠢ ᠲᠣᠳᠣᠷᠬᠠᠶᠢᠯᠠᠭᠰᠠᠨ ᠪᠥᠭᠡᠳ | ᠪᠣᠯᠪᠠᠰᠤᠷᠠᠭᠤᠯᠬᠤ ᠦᠢᠯᠡᠰ ᠢᠶᠠᠷ ᠭᠤᠣᠯ ᠪᠣᠯᠭᠠᠭᠰᠠᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢᠨ ᠦᠨᠳᠦᠰᠦᠨ ᠨᠥᠬᠦᠴᠡᠯ ᠢ ᠰᠢᠨ᠎ᠡ ᠪᠠᠷ ᠨᠡᠮᠡᠪᠡ᠃ | ᠳᠥᠷᠪᠡᠳᠦᠭᠡᠷ ᠬᠡᠰᠡᠭ᠄ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ᠃ ᠣᠳᠣᠬᠠᠨ ᠤ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠰᠢᠨᠵᠢᠯᠡᠬᠦ ᠤᠬᠠᠭᠠᠨᠴᠢ ᠪᠠᠷ ᠲᠥᠰᠥᠯ ᠲᠣᠭᠲᠠᠭᠠᠬᠤ᠂ | ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠬᠦ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ᠂ | ᠠᠵᠢᠯ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠬᠤ ᠵᠡᠷᠭᠡ 5 ᠲᠠᠯ᠎ᠠ ᠪᠠᠷ ᠪᠣᠳᠠᠲᠠᠢ ᠱᠠᠭᠠᠷᠳᠠᠯᠭ᠎ᠠ | ᠳᠤᠷᠠᠳᠤᠭᠰᠠᠨ ᠪᠥᠭᠡᠳ ᠪᠠᠰᠠ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ | ᠴᠢᠳᠠᠪᠬᠢ ᠪᠠ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃ | ᠲᠠᠪᠤᠳᠤᠭᠠᠷ ᠬᠡᠰᠡᠭ᠄ ᠪᠡᠯᠡ ᠮᠥᠩᠭᠦ ᠶᠢᠨ ᠬᠡᠷᠡᠭᠯᠡᠯᠲᠡ᠃ ᠣᠶᠢᠷ᠎ᠠ ᠶᠢᠨ ᠵᠢᠯ ᠤᠨ ᠲᠤᠷᠰᠢᠬᠢ ᠠᠵᠤ | ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠪᠣᠳᠠᠲᠤ ᠬᠡᠷᠡᠭᠴᠡᠭᠡ ᠲᠠᠢ ᠤᠶᠠᠯᠳᠤᠭᠤᠯᠤᠨ᠂ | ᠬᠠᠮᠢᠶᠠᠷᠤᠯᠲᠠ ᠶᠢᠨ ᠵᠢᠷᠤᠮᠵᠢᠭᠤᠯᠤᠯᠳᠠ᠂ ᠳᠡᠮᠵᠢᠬᠦ ᠠᠷᠭ᠎ᠠ ᠮᠠᠶ᠋ᠢᠭ᠂ ᠬᠡᠷᠡᠭᠯᠡᠬᠦ ᠬᠡᠪᠴᠢᠶ᠎ᠡ ᠵᠡᠷᠭᠡ 3 ᠲᠠᠯ᠎ᠠ ᠠᠴᠠ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠱᠠᠩᠨᠠᠯ ᠨᠦᠬᠦᠪᠦᠷᠢ ᠶᠢᠨ ᠪᠡᠯᠡ ᠮᠥᠩᠭᠦ ᠶᠢ ᠬᠡᠷᠡᠭᠯᠡᠬᠦ | ᠬᠡᠪᠴᠢᠶ᠎ᠡ ᠪᠣᠯᠣᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃ | |