5 ᠳ᠋ᠤᠭᠠᠷ ᠰᠠᠷ᠎ᠠ ᠶᠢᠨ 23 ᠤ ᠡᠳᠦᠷ᠂ ᠨᠢᠭᠡ ᠣᠯᠠᠨ ᠬᠥᠳᠡᠯᠭᠡᠭᠦᠷᠲᠦ ᠴᠤᠪᠤᠭ᠎ᠠ ᠲᠡᠷᠭᠡ ᠣᠷᠳᠣᠰ ᠠᠴᠠ ᠰᠢ | ᠠᠨ ᠵᠦᠭ ᠠᠶᠠᠯᠠᠵᠤ᠂ ᠤᠮᠠᠷᠠᠲᠤ ᠬᠢᠯᠢ ᠶᠢᠨ ᠰᠣᠶᠣᠯ ᠤᠨ ︽ᠦᠵᠡᠰᠬᠦᠯᠡᠩᠲᠦ ᠰᠠᠶᠢᠬᠠᠨ ᠬᠢᠶ᠎ᠠ ᠪᠠᠭᠰᠢ ᠶᠢᠨ | ᠣᠷᠣᠨ ᠳᠠᠬᠢ ᠰᠢᠯᠦᠭ ᠪᠠ ᠠᠯᠤᠰ ᠭᠠᠵᠠᠷ ᠤᠨ ᠠᠭᠤᠯᠵᠠᠯᠲᠠ︾ ᠭᠡᠬᠦ ᠭᠤᠤᠯ ᠰᠡᠳᠦᠪᠲᠦ ᠤᠬᠠᠭᠤᠯᠤᠨ | ᠲᠠᠨᠢᠯᠴᠠᠭᠤᠯᠬᠤ ᠠᠵᠢᠯᠯᠠᠭ᠎ᠠ ᠭᠠᠯᠲᠤ ᠲᠡᠷᠭᠡᠨ ᠳᠡᠭᠡᠷ᠎ᠡ ᠭᠤᠶᠢᠳᠠ ᠰᠠᠶᠢᠬᠠᠨ ᠶᠠᠪᠤᠭᠳᠠᠵᠤ᠂ ᠠᠶᠠᠨᠴᠢᠳ ᠲᠤ | ᠰᠣᠶᠣᠯ ᠤᠨ ᠨᠡᠭᠦᠳᠡᠯ ᠤᠨᠦᠪᠡᠳᠡᠭᠰᠢ ᠨᠠᠶᠢᠷ ᠢ ᠠᠪᠴᠢᠷᠠᠵᠠᠶ᠃ | | | ᠭᠠᠯᠲᠤ ᠲᠡᠷᠭᠡ ᠲᠣᠭᠲᠠᠭᠤᠨ ᠢᠶᠠᠷ ᠤᠷᠤᠭᠰᠢᠯᠠᠵᠤ᠂ ᠭᠠᠯᠲᠤ ᠲᠡᠷᠭᠡᠨ ᠤ ᠸᠠᠭᠤᠨ ᠳᠤ ᠪᠠᠶᠠᠷ ᠬᠦᠷ ᠲᠠᠢ | ᠬᠥᠭᠵᠢᠮ ᠤᠨ ᠠᠶᠠᠰ ᠬᠠᠩᠭᠢᠨᠠᠵᠤ᠂ ᠭᠤᠶᠤ ᠰᠠᠶᠢᠬᠠᠨ ᠦᠨᠳᠦᠰᠦᠲᠡᠨ ᠤ ᠬᠤᠪᠴᠠᠰᠤ ᠵᠠᠰᠠᠯ ᠢᠶᠠᠷ ᠢᠶᠠᠨ ᠴᠢᠮᠡᠭᠰᠡᠨ | ᠬᠢᠶ᠎ᠠ ᠪᠠᠭᠰᠢ ᠲᠣᠭᠤᠷᠢᠭ ᠤᠨ ᠤᠯᠠᠭᠠᠨᠮᠥ᠋ᠴᠢᠷ ᠤᠨ ᠭᠡᠰᠢᠭᠦᠳ ᠭᠠᠯᠲᠤ ᠲᠡᠷᠭᠡᠨ ᠤ ᠸᠠᠭᠤᠨ ᠳᠤ ᠨᠠᠬᠢᠯᠵᠠᠨ | ᠪᠦᠵᠢᠭᠯᠡᠵᠦ ᠬᠠᠷᠠᠭᠳᠠᠨ᠎ᠠ᠂ ᠲᠡᠳᠡᠨ ᠤ ᠠᠮᠢᠳᠤᠯᠢᠭ ᠰᠠᠶᠢᠬᠠᠨ ᠪᠥᠵᠢᠭ ᠨᠢ ᠬᠢᠶ᠎ᠠ ᠪᠠᠭᠰᠢ ᠶᠢᠨ ᠲᠣᠭᠤᠷᠢᠭ ᠤᠨ | ᠰᠦᠷᠯᠢᠭ ᠰᠠᠶᠢᠬᠠᠨ ᠦᠵᠡᠮᠵᠢ ᠪᠣᠯᠤᠨ ᠭᠦᠨ ᠵᠤᠵᠠᠭᠠᠨ ᠰᠣᠶᠣᠯ ᠢ ᠠᠶᠠᠨᠴᠢᠳ ᠤᠨ ᠡᠮᠦᠨ᠎ᠡ ᠠᠪᠴᠢᠷᠠᠪᠠ᠃ | | ᠣᠯᠠᠨ ᠢᠶᠠᠷ ᠢᠶᠠᠨ ᠭᠠᠷ ᠤᠲᠠᠰᠤ ᠪᠠᠨ ᠭᠠᠷᠭᠠᠨ᠂ ᠡᠨᠡᠬᠦ ᠭᠠᠶᠢᠬᠠᠮᠰᠢᠭᠲᠤ ᠰᠠᠶᠢᠬᠠᠨ ᠬᠤᠷᠣᠮ ᠢ ᠲᠡᠮᠳᠡᠭᠯᠡᠵᠦ᠂ | ᠨᠡᠩ ᠴᠤ ᠴᠥᠭᠡᠨ ᠪᠤᠰᠤ ᠬᠥᠮᠥᠰ ᠥᠪᠡᠷ ᠤᠨ ᠡᠷᠬᠡ ᠦᠭᠡᠶ ᠠᠶᠢᠵᠢᠮ ᠴᠣᠬᠢᠯᠭ᠎ᠠ ᠶᠢ ᠲᠠᠭᠠᠨ ᠠᠶᠠᠷᠬᠠᠨ ᠰᠠᠵᠢᠯᠠᠵᠤ | ᠂ ᠡᠨᠡᠬᠦ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠳᠤ ᠰᠣᠭᠲᠣᠭᠤᠷᠠᠵᠤ ᠪᠠᠶᠢᠯ᠎ᠠ᠃ |